7 ᠳ᠋ᠤᠭᠠᠷ ᠰᠠᠷ᠎ᠠ ᠶᠢᠨ 6 ᠤ ᠡᠳᠦᠷ᠂ ᠪᠥᠬᠦ ᠰᠢᠶᠠᠨ ᠤ ᠬᠤᠲᠠ ᠶᠢᠨ ᠦᠨᠳᠦᠰᠦᠨ ᠱᠠᠲᠤᠨ ᠤ | ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠭᠤᠣᠯᠳᠠᠯᠭ᠎ᠠ ᠲᠠᠢ ᠠᠵᠢᠯ ᠢ ᠲᠦᠯᠬᠢᠨ | ᠠᠬᠢᠭᠤᠯᠬᠤ ᠬᠤᠷᠠᠯ ᠵᠢᠴᠢ ︽ᠶᠡᠭᠡ ᠠᠵᠢᠯ ᠤᠨ ᠬᠤᠷᠢᠶ᠎ᠠ︾ ᠶᠢᠨ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ | ᠬᠤᠷᠠᠯ ᠬᠤᠷᠠᠯᠳᠤᠵᠤ᠂ ᠮᠠᠨ ᠤ ᠰᠢᠶᠠᠨ ᠤ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠭᠤᠣᠯᠳᠠᠯᠭ᠎ᠠ ᠲᠠᠢ | ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠳᠡᠭᠡᠷ᠎ᠡ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠵᠤᠭᠠᠴᠠᠯ ᠤᠨ ᠲᠣᠪᠴᠢᠶ᠎ᠠ | ᠪᠡᠶ᠎ᠡ ᠶᠢᠨ ᠲᠠᠮᠢᠷ ᠤᠨ ᠲᠣᠪᠴᠢᠶ᠎ᠠ ᠨᠢ ︽ᠶᠡᠭᠡ ᠠᠵᠢᠯ ᠤᠨ ᠬᠤᠷᠢᠶ᠎ᠠ︾ ᠶᠢᠨ ᠪᠦᠷᠢᠯᠳᠦᠭᠦᠨ ᠨᠢᠭᠡᠴᠡ ᠶᠢᠨ | ᠲᠥᠯᠥᠭᠡᠯᠡᠭᠴᠢ ᠶᠢᠨ ᠬᠤᠪᠢ ᠪᠠᠷ ᠱᠤᠸᠠᠩ ᠾᠧ ᠪᠠᠯᠭᠠᠰᠤ ᠶᠢᠨ ︽ᠶᠡᠭᠡ ᠠᠵᠢᠯ ᠤᠨ ᠬᠤᠷᠢᠶ᠎ᠠ︾ ᠲᠠᠢ ︽ | ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ︾ ᠢ ᠲᠣᠭᠲᠠᠵᠠᠢ᠃ | ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠱᠤᠸᠠᠩ ᠾᠧ ᠪᠠᠯᠭᠠᠰᠤᠨ ᠤ ᠬᠠᠷᠢᠭᠤᠴᠠᠯᠭᠠᠲᠠᠨ ᠲᠤᠰ ᠲᠤᠰ | ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ | ᠪᠠ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯ ᠢ ᠠᠬᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠨ | ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ | ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ | ᠶᠡᠭᠡ ᠡᠭᠦᠷᠭᠡ︾ ᠶᠢ ᠯᠠᠪᠳᠠᠭᠤᠨ ᠪᠠᠲᠤᠲᠠᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠪᠣᠯᠣᠨ | ︽ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ︾ ᠢ ᠪᠦᠬᠦ ᠲᠠᠯ᠎ᠠ ᠪᠠᠷ ᠪᠠᠶᠢᠭᠤᠯᠵᠤ᠂ ᠦᠨᠳᠦᠰᠦᠨ | ᠱᠠᠲᠤᠨ ᠤ ᠵᠠᠰᠠᠯᠲᠠ ᠶᠢᠨ ᠰᠠᠭᠤᠷᠢ ᠶᠢ ᠲᠠᠰᠤᠷᠠᠯᠳᠡ ᠦᠭᠡᠢ ᠪᠠᠲᠤᠳᠬᠠᠵᠤ᠂ ᠬᠤᠳᠠ ᠶᠢᠨ ᠦᠨᠳᠦᠰᠦᠨ ᠱᠠᠲᠤᠨ ᠤ | ᠵᠠᠰᠠᠯᠲᠠ ᠶᠢᠨ ᠨᠡᠶᠢᠭᠡᠮᠴᠢᠯᠡᠯᠲᠡ᠂ ᠬᠠᠤᠯᠢᠵᠢᠯᠲᠡ᠂ ᠣᠶᠤᠨᠴᠢᠯᠠᠯᠲᠠ᠂ ᠲᠤᠰᠬᠠᠶᠢᠵᠢᠯᠲᠠ ᠶᠢᠨ ᠲᠦᠪᠰᠢᠨ ᠢ | ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠳᠤ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠵᠣᠷᠢᠭᠲᠠᠢ | ᠬᠢᠵᠦ ᠵᠣᠷᠢᠭᠲᠠᠢ ᠲᠤᠷᠰᠢᠵᠤ᠂ ᠵᠣᠷᠢᠭᠲᠠᠢ ᠦᠢᠯᠡᠳᠦᠯᠭᠡᠵᠢᠭᠦᠯᠵᠦ᠂ ᠮᠠᠨ ᠤ ᠰᠢᠶᠠᠨ ᠤ ᠬᠤᠳᠠ ᠶᠢᠨ ᠦᠨᠳᠦᠰᠦᠨ | ᠱᠠᠲᠤᠨ ᠤ ᠵᠠᠰᠠᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ ᠭᠡᠪᠡ᠃ | ᠬᠤᠷᠠᠯ ᠠᠴᠠ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠶᠢᠷ᠎ᠠ ᠶᠢᠨ ᠬᠤᠭᠤᠴᠠᠭᠠᠨ ᠳᠤ ᠬᠤᠳᠠ ᠶᠢᠨ ᠨᠠᠮ ᠤᠨ ᠬᠤᠷᠢᠶ᠎ᠠ ᠶᠢᠨ | ᠨᠡᠶᠢᠲᠡᠯᠡᠭᠰᠡᠨ ︽ᠣᠷᠣᠨ ᠤ ᠲᠥᠪ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠣᠨ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ︾ ᠵᠢᠴᠢ ᠬᠠᠮᠢᠶ᠎ᠠ ᠪᠦᠬᠦᠢ ᠢᠵᠢ | ᠪᠦᠷᠢᠳᠦᠭᠰᠡᠨ ᠪᠢᠴᠢᠭ ᠮᠠᠲ᠋ᠧᠷᠢᠶᠠᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ︽ᠲᠠᠪᠤᠨ ᠪᠠᠯᠭᠠᠰᠤ ᠨᠢᠭᠡ ᠲᠥᠪ︾ ᠤᠨ | ᠪᠦᠲᠦᠭᠡᠨ ᠪᠠᠶᠢᠭᠤᠯᠤᠯᠲᠠ᠂ ᠲᠣᠣᠷᠵᠢᠭᠤᠯᠤᠯᠲᠠ ᠶᠢᠨ ᠪᠠᠷᠢᠮᠵᠢᠶ᠎ᠠ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ | ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠲᠠᠰᠤᠷᠠᠯᠲᠠ ᠦᠭᠡᠢ | ᠴᠢᠩᠭᠠᠳᠬᠠᠵᠤ᠂ ᠰᠢᠶᠠᠩ ᠪᠠᠯᠭᠠᠰᠤ ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠶᠠᠩ ᠪᠠᠯᠭᠠᠰᠤ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠴᠢᠬᠤᠯᠠ | ᠪᠤᠰᠤ ᠠᠵᠢᠯ ᠤᠨ ᠵᠦᠢᠯᠡᠰ ᠢ ᠬᠦᠴᠦᠨ ᠦᠭᠡᠢ ᠪᠣᠯᠭᠠᠵᠤ᠂ ᠬᠦᠰᠦᠨᠦᠭ ᠲᠠᠭᠯᠠᠵᠤ ᠲᠤᠭ᠎ᠠ ᠮᠡᠳᠡᠭᠦᠯᠬᠦ ᠶᠢ | ᠪᠠᠭᠠᠰᠬᠠᠵᠤ᠂ ᠵᠢᠷᠭᠢᠶ᠎ᠡ ᠶᠢᠨ ᠪᠦᠯᠦᠭᠯᠡᠯ ᠢ ᠴᠡᠪᠡᠷᠯᠡᠨ ᠵᠢᠷᠤᠮᠵᠢᠭᠤᠯᠵᠤ᠂ ᠳᠠᠷᠤᠭᠠᠰᠤ ᠶᠢ ᠬᠥᠩᠭᠡᠷᠡᠭᠦᠯᠦᠨ ᠦᠷ᠎ᠡ | ᠠᠰᠢᠭ ᠢ ᠨᠡᠮᠡᠭᠳᠡᠭᠦᠯᠵᠦ ᠴᠢᠳᠠᠪᠤᠷᠢ ᠣᠯᠭᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ ᠦᠨᠳᠦᠰᠦᠨ | ᠱᠠᠲᠤᠨ ᠤ ᠬᠢᠨ ᠢ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠨᠡᠩ ᠤᠯᠠᠨ ᠴᠠᠭ ᠪᠠ ᠤᠶᠤᠨ ᠴᠢᠳᠠᠯ ᠢᠶᠠᠨ | ᠬᠡᠷᠡᠭᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠶᠢ ᠤᠯᠠᠨ ᠲᠦᠮᠡᠨ ᠳᠤ | ᠦᠢᠯᠡᠴᠢᠯᠡᠬᠦ᠂ ᠡᠶ᠎ᠡ ᠵᠣᠬᠢᠴᠠᠯ ᠢ ᠠᠬᠢᠭᠤᠯᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠵᠤ᠂ | ᠬᠤᠳᠠ ᠶᠢᠨ ᠵᠠᠰᠠᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ | |