ᠦᠰᠦᠭ ᠪᠢᠴᠢᠭ ᠤᠨ ᠲᠠᠶᠢᠯᠤᠮᠵᠢ᠄ ︽ᠬᠤᠲᠠ ᠪᠠᠯᠭᠠᠰᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠷᠭᠤᠭᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/9
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠬᠤᠲᠠ ᠪᠠᠯᠭᠠᠰᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠢᠷᠭᠤᠭᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠥᠪᠥᠷ ᠪᠠᠶᠢᠭᠤᠯᠤᠯᠲᠠ ᠰᠢᠮᠳᠠᠬᠤᠯᠬᠤ ﹇2020﹈ 78 ᠳ᠋ᠤᠭᠠᠷ ᠲᠣᠭᠠᠲᠤ︶ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠣᠯᠠᠨ ᠨᠡᠶᠢᠲᠡ ᠳᠤ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠪᠦᠬᠦ ᠲᠠᠯ᠎ᠠ ᠪᠠᠷ᠂ ᠪᠤᠰᠤᠳᠴᠢ ᠪᠠ ᠭᠦᠨᠵᠡᠭᠡᠶ ᠣᠶᠢᠯᠠᠭᠠᠭᠤᠯᠬᠤ ᠳᠤ ᠳᠥᠭᠦᠮ ᠤᠨ ᠲᠤᠰᠠᠳᠠ᠂ ᠡᠳᠦᠭᠡ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠬᠤᠯᠪᠣᠭᠳᠠᠯ ᠪᠦᠬᠦᠢ ᠪᠠᠶᠢᠳᠠᠯ ᠢ ᠳᠣᠤᠷᠠᠬᠢ ᠮᠡᠲᠦ ᠲᠠᠶᠢᠯᠪᠣᠷᠢᠯᠠᠪᠠ᠄ᠨᠢᠭᠡ᠂ ᠰᠢᠢᠳᠪᠦᠷᠢᠲᠦ ᠪᠣᠳᠣᠯᠭ᠎ᠠ ᠲᠤᠭᠳᠠᠭᠠᠭᠰᠠᠨ ᠠᠬᠤᠢ ᠪᠠᠶᠢᠳᠠᠯᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠭᠵᠢᠭᠦᠯᠬᠦ ᠪᠣᠯ ᠮᠠᠨ ᠤ ᠤᠯᠤᠰ ᠤᠨ ᠮᠠᠰᠢᠨ ᠲᠡᠷᠭᠡᠨ ᠤ ᠲᠣᠮᠣ ᠤᠯᠤᠰ ᠠᠴᠠ ᠮᠠᠰᠢᠨ ᠲᠡᠷᠭᠡᠨ ᠤ ᠬᠦᠴᠦᠷᠬᠡᠭ ᠤᠯᠤᠰ ᠵᠦᠭ ᠤᠷᠤᠭᠰᠢᠯᠠᠬᠤ ᠶᠢᠨ ᠵᠠᠶᠢᠯᠠᠰᠢ ᠦᠭᠡᠢ ᠵᠠᠮ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠵᠤ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠃ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠪᠣᠯ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠬᠡᠷᠡᠭᠯᠡᠭᠴᠢ ᠶᠢᠨ ᠪᠣᠬᠢᠷᠲᠤᠯ ᠥᠬᠡᠶ ᠶᠠᠪᠤᠵᠤ ᠰᠠᠭᠤᠬᠤ ᠶᠢᠨ ᠴᠢᠬᠤᠯᠠ ᠪᠠᠲᠤᠯᠠᠭ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ ᠬᠤᠤᠰ ᠨᠡᠭᠦᠷᠡᠰᠦᠲᠥ᠋ᠷᠥᠭᠴᠢ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠴᠢᠬᠤᠯᠠ ᠲᠤᠯᠭᠠᠭᠤᠷᠢᠯᠠᠯ ᠮᠥᠨ᠃ ᠣᠶᠢᠷ᠎ᠠ ᠶᠢᠨ ᠬᠡᠳᠦᠨ ᠵᠢᠯ ᠳᠤ᠂ ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠠᠯᠬᠤᠮ ᠠᠯᠬᠤᠮ ᠢᠶᠠᠷ ᠬᠥᠭᠵᠢᠨ ᠮᠠᠨᠳᠤᠭᠰᠠᠨ ᠪᠥᠭᠡᠳ ᠨᠢᠭᠡᠨᠲᠡ ᠬᠥᠭᠵᠢᠯᠲᠡ ᠶᠢᠨ ᠲᠦᠷᠭᠡᠨ ᠵᠠᠮ ᠳᠤ ᠣᠷᠣᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠢᠳᠡᠪᠬᠢ ᠠᠬᠢᠴᠠ ᠲᠠᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠲᠣᠭᠲᠠᠭᠠᠪᠠ᠃ᠬᠤᠶᠠᠷ᠂ ᠬᠠᠷᠠᠯᠲᠠ ᠶᠢᠨ ᠡᠭᠦᠷᠭᠡ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠳᠤ ᠳᠤᠷᠠᠳᠤᠭᠰᠠᠨ ᠨᠢ᠂ 2025 ᠣᠨ ᠪᠤᠯᠳᠠᠯ᠎ᠠ᠂ ᠪᠥᠬᠦ ᠣᠷᠣᠨ ᠤ ᠪᠠᠷᠢᠮᠵᠢᠶᠠᠲᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠵᠦ ᠰᠣᠯᠢᠬᠤ ᠪᠠᠭᠠᠨ᠎ᠠ ᠪᠠ ᠪᠠᠷᠢᠮᠵᠢᠶᠠᠲᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ 1᠄ 3 ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠶᠢ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠲᠦᠷᠭᠡᠳᠬᠡᠨ ᠬᠥᠭᠵᠢᠭᠦᠯᠬᠦ ᠭᠠᠵᠠᠷ ᠣᠷᠣᠨ ᠪᠣᠯᠭᠠᠵᠤ᠂ 2023 ᠣᠨ ᠳᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ 20000 ᠪᠥᠲᠥᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ ᠡᠭᠦᠨ ᠳᠤ ᠬᠥᠬᠡᠬᠤᠲᠠ 8000 ᠪᠠᠶᠢᠵᠤ᠂ ᠪᠤᠭᠤᠲᠤ ᠬᠤᠲᠠ᠂ ᠣᠷᠳᠣᠰ ᠬᠤᠲᠠ ᠲᠣᠰ ᠪᠦᠷᠢ 5000 ᠪᠠᠶᠢᠵᠤ᠂ ᠤᠯᠠᠭᠠᠨᠬᠠᠳᠠ ᠬᠤᠲᠠ 2000 ᠪᠣᠶ᠃ ᠪᠤᠰᠤᠳ ᠬᠤᠲᠠ ᠨᠢ ︽ᠵᠣᠬᠢᠰᠲᠠᠶ ᠪᠠᠷ ᠣᠷᠢᠳᠴᠢᠯᠠᠭᠤᠯᠬᠤ᠂ ᠪᠠᠶᠢᠷᠢᠰᠢᠭᠤᠯᠤᠯ ᠢ ᠲᠡᠩᠴᠡᠭᠦᠷᠢᠲᠡᠶ ᠪᠠᠶᠢᠯᠭᠠᠬᠤ᠂ ᠣᠶᠤᠨᠴᠢ ᠪᠥᠭᠡᠳ ᠥᠨᠳᠥᠷ ᠦᠷ᠎ᠡ ᠪᠦᠲᠦᠮᠵᠢᠲᠡᠶ ᠪᠠᠶᠢᠯᠭᠠᠬᠤ︾ ᠵᠠᠷᠴᠢᠮ ᠢᠶᠠᠷ ᠡᠮᠬᠢ ᠵᠢᠷᠤᠮ ᠲᠠᠢ    ᠠᠬᠢᠭᠤᠯᠤᠨ᠎ᠠ᠃ᠭᠤᠷᠪᠠ᠂ ᠲᠣᠭᠲᠠᠭᠠᠭᠰᠠᠨ ᠦᠨᠳᠦᠰᠦᠯᠡᠯ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠲᠣᠭᠲᠠᠭᠠᠬᠤ ᠳᠤ ᠭᠤᠤᠯᠳᠠᠭᠤ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2021 - 2035 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠤᠯᠤᠰ ᠠᠯᠪᠠᠨ ᠲᠠᠷᠬᠠᠭᠠᠭᠰᠠᠨ ﹇2020﹈ 39 ᠳ᠋ᠦ᠋ᠭᠡᠷ ᠲᠣᠭᠠᠲᠤ︶᠂ ︽ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠡᠷᠡᠭᠵᠢᠭᠦᠯᠬᠦ ᠰᠠᠨᠠᠯ︾ ︵ᠬᠥᠭᠵᠢᠭᠦᠯᠦᠯᠲᠡ ᠥᠭᠡᠷᠡᠴᠢᠯᠡᠯᠲᠡ ᠡᠨᠧᠷᠭᠢ ᠳᠦᠷᠢᠮ ﹇2022﹈ 53 ᠳ᠋ᠤᠭᠠᠷ ᠲᠣᠭᠠᠲᠤ︶᠂ ︽ᠴᠠᠬᠢᠯᠭᠠᠨ ᠬᠦᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ﹇2014﹈ 1668 ᠳ᠋ᠤᠭᠠᠷ ᠲᠣᠭᠠᠲᠤ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ︵2021-2025 ᠣᠨ︶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠡᠨᠧᠷᠭᠢ ᠴᠠᠬᠢᠯᠭᠠᠨ ᠬᠦᠴᠦᠨ ᠥᠰᠥᠭ ﹇2021﹈293 ᠳ᠋ᠤᠭᠠᠷ ᠲᠣᠭᠠᠲᠤ︶᠂ ︽ᠴᠠᠬᠢᠯᠭᠠᠨ ᠰᠦᠯᠵᠢᠶᠡᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠤᠯᠠᠮ ᠨᠢᠭᠡ ᠠᠯᠬᠤᠮ ᠳᠥᠭᠦᠮᠴᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠦᠰᠦᠭ ﹇2022﹈55 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠲᠣᠭᠲᠠᠭᠤᠨ  ᠳᠤᠮᠳᠠ ᠲᠦᠷᠭᠡᠨ ᠠᠬᠢᠭᠤᠯᠬᠤ ᠲᠣᠭᠲᠠᠭᠤᠨ ᠤ ᠲᠤᠮᠳᠠ ᠰᠢᠯᠢᠳᠡᠭᠵᠢᠭᠦᠯᠬᠦ ᠶᠢ    ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈3 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ ᠲᠣᠪᠴᠢ ᠲᠡᠮᠳᠡᠭᠯᠡᠯ︾ ︵ᠥᠪᠥᠷ ᠵᠠᠰᠠᠭ ᠲᠠᠷᠬᠠᠭᠠᠭᠰᠠᠨ ﹇2020﹈ 8 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡ᠃ ᠳᠥᠷᠪᠡ᠂ ᠭᠤᠤᠯ ᠠᠭᠤᠯᠭ᠎ᠠ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠳᠤ ᠨᠡᠶᠢᠲᠡ ᠵᠢᠷᠭᠤᠭᠠᠨ ᠠᠭᠤᠯᠭ᠎ᠠ ᠪᠤᠢ᠄︵ᠨᠢᠭᠡ︶ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠤᠨ ᠲᠥᠷᠥᠯ ᠬᠤᠪᠢᠶᠠᠨ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠭᠠᠵᠠᠷ ᠣᠷᠣᠨ ᠤ ᠠᠵᠤ ᠠᠬᠤᠶ᠂ ᠬᠥᠮᠦᠨ ᠠᠮᠠ ᠶᠢᠨ ᠨᠢᠭᠲᠠᠴᠠ ᠪᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠬᠠᠨᠳᠤᠰᠢ ᠲᠠᠢ ᠤᠶᠠᠯᠳᠤᠭᠤᠯᠤᠨ᠂ 14 ᠠᠶᠢᠮᠠᠭ ᠬᠤᠲᠠ ︵ᠡᠷᠢᠶᠡᠨ ᠬᠤᠲᠠ᠂ ᠮᠠᠨᠵᠤᠤᠷ ᠬᠤᠲᠠ ᠶᠢ ᠪᠠᠭᠲᠠᠭᠠᠨ᠎ᠠ︶ ᠶᠢᠨ ᠬᠥᠭᠵᠢᠯᠲᠡ ᠶᠢ ᠲᠦᠷᠭᠡᠳᠬᠡᠬᠦ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠭᠤᠷᠪᠠᠨ ᠭᠠᠵᠠᠷ ᠣᠷᠣᠨ ᠤ ᠲᠥᠷᠥᠯ ᠢᠯᠭᠠᠯ ᠢ ᠢᠳᠡᠪᠬᠢᠲᠡᠶ ᠠᠬᠢᠭᠤᠯᠬᠤ ᠶᠢᠨ ᠬᠠᠮᠲᠤ ᠶᠡᠭᠡ ᠲᠥᠯᠥᠪ ᠤᠷᠤᠭᠰᠢᠯᠠᠬᠤ ᠠᠬᠢᠴᠠ ᠶᠢ ᠲᠣᠳᠣᠷᠬᠠᠶᠢᠯᠠᠪᠠ᠃︵ᠬᠤᠶᠠᠷ︶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠵᠦ᠂ ᠮᠡᠳᠡᠭᠦᠯᠦᠨ ᠪᠠᠶᠢᠭᠤᠯᠬᠤ ᠭᠠᠷᠳᠠᠮ ᠢ ᠳᠥᠭᠦᠮᠴᠢᠯᠡᠨ᠎ᠡ᠃ ᠡᠯ᠎ᠡ ᠭᠠᠵᠠᠷ ᠤᠨ ᠬᠢᠨᠢ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠲᠣᠰ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠨᠢᠭᠡᠳᠦᠯᠲᠡᠶ ᠲᠥᠯᠥᠪᠵᠢᠭᠦᠯᠦᠨ ᠪᠥᠲᠥᠭᠡᠨ ᠪᠠᠶᠢᠭᠤᠯᠤᠯᠲᠠ ᠳᠤ ᠣᠷᠣᠭᠤᠯᠬᠤ ᠶᠢ ᠣᠨᠴᠠᠭᠠᠶᠢᠯᠠᠨ    ᠴᠢᠬᠤᠯᠠᠴᠢᠯᠠᠨ᠎ᠠ᠃ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠪᠠ ᠬᠤᠪᠢ ᠬᠥᠮᠦᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ ᠪᠦᠳᠦᠭᠡᠨ ᠪᠠᠶᠢᠭᠤᠯᠬᠤ ᠳᠤ ᠬᠢᠨᠠᠨ    ᠵᠦᠪᠰᠢᠶᠡᠷᠡᠭᠦᠯᠬᠦ ᠴᠢᠬᠤᠯᠠ ᠦᠭᠡᠢ ᠭᠡᠳᠡᠭ ᠢ ᠲᠣᠳᠣᠷᠬᠠᠶᠢᠯᠠᠪᠠ᠃︵ᠭᠤᠷᠪᠠ︶ ᠳᠥᠭᠦᠮ ᠳᠥᠲᠡ ᠢᠵᠢ ᠪᠦᠷᠢᠳᠦᠭᠦᠯᠦᠭᠰᠡᠨ ᠴᠠᠬᠢᠯᠭᠠᠨ     ᠬᠤᠯᠪᠤᠭᠠᠨ ᠤ ᠪᠦᠲᠦᠭᠡᠨ ᠪᠠᠶᠢᠭᠤᠯᠤᠯᠲᠠ ︵ᠥᠭᠡᠷᠡᠴᠢᠯᠡᠯᠲᠡ︶ ᠶᠢᠨ ᠦᠢᠯᠡᠴᠢᠯᠡᠭᠡ ᠬᠠᠩᠭᠠᠨ᠎ᠠ᠃ ᠢᠵᠢ ᠪᠦᠷᠢᠳᠦᠭᠦᠯᠬᠦ ᠴᠠᠬᠢᠯᠭᠠᠨ ᠬᠤᠯᠪᠤᠭᠠᠨ ᠤ ᠪᠦᠲᠦᠭᠡᠨ ᠪᠠᠶᠢᠭᠤᠯᠤᠯᠲᠠ ︵ᠦᠭᠡᠷᠡᠴᠢᠯᠡᠯᠳᠡ︶ ᠶᠢ ᠲᠦᠷᠭᠡᠳᠬᠡᠬᠦ ᠠᠬᠢᠴᠠ ᠶᠢᠨ ᠲᠥᠯᠥᠭᠡ᠂ ︽ᠵᠠᠮ ᠢ ᠡᠪᠳᠡᠬᠦ︾᠂ ︽ᠨᠣᠭᠤᠭᠠᠷᠠᠭᠤᠯᠤᠯᠲᠠ ᠶᠢ ᠡᠪᠳᠡᠬᠦ︾ ᠳᠤ ᠬᠤᠯᠪᠣᠭᠳᠠᠭᠰᠠᠨ ᠵᠦᠢᠯᠡᠰ ᠢ ᠬᠢᠨᠠᠨ ᠵᠥᠪᠰᠢᠶᠡᠷᠡᠬᠦ᠂ ᠬᠠᠮᠢᠶ᠎ᠠ ᠪᠦᠬᠦᠢ ᠭᠠᠷᠳᠠᠮ ᠢ ᠭᠦᠢᠴᠡᠳᠭᠡᠬᠦ ᠳᠤ ᠳᠠᠪᠬᠤᠷᠳᠠᠭᠤᠯᠬᠤ ᠦᠭᠡᠢ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠠᠴᠠ ᠳᠡᠮᠵᠢᠨ ᠬᠠᠪᠰᠤᠷᠤᠯᠴᠠᠬᠤ ᠵᠡᠷᠭᠡ ᠭᠤᠷᠪᠠᠨ ᠲᠠᠯ᠎ᠠ ᠶᠢᠨ ᠭᠤᠣᠯᠳᠠᠯᠭᠠᠲᠤ ᠪᠤᠳᠠᠳᠠᠢ ᠠᠷᠭ᠎ᠠ ᠬᠡᠮᠵᠢᠶ᠎ᠡ ᠶᠢ ᠳᠤᠷᠠᠳᠪᠠ᠃︵ᠲᠦᠷᠪᠡ︶ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠴᠠᠬᠢᠯᠭᠠᠨ ᠴᠡᠨᠡᠭᠯᠡᠬᠦ ᠲᠥᠬᠦᠭᠡᠷᠦᠮᠵᠢ ᠳᠤ ᠬᠡᠷᠡᠭᠯᠡᠬᠦ ᠴᠠᠬᠢᠯᠭᠠᠨ ᠤ  ᠬᠡᠷᠡᠭᠯᠡᠯᠲᠡ ᠶᠢᠨ ᠣᠷᠭᠢᠯ ᠤᠨ ᠦᠶ᠎ᠡ ᠳᠠᠬᠢ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ︔ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢᠨ ᠰᠠᠨᠠᠯ ᠢ ᠳᠤᠷᠠᠳᠪᠠ᠃︵ᠲᠠᠪᠤ︶ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠬᠡᠪ ᠵᠠᠭᠪᠤᠷ ᠢ ᠡᠭᠦᠳᠬᠦ ᠶᠢ  ᠰᠦᠪᠡᠭᠴᠢᠯᠡᠨ᠎ᠡ᠃ ᠨᠢᠭᠡ ᠨᠢ ᠡᠯ᠎ᠡ ᠭᠠᠵᠠᠷ ᠤᠨ ᠬᠢᠨᠢ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠭᠤᠤᠯ ᠴᠤᠭᠴᠠᠲᠤ ᠨᠢᠭᠡᠴᠢ ᠪᠠᠨ ᠬᠠᠤᠯᠢ ᠳᠤ ᠨᠡᠶᠢᠴᠡᠬᠦ ᠳᠠᠷᠠᠭᠠᠯᠠᠯ ᠢᠶᠠᠷ ᠰᠣᠩᠭᠤᠬᠤ ᠶᠢ ᠲᠣᠳᠣᠷᠬᠠᠶᠢᠯᠠᠪᠠ᠃ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠲᠠ ᠪᠠᠯᠭᠠᠰᠤ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠡᠯᠡ ᠣᠷᠤᠭᠤᠯᠵᠤ ᠺᠤᠮᠫᠠᠨᠢ ᠪᠠᠶᠢᠭᠤᠯᠬᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠢᠳᠡᠪᠬᠢᠲᠡᠶ ᠤᠷᠤᠯᠴᠠᠬᠤ ᠶᠢ ᠵᠣᠷᠢᠭᠵᠢᠭᠤᠯᠤᠨ᠎ᠠ᠃ ᠬᠤᠶᠠᠷ ᠨᠢ ᠬᠤᠲᠠ ᠶᠢᠨ ᠴᠠᠬᠢᠯᠭᠠᠨ ᠴᠡᠨᠡᠭᠯᠡᠬᠦ ᠥᠷᠲᠡᠭᠡ ᠶᠢ ᠲᠥᠷᠥᠯ ᠬᠤᠪᠢᠶᠠᠵᠤ᠂ ᠪᠥᠲᠥᠭᠡᠨ ᠪᠠᠶᠢᠭᠤᠯᠬᠤ ᠪᠠᠷᠢᠮᠵᠢᠶ᠎ᠠ ᠶᠢ ᠲᠣᠳᠣᠷᠬᠠᠶᠢᠯᠠᠨ᠂ ᠨᠢᠭᠡᠳᠦᠯᠲᠡᠶ ᠬᠡᠪ ᠵᠠᠭᠪᠤᠷ ᠢ ᠲᠣᠭᠲᠠᠭᠠᠪᠠ᠃ ᠭᠤᠷᠪᠠ ᠨᠢ ᠨᠢᠭᠡᠳᠦᠯᠲᠡᠶ ᠪᠠᠶᠢᠭᠤᠯᠵᠤ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠬᠦ ᠪᠣᠳᠠᠲᠠᠶ ᠵᠠᠭᠪᠤᠷ ᠢ ᠲᠣᠳᠣᠷᠬᠠᠶ ᠲᠣᠭᠲᠠᠭᠠᠪᠠ᠃ ᠳᠥᠷᠪᠡ  ᠨᠢ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢ ᠬᠢᠨᠠᠨ ᠬᠠᠮᠢᠶᠠᠷᠬᠤ ᠣᠶᠤᠨᠴᠢᠯᠠᠭᠰᠠᠨ ᠦᠢᠯᠡᠴᠢᠯᠡᠭᠡᠨ ᠤ ᠲᠠᠪᠴᠠᠩ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠲᠠᠪᠤ ᠨᠢ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠰᠢᠯᠭᠠᠨ ᠠᠪᠬᠤ ᠠᠵᠢᠯ ᠤᠨ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃︵ᠵᠢᠷᠭᠤᠭ᠎ᠠ︶ ᠬᠠᠮᠢᠶ᠎ᠠ ᠪᠦᠬᠦᠢ ᠪᠠᠳᠤᠯᠠᠭ᠎ᠠ ᠶᠢᠨ ᠠᠷᠭ᠎ᠠ ᠪᠠᠷᠢᠯ ᠢ ᠪᠠᠶᠢᠭᠤᠯᠵᠤ ᠲᠡᠭᠦᠯᠳᠡᠷᠵᠢᠬᠦᠯᠦᠨ᠎ᠡ᠃ ᠴᠠᠬᠢᠯᠭᠠᠨ ᠴᠡᠨᠡᠭᠯᠡᠬᠦ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠣᠷᠣᠨ ᠰᠠᠭᠤᠴᠠ ᠶᠢᠨ ᠨᠡᠶᠢᠭᠡᠮ ᠲᠣᠭᠤᠷᠢᠭ ᠲᠤ ᠤᠭᠰᠠᠷᠠᠬᠤ ᠨᠥᠬᠦᠴᠡᠯ ᠢ ᠤᠷᠢᠳᠴᠢᠯᠠᠨ ᠦᠯᠡᠳᠡᠭᠡᠬᠦ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠤᠭᠴᠤᠭ᠎ᠠ ᠵᠢᠴᠢ ᠣᠷᠣᠨ ᠰᠠᠭᠤᠴᠠ ᠶᠢᠨ ᠨᠡᠶᠢᠭᠡᠮ ᠤᠨ ᠠᠳᠠᠯ ᠠᠬᠤᠶ ᠶᠢᠨ ᠬᠠᠮᠵᠢᠯᠴᠠᠭ᠎ᠠ ᠵᠡᠷᠭᠡ ᠭᠤᠷᠪᠠᠨ ᠲᠠᠯ᠎ᠠ ᠶᠢᠨ ᠬᠠᠮᠢᠶ᠎ᠠ ᠪᠦᠬᠦᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ᠲᠠᠶᠢᠯᠤᠮᠵᠢ ᠬᠢᠭᠰᠡᠨ ᠬᠦᠮᠦᠨ᠄ ᠴᠢᠶᠠᠨ ᠰᠢᠶᠤᠤ ᠮᠢᠩ  ᠬᠠᠷᠢᠯᠴᠠᠬᠤ ᠬᠡᠯᠪᠡᠷᠢ᠄ 0471 - 6322873ᠢᠷᠡᠯᠳᠡ᠄ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠᠨ ᠬᠤᠳᠠ ᠬᠦᠳᠡᠭᠡ ᠶᠢᠨ ᠪᠦᠳᠦᠭᠡᠨ   ᠪᠠᠶᠢᠭᠤᠯᠤᠯᠳᠠ ᠶᠢᠨ ᠲᠤᠪᠴᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1