ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 110 ᠳ᠋ᠤᠭᠠᠷ ᠤᠳᠠᠭ᠎ᠠ ᠶᠢᠨ ᠬᠤᠷᠠᠯ ᠵᠢᠴᠢ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠤᠨ ᠦᠢᠯᠡᠴᠢᠯᠡᠭᠡᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/11
      7 ᠳ᠋ᠤᠭᠠᠷ ᠰᠠᠷ᠎ᠠ ᠶᠢᠨ 7  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 110 ᠳ᠋ᠤᠭᠠᠷ ᠤᠳᠠᠭ᠎ᠠ ᠶᠢᠨ ᠬᠤᠷᠠᠯ ᠵᠢᠴᠢ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠤᠨ ᠦᠢᠯᠡᠴᠢᠯᠡᠭᠡᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 85 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠣᠶᠢᠷ᠎ᠠ ᠶᠢᠨ ᠬᠤᠭᠤᠴᠠᠭᠠᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠬᠤᠷᠠᠯ   ᠢ ᠡᠷᠭᠢᠯᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠣᠳᠣᠬᠠᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠤᠷᠢᠳᠴᠢᠯᠠᠨ ᠰᠡᠷᠭᠡᠶᠢᠯᠡᠬᠦ ᠪᠡᠯᠡᠳᠬᠡᠯ ᠪᠠ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠶᠡᠷ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯᠯᠠᠭᠴᠢ ᠴᠢᠬᠤᠯᠠ ᠠᠭᠤᠯᠭ᠎ᠠ ᠪᠣᠯᠣᠨ ᠵᠣᠷᠢᠭ ᠰᠠᠨᠠᠭᠠᠨ ᠤ ᠮᠥᠨ ᠴᠢᠨᠠᠷ ᠢ ᠨᠡᠩ ᠰᠠᠶᠢᠲᠤᠷ ᠰᠤᠷᠤᠯᠴᠠᠨ ᠡᠵᠡᠮᠰᠢᠬᠦ ᠶᠢ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠮᠠᠷᠺᠰ ᠤᠨ ᠦᠵᠡᠯ ᠤᠨ ᠡᠷᠡᠰ ᠪᠠᠲᠤ ᠰᠢᠲᠦᠭᠴᠢ ᠪᠣᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠣᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠵᠣᠬᠢᠶᠠᠨ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠣᠶᠢᠯᠠᠭᠠᠵᠤ᠂ ᠪᠦᠬᠦ ᠰᠢᠶᠠᠨ ᠤ ᠨᠠᠮ ᠤᠨ ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠬᠤ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠴᠡᠭ ᠢ ᠪᠦᠬᠦ ᠬᠦᠴᠦᠨ ᠢᠶᠠᠷ ᠢᠶᠠᠨ ᠠᠳᠬᠤᠵᠤ᠂ ᠲᠦᠷᠦᠯ ᠵᠦᠢᠯ ᠤᠨ ᠲᠠᠯ᠎ᠠ ᠯᠤᠭ᠎ᠠ ᠶᠢᠨ ᠣᠯᠣᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠠᠬᠢᠴᠠ ᠶᠢ ᠮᠥᠷᠳᠡᠨ ᠨᠠᠶᠢᠳᠠᠪᠤᠷᠢᠵᠢᠭᠤᠯᠵᠤ᠂ ᠲᠥᠪ ᠴᠢᠩᠭ᠎ᠠ ᠨᠠᠷᠢᠨ ᠬᠢᠨᠠᠮᠠᠭᠠᠢ ᠠᠵᠢᠯ ᠤᠨ ᠣᠪᠣᠷ᠂ ᠪᠣᠳᠠᠲᠠᠢ ᠶᠢ ᠡᠷᠬᠢᠮᠯᠡᠭᠰᠡᠨ ᠴᠢᠩᠭ᠎ᠠ ᠨᠢᠮᠪᠠᠢ ᠠᠵᠢᠯ ᠤᠨ ᠰᠤᠷᠲᠠᠯ ᠢᠶᠠᠷ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠵᠢᠯ ᠤᠨ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1