ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠤ ᠬᠢᠨ ᠵᠠᠯᠠᠭᠤᠴᠤᠳ ᠪᠠᠭᠠᠴᠤᠳ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠬᠥᠮᠦᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ︽ᠰᠤᠷᠭᠠᠭᠤᠯᠢ ᠳᠤ ᠣᠷᠣᠬᠤ︾ ᠪᠠᠷ ᠴᠢᠬᠤᠯᠠ | ᠭᠠᠷᠳᠠᠴᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠬᠠᠷᠠᠬᠠᠨ ᠪᠠᠭ᠎ᠠ ᠠᠴᠠ ᠪᠠᠨ | ᠡᠬᠢᠯᠡᠨ ᠠᠳᠬᠤᠬᠤ ᠶᠢ ᠪᠠᠷᠢᠮᠲᠠᠯᠠᠵᠤ᠂ ᠢᠳᠡᠪᠬᠢᠲᠡᠢ ᠪᠠᠷ ᠰᠦᠪᠡᠭᠴᠢᠯᠡᠨ ᠠᠭᠤᠳᠠᠯᠵᠤ᠂ ᠮᠠᠰᠢ ᠰᠠᠶᠢᠨ ᠦᠷ᠎ᠡ | ᠪᠦᠲᠦᠮᠵᠢ ᠣᠯᠵᠠᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠤᠷᠭᠠᠭᠤᠯᠢ ᠡᠷᠭᠢᠯᠡᠵᠦ | ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠪᠥᠬᠦ ᠶᠠᠪᠤᠴᠠ ᠳᠤ ᠠᠭᠤᠰᠬᠠᠨ | ᠣᠷᠣᠭᠤᠯᠤᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠨᠠᠷ ᠢ ᠲᠥᠪᠯᠡᠷᠡᠭᠦᠯᠦᠨ ᠬᠢᠴᠢᠶᠡᠯ | ᠪᠡᠯᠡᠳᠬᠡᠵᠦ ᠰᠤᠳᠤᠯᠤᠨ ᠶᠠᠷᠢᠯᠴᠠᠬᠤ ᠠᠵᠢᠯᠯᠠᠭ᠎ᠠ ᠶᠢ ᠥᠷᠨᠢᠭᠦᠯᠵᠦ᠂ ᠵᠢᠭᠠᠨ ᠰᠤᠷᠭᠠᠯᠲᠠ ᠶᠢᠨ ᠳᠤᠮᠳᠠᠬᠢ | ᠲᠤᠷᠰᠢᠯᠭ᠎ᠠ ᠶᠢᠨ ᠣᠯᠣᠯᠲᠠ ᠪᠠᠨ ᠰᠣᠯᠢᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠪᠠᠶᠠᠷ᠂ | ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠲᠤ ᠤᠯᠤᠰ ᠤᠨ ᠲᠤᠭ ᠮᠠᠨᠳᠤᠭᠤᠯᠬᠤ ᠭᠤᠣᠯ ᠰᠡᠳᠦᠪᠲᠦ ᠶᠣᠰᠣᠯᠠᠯ ᠢ 28 ᠤᠳᠠᠭ᠎ᠠ ᠶᠠᠪᠤᠭᠳᠠᠭᠤᠯᠵᠤ᠂ | ᠰᠢᠶᠠᠨ ᠤ ᠱᠠᠲᠤᠨ ᠤ ᠭᠤᠣᠯ ᠰᠡᠳᠦᠪᠲᠦ ᠤᠷᠤᠯᠳᠤᠭᠠᠨ ᠢ 12 ᠲᠠᠯᠠᠪᠤᠷ ᠤᠳᠠᠭ᠎ᠠ᠂ ᠤᠷᠠᠨ ᠤᠩᠰᠢᠯᠭ᠎ᠠ ᠶᠢᠨ | ᠶᠠᠷᠢᠶ᠎ᠠ ᠢᠯᠡᠳᠬᠡᠯ ᠤᠨ ᠠᠵᠢᠯᠯᠠᠭ᠎ᠠ ᠶᠢ 24 ᠤᠳᠠᠭ᠎ᠠ ᠡᠷᠬᠢᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ | ᠭᠠᠳᠠᠨ᠎ᠠ ᠭᠤᠣᠯ ᠰᠡᠳᠦᠪᠲᠦ ᠡᠩᠨᠡᠭᠡ ᠶᠢᠨ ᠬᠢᠴᠢᠶᠡᠯ ᠢ 88 ᠤᠳᠠᠭ᠎ᠠ ᠥᠷᠨᠢᠭᠦᠯᠵᠦ᠂ 74368 ᠬᠥᠮᠥᠨ | ᠤᠳᠠᠭ᠎ᠠ ᠶᠢ ᠬᠠᠮᠤᠷᠴᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠠᠶᠢᠩᠭᠤᠵᠢᠭᠤᠯᠵᠤ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ | ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ | ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ | ᠪᠠᠬᠢ ᠪᠤᠢ ᠪᠣᠯᠭᠠᠪᠠ᠃ | ᠰᠤᠷᠭᠠᠭᠤᠯᠢ ᠶᠢᠨ ᠬᠦᠷᠢᠶ᠎ᠡ᠂ ᠨᠣᠮ ᠤᠨ ᠰᠠᠩ᠂ ᠬᠢᠴᠢᠶᠡᠯ ᠤᠨ ᠭᠡᠷ᠂ ᠪᠠᠶᠢᠷᠢ ᠵᠡᠷᠭᠡ ᠲᠠᠯᠠᠪᠤᠷ ᠢ | ᠠᠰᠢᠭᠯᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠨᠡᠶᠢᠲᠡᠯᠢᠭ ᠵᠢᠱᠢᠶ᠎ᠡ ᠶᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠳᠠᠷᠠᠭᠤᠯᠬᠤ ᠢᠳᠡᠪᠬᠢ ᠬᠦᠴᠦᠨ ᠤ ᠠᠭᠤᠷ ᠠᠮᠢᠰᠬᠤᠯ ᠢ | ᠢᠳᠡᠪᠬᠢᠲᠡᠢ ᠪᠠᠷ ᠪᠤᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠤᠬᠠᠭᠤᠯᠭ᠎ᠠ ᠶᠢᠨ ᠤᠷᠢᠶ᠎ᠠ ᠯᠣᠽᠦ᠋ᠩ ᠢ ᠪᠠᠶᠢᠷᠢᠯᠠᠭᠤᠯᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠪᠦᠬᠦ | ᠰᠤᠷᠭᠠᠭᠤᠯᠢ ᠶᠢᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠬᠠᠭᠤᠯᠤᠮᠠᠯ ᠰᠣᠨᠢᠨ ᠢ ᠵᠣᠬᠢᠶᠠᠨ ᠪᠦᠲᠦᠭᠡᠬᠦ ᠪᠠᠷ ᠲᠠᠮᠵᠢᠨ | ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠶᠠᠷᠢᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠤ ᠥᠨᠴᠥᠭ | ᠪᠤᠯᠤᠩ ᠪᠦᠷᠢ ᠳᠤ ᠨᠠᠶᠢᠳᠠᠪᠤᠷᠢᠵᠢᠭᠤᠯᠤᠨ᠎ᠠ᠃ ᠬᠠᠲᠤᠨ ᠭᠤᠣᠯ ᠤᠨ ᠮᠠᠢ ᠶᠧ ᠬᠥ᠋ ᠶᠦᠨ ᠵᠦᠩ ᠤᠨ ᠲᠠᠷᠢᠶᠠᠯᠠᠬᠤ | ᠰᠣᠶᠣᠯ ᠤᠨ ᠬᠦᠷᠢᠶᠡᠯᠡᠩ᠂ ᠲᠣᠭᠲᠠᠬᠤ ᠰᠢᠶᠠᠨ ᠤ ᠮᠦᠽᠧᠢ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠲᠤ ᠲᠦᠰᠢᠭᠯᠡᠨ ᠭᠤᠣᠯ ᠰᠡᠳᠦᠪᠲᠦ ᠲᠣᠭᠤᠷᠢᠨ ᠦᠵᠡᠵᠦ | ᠰᠤᠳᠤᠯᠤᠨ ᠰᠤᠷᠤᠯᠴᠠᠬᠤ ᠠᠵᠢᠯᠯᠠᠭ᠎ᠠ ᠶᠢ 215 ᠲᠠᠯᠠᠪᠤᠷ ᠡᠷᠭᠢᠯᠡᠵᠦ᠂ 22000 ᠰᠣᠷᠣᠭᠴᠢ ᠲᠣᠭᠲᠠᠬᠤ | ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠢᠬᠤᠯᠠ ᠠᠴᠢ ᠬᠤᠯᠪᠣᠭᠳᠠᠯ ᠢ ᠪᠡᠶ᠎ᠡ ᠪᠠᠷ ᠢᠶᠠᠨ | ᠣᠶᠢᠯᠠᠭᠠᠪᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠠᠭᠤᠤ ᠶᠡᠭᠡ ᠡᠬᠡ ᠣᠷᠣᠨ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠨ ᠵᠥᠪᠰᠢᠶᠡᠷᠡᠬᠦ ᠶᠢ | ᠪᠦᠲᠦᠮᠵᠢᠲᠡᠶ ᠪᠠᠷ ᠠᠬᠢᠭᠤᠯᠤᠨ᠎ᠠ᠃ | ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾ ᠶᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ | ᠭᠠᠵᠠᠷ ᠣᠷᠣᠨ ᠠᠯᠤᠰᠯᠠᠭᠰᠠᠨ᠂ ᠪᠥᠬᠦ ᠲᠠᠯ᠎ᠠ ᠶᠢᠨ᠂ ᠣᠯᠠᠨ ᠶᠠᠩᠵᠤ ᠶᠢᠨ ᠰᠣᠯᠢᠯᠴᠠᠭᠠᠨ ᠤ ᠠᠵᠢᠯᠯᠠᠭ᠎ᠠ ᠶᠢ | ᠥᠷᠨᠢᠭᠦᠯᠵᠦ᠂ 2 ᠰᠤᠷᠭᠠᠭᠤᠯᠢ ᠳᠤ ᠰᠢᠨᠵᠢᠶᠠᠩ ᠤᠨ ᠬᠠᠮᠲᠤ ᠰᠤᠷᠤᠭᠴᠢᠳ ᠲᠠᠢ ︽ᠵᠠᠬᠢᠳᠠᠯ ᠴᠢᠮᠡᠭᠡᠲᠡᠨ ᠭᠠᠷ | ᠭᠠᠷ ᠢᠶᠠᠨ ᠬᠤᠯᠪᠣᠯᠴᠠᠬᠤ︾ ᠪᠠ ᠬᠤᠣᠰᠯᠠᠨ ᠪᠠᠶᠢᠭᠤᠯᠵᠤ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ | 10 ᠭᠠᠷᠤᠢ ᠲᠠᠯᠠᠪᠤᠷ ᠡᠯᠪᠡᠭ ᠪᠠᠶᠠᠯᠢᠭ ᠠᠭᠤᠯᠭ᠎ᠠ ᠲᠠᠢ ᠰᠦᠯᠵᠢᠶᠡᠨ ᠳᠡᠭᠡᠷᠡᠬᠢ ᠨᠥᠬᠦᠷᠯᠡᠯ ᠤᠨ ᠠᠵᠢᠯᠯᠠᠭ᠎ᠠ ᠶᠢ | ᠡᠷᠭᠢᠯᠡᠪᠡ︔ ᠰᠢᠶᠠᠨ ᠤ ᠬᠡᠪᠴᠢᠶᠡᠨ ᠳᠠᠬᠢ ᠳᠤᠮᠳᠠᠳᠤ ᠪᠠᠭ᠎ᠠ ᠰᠤᠷᠭᠠᠭᠤᠯᠢ ᠰᠤᠷᠤᠯᠭ᠎ᠠ ᠶᠢᠨ ᠵᠢᠯ ᠪᠦᠷᠢ ᠳᠤ | ᠠᠳᠠᠭ ᠲᠠᠭᠠᠨ ᠨᠢᠭᠡ ᠤᠳᠠᠭ᠎ᠠ ︽ᠶᠡᠭᠡ ᠭᠠᠷ ᠪᠠᠭ᠎ᠠ ᠭᠠᠷ ᠢᠶᠠᠨ ᠬᠤᠯᠪᠣᠯᠴᠠᠬᠤ︾ ᠠᠵᠢᠯᠯᠠᠭ᠎ᠠ ᠥᠷᠨᠢᠭᠦᠯᠵᠦ᠂ | ᠤᠳᠤ ᠪᠣᠯᠲᠠᠯ᠎ᠠ ᠨᠡᠶᠢᠳᠡ 19 ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ | ᠪᠣᠯᠣᠨ ᠵᠠᠯᠠᠭᠤᠴᠤᠳ ᠪᠠᠭᠠᠴᠤᠳ ︽ᠨᠢᠭᠡ ᠬᠢᠴᠢᠶᠡᠯ ᠳᠤ ᠣᠷᠣᠬᠤ︾᠂ ︽ᠬᠠᠮᠲᠤ ᠪᠠᠷ ᠨᠢᠭᠡ ᠵᠢᠷᠤᠭ ᠵᠢᠷᠤᠬᠤ︾ | ᠵᠡᠷᠭᠡ ᠬᠡᠯᠪᠡᠷᠢ ᠪᠠᠷ ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭ᠋ᠠᠷᠬᠠᠬᠤ᠂ ᠬᠠᠷᠢᠯᠴᠠᠨ ᠰᠤᠷᠤᠯᠴᠠᠬᠤ ᠶᠢ ᠨᠡᠩ | ᠢᠯᠡᠭᠦᠦ ᠣᠶᠢᠯᠠᠭᠠᠵᠠᠢ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ︽ᠭᠤᠷᠪᠠᠨ ᠰᠠᠯᠵᠤ | ᠴᠢᠳᠠᠬᠤ ᠦᠭᠡᠢ︾ ᠦᠵᠡᠯ ᠰᠠᠨᠠᠭ᠎ᠠ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ |