ᠬᠦᠨᠳᠦᠲᠦ ᠰᠤᠷᠤᠭᠴᠢᠳ ᠤᠨ ᠭᠡᠷ ᠤᠨ ᠠᠬᠠᠮᠠᠳ᠄ | ᠰᠠᠶᠢᠨ ᠤᠤ︕ 2023 ᠣᠨ ᠤ ᠵᠣᠨ ᠤ ᠠᠮᠠᠷᠠᠯᠲᠠ ᠪᠣᠯᠬᠤ ᠭᠡᠵᠦ ᠪᠠᠶᠢᠭ᠎ᠠ ᠦᠶ᠎ᠡ ᠳᠤ᠂ ᠵᠣᠨ ᠤ | ᠠᠮᠠᠷᠠᠯᠲᠠ ᠶᠢᠨ ᠬᠤᠭᠤᠴᠠᠭᠠᠨ ᠤ ᠰᠤᠷᠤᠭᠴᠢᠳ ᠤᠨ ᠠᠮᠤᠷ ᠲᠦᠪᠰᠢᠨ ᠢ ᠠᠩᠬᠠᠷᠴᠤ᠂ ᠬᠡᠦᠬᠡᠳ ᠤᠨ ᠡᠷᠡᠭᠦᠯ ᠢᠶᠠᠷ | ᠦᠰᠦᠨ ᠪᠣᠶᠢᠵᠢᠬᠤ ᠶᠢ ᠠᠩᠬᠠᠷᠬᠤ ᠪᠣᠯ ᠪᠢᠳᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠰᠤᠷᠭᠠᠭᠤᠯᠢ ᠳᠤ | ᠪᠠᠶᠢᠬᠤ ᠬᠤᠭᠤᠴᠠᠭᠠᠨ ᠳᠤ᠂ ᠡᠯ᠎ᠡ ᠰᠤᠷᠭᠠᠭᠤᠯᠢ ︵ᠬᠡᠦᠬᠡᠳ ᠤᠨ ᠴᠡᠴᠡᠷᠯᠢᠭ︶ ᠨᠢ ᠣᠯᠠᠨ ᠵᠦᠢᠯ ᠤᠨ ᠬᠡᠯᠪᠡᠷᠢ ᠪᠠᠷ | ᠰᠤᠷᠤᠭᠴᠢᠳ ᠲᠤ ᠲᠠᠰᠤᠷᠠᠯᠲᠠ ᠦᠭᠡᠢ ᠠᠮᠤᠷ ᠲᠦᠪᠰᠢᠨ ᠤ ᠬᠥᠮᠦᠵᠢᠯ ᠬᠢᠵᠦ᠂ ᠵᠣᠨ ᠤ ᠠᠮᠠᠷᠠᠯᠲᠠ ᠠᠴᠠ ᠡᠮᠦᠨ᠎ᠡ | ᠤᠰᠤᠨ ᠳᠤ ᠵᠢᠪᠬᠦ ᠠᠴᠠ ᠰᠡᠷᠭᠡᠶᠢᠯᠡᠬᠦ ᠵᠡᠷᠭᠡ ᠠᠭᠤᠯᠭ᠎ᠠ ᠪᠠᠷ ᠭᠤᠣᠯᠳᠠᠯᠭ᠎ᠠ ᠪᠣᠯᠭᠠᠭᠰᠠᠨ ᠠᠮᠤᠷ ᠲᠦᠪᠰᠢᠨ ᠤ | ᠬᠥᠮᠦᠵᠢᠯ ᠢ ᠲᠥᠪᠯᠡᠷᠡᠭᠦᠯᠦᠨ ᠬᠢᠵᠡᠢ᠂ ᠰᠤᠷᠤᠭᠴᠢᠳ ᠤᠨ ᠵᠣᠨ ᠤ ᠠᠮᠠᠷᠠᠯᠲᠠ ᠶᠢᠨ ᠠᠮᠤᠷ ᠲᠦᠪᠰᠢᠨ ᠤ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠵᠣᠨ ᠤ ᠠᠮᠠᠷᠠᠯᠲᠠ ᠶᠢᠨ ᠬᠤᠭᠤᠴᠠᠭᠠᠨ ᠳᠤ ᠬᠢᠨᠠᠨ | ᠬᠠᠮᠠᠭᠠᠯᠠᠭᠴᠢ ᠶᠢᠨ ᠬᠥᠮᠦᠵᠢᠯ ᠪᠣᠯᠣᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ | ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ | ᠪᠢᠳᠡ ᠰᠤᠷᠤᠭᠴᠢᠳ ᠤᠨ ᠭᠡᠷ ᠤᠨ ᠠᠬᠠᠮᠠᠳ ᠲᠤ ᠣᠨᠴᠠᠭᠠᠶᠢᠯᠠᠨ ᠰᠠᠨᠠᠭᠤᠯᠵᠤ ᠪᠠᠶᠢᠨ᠎ᠠ᠃ ᠣᠲᠣ ᠵᠣᠨ ᠤ | ᠠᠮᠠᠷᠠᠯᠲᠠ ᠶᠢᠨ ᠰᠣᠷᠣᠭᠴᠢ ᠶᠢᠨ ᠠᠮᠤᠷ ᠲᠦᠪᠰᠢᠨ ᠤ ᠠᠰᠠᠭᠤᠳᠠᠯ ᠤᠨ ᠲᠤᠬᠠᠢ ᠳᠣᠣᠷᠠᠬᠢ ᠮᠡᠲᠦ ᠰᠠᠨᠠᠭᠤᠯᠭ᠎ᠠ | ᠳᠤᠷᠠᠳᠤᠶ᠎ᠠ᠄ | ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠬᠦᠮᠦᠵᠢᠯ ᠢ ᠴᠢᠩᠭᠠᠳᠬᠠᠨ᠎ᠠ | ᠵᠤᠨ ᠤ ᠠᠮᠠᠷᠠᠯᠲᠠ ᠶᠢᠨ ᠬᠤᠭᠤᠴᠠᠭᠠᠨ ᠳᠤ ᠠᠭᠤᠷ ᠠᠮᠢᠰᠬᠤᠯ ᠠᠭᠠᠭᠢᠮ᠎ᠠ ᠬᠠᠯᠠᠭᠤᠨ ᠪᠠᠶᠢᠵᠤ᠂ ᠤᠰᠤᠨ ᠳᠤ | ᠴᠠᠴᠠᠬᠤ ᠨᠢ ᠠᠮᠠᠷᠬᠠᠨ ᠪᠥᠭᠡᠳ ᠣᠯᠠᠨ ᠡᠭᠦᠰᠬᠦ ᠬᠤᠭᠤᠴᠠᠭ᠎ᠠ ᠪᠣᠯᠣᠨ᠎ᠠ᠃ ᠥᠷᠭᠡᠨ ᠣᠯᠠᠨ ᠭᠡᠷ ᠤᠨ ᠠᠬᠠᠮᠠᠳ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠭᠤᠷᠢᠳᠠᠬᠤ | ᠪᠣᠳᠣᠯ ᠢ ᠲᠡᠪᠴᠢᠵᠦ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠪᠠ ᠬᠠᠷᠢᠭᠤᠴᠠᠯᠭᠠᠲᠤ | ᠤᠬᠠᠮᠰᠠᠷ ᠢ ᠦᠨᠡᠨ ᠬᠦ ᠴᠢᠩᠭᠠᠳᠬᠠᠵᠤ᠂ ᠬᠡᠦᠬᠡᠳ ᠭᠡᠷ ᠤᠨ ᠠᠬᠠᠮᠠᠳ ᠪᠤᠶᠤ ᠪᠠᠭᠰᠢ ᠶᠢᠨ ᠳᠠᠭᠠᠭᠤᠯᠭ᠎ᠠ ᠦᠭᠡᠢ ᠪᠠᠷ | ᠳᠤᠷ᠎ᠠ ᠪᠠᠷ ᠢᠶᠠᠨ ᠤᠰᠤᠨ ᠳᠤ ᠤᠮᠪᠠᠵᠤ ᠪᠣᠯᠬᠤ ᠦᠭᠡᠢ᠂ ᠳᠤᠷ᠎ᠠ ᠪᠠᠷ ᠢᠶᠠᠨ ᠬᠠᠮᠲᠤ ᠰᠤᠷᠤᠭᠴᠢ ᠲᠠᠢ ᠪᠠᠨ ᠬᠠᠮᠲᠤ | ᠤᠮᠪᠠᠵᠤ ᠪᠣᠯᠬᠤ ᠦᠭᠡᠢ᠂ ᠳᠠᠯᠠᠢ ᠶᠢᠨ ᠬᠥᠪᠡᠭᠡ᠂ ᠠᠭᠤᠯᠠᠨ ᠴᠥᠭᠦᠷᠥᠮ᠂ ᠤᠰᠤᠨ ᠴᠥᠭᠦᠷᠥᠮ᠂ ᠭᠤᠣᠯ ᠮᠥᠷᠡᠨ᠂ | ᠭᠤᠤ ᠰᠤᠪᠠᠭ ᠵᠡᠷᠭᠡ ᠠᠶᠤᠯ ᠲᠠᠢ ᠤᠰᠤᠨ ᠣᠷᠣᠨ ᠳᠤ ᠳᠤᠷ᠎ᠠ ᠪᠠᠷ ᠢᠶᠠᠨ ᠣᠴᠢᠵᠤ ᠪᠡᠶ᠎ᠡ ᠪᠠᠨ ᠤᠬᠢᠶᠠᠵᠤ᠂ | ᠤᠰᠤ ᠪᠠᠷ ᠨᠠᠭᠠᠳᠴᠤ᠂ ᠵᠢᠭᠠᠰᠤ ᠠᠩᠨᠠᠵᠤ᠂ ᠤᠰᠤᠨ ᠳᠤ ᠤᠮᠪᠠᠵᠤ ᠪᠣᠯᠬᠤ ᠦᠭᠡᠢ ᠭᠡᠵᠦ ᠳᠠᠬᠢᠨ ᠳᠠᠪᠲᠠᠨ | ᠰᠤᠷᠭᠠᠬᠤ ᠬᠡᠷᠡᠭᠲᠡᠢ᠃ ᠣᠨᠴᠠᠭᠠᠶᠢᠯᠠᠨ ᠬᠡᠦᠬᠡᠳ ᠢᠶᠠᠨ ᠤᠰᠤᠨ ᠳᠤ ᠴᠠᠴᠠᠬᠤ ᠦᠶ᠎ᠡ ᠳᠤ ᠰᠣᠬᠤᠷ ᠪᠠᠯᠠᠢ ᠪᠠᠷ | ᠠᠪᠤᠷᠠᠯᠲᠠ ᠬᠢᠬᠦ ᠠᠴᠠ ᠵᠠᠶᠢᠯᠠᠰᠬᠢᠵᠦ᠂ ᠠᠷᠭ᠎ᠠ ᠰᠠᠮᠪᠠᠭ᠎ᠠ ᠲᠠᠢ ᠪᠠᠷ ᠠᠪᠤᠷᠠᠨ ᠲᠤᠰᠠᠯᠠᠵᠤ᠂ ᠨᠠᠰᠤᠨ ᠳᠤ | ᠬᠦᠷᠦᠭᠰᠡᠳ ᠤᠨ ᠲᠤᠰᠠᠯᠠᠮᠵᠢ ᠶᠢ ᠳᠠᠷᠤᠶᠢᠬᠠᠨ ᠡᠷᠢᠬᠦ ᠬᠡᠷᠡᠭᠲᠡᠢ ᠭᠡᠵᠦ ᠰᠤᠷᠭᠠᠬᠤ ᠬᠡᠷᠡᠭᠲᠡᠢ᠃ ᠬᠡᠦᠬᠡᠳ ᠤᠰᠤᠨ ᠳᠤ | ᠤᠮᠪᠠᠭ᠋ᠤ ᠶᠢ ᠰᠤᠷᠬᠤ ᠳᠤ ᠡᠷᠬᠡᠪᠰᠢ ᠭᠡᠷ ᠤᠨ ᠠᠬᠠᠮᠠᠳ᠂ ᠬᠢᠨᠠᠨ ᠬᠠᠮᠠᠭᠠᠯᠠᠭᠴᠢ ᠪᠤᠶᠤ ᠪᠤᠰᠤᠳ ᠲᠤᠰᠬᠠᠢ | ᠬᠠᠮᠠᠭᠠᠯᠠᠭᠴᠢ ᠶᠢᠨ ᠪᠠᠷ᠎ᠠ ᠪᠤᠯᠤᠯᠭ᠎ᠠ ᠲᠠᠢ ᠪᠠᠷ ᠲᠤᠰᠬᠠᠢ ᠮᠡᠷᠭᠡᠵᠢᠯ ᠤᠨ ᠲᠠᠯᠠᠪᠤᠷ ᠲᠤ ᠣᠴᠢᠵᠤ᠂ ᠤᠰᠤᠨ ᠳᠤ | ᠴᠠᠴᠠᠬᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ | ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠮᠦᠵᠢᠯ ᠢ ᠴᠢᠩᠭᠠᠳᠬᠠᠨ᠎ᠠ | ᠬᠡᠦᠬᠡᠳ ᠢ ᠭᠠᠳᠠᠭᠰᠢ ᠭᠠᠷᠬᠤ ᠳᠤ ᠡᠷᠬᠡᠪᠰᠢ ᠬᠢᠨᠠᠨ ᠬᠠᠮᠠᠭᠠᠯᠠᠭᠴᠢ ᠲᠠᠢ ᠬᠠᠮᠲᠤ ᠶᠠᠪᠤᠵᠤ᠂ ᠵᠠᠮ | ᠬᠠᠷᠢᠯᠴᠠᠭᠠᠨ ᠤ ᠳᠦᠷᠢᠮ ᠲᠣᠭᠲᠠᠭᠠᠯ ᠢ ᠵᠢᠷᠤᠮᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠴᠤ᠂ | ᠫᠠᠶᠢᠰᠠ ᠦᠭᠡᠢ᠂ ᠦᠨᠡᠮᠯᠡᠯ ᠦᠭᠡᠢ᠂ ᠠᠴᠢᠶᠠᠨ ᠠᠴᠠ ᠬᠡᠲᠦᠷᠡᠭᠰᠡᠨ ᠲᠡᠷᠭᠡ ᠣᠩᠭᠤᠴᠠᠨ ᠳᠤ ᠰᠠᠭᠤᠬᠤ ᠦᠭᠡᠢ᠂ | ᠵᠠᠰᠠᠮᠠᠯ ᠵᠠᠮ ᠢᠶᠠᠷ ᠵᠤᠭᠠᠴᠠᠨ ᠨᠠᠭᠠᠳᠬᠤ ᠦᠭᠡᠢ᠂ ᠦᠨᠡᠮᠯᠡᠯ ᠦᠭᠡᠢ ᠪᠠᠷ ᠮᠣᠲ᠋ᠣᠷ ᠲᠡᠷᠭᠡ ᠵᠢᠯᠤᠭᠤᠳᠬᠤ ᠶᠢ ᠴᠢᠩᠭ᠎ᠠ | ᠴᠠᠭᠠᠵᠠᠯᠠᠵᠤ᠂ ᠪᠦᠬᠦᠯᠢ 16 ᠨᠠᠰᠤ ᠬᠦᠷᠦᠭᠡᠳᠦᠢ ᠰᠤᠷᠤᠭᠴᠢᠳ ᠤᠨ ᠴᠠᠬᠢᠯᠭᠠᠨ ᠬᠥᠳᠡᠯᠭᠡᠭᠦᠷᠲᠦ ᠲᠡᠷᠭᠡ | ᠵᠢᠯᠤᠭᠤᠳᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠰᠤᠷᠭᠠᠨ᠎ᠠ᠃ ᠭᠡᠷ ᠤᠨ ᠠᠬᠠᠮᠠᠳ ᠲᠡᠷᠭᠡ ᠵᠢᠯᠤᠭᠤᠳᠴᠤ | ᠭᠠᠳᠠᠭᠰᠢ ᠭᠠᠷᠬᠤ ᠳᠠᠭᠠᠨ ᠲᠡᠷᠭᠡ ᠵᠢᠯᠤᠭᠤᠳᠬᠤ ᠳᠠᠭᠠᠨ ᠠᠮᠤᠷ ᠲᠦᠪᠰᠢᠨ ᠢ ᠠᠩᠬᠠᠷᠴᠤ᠂ ᠠᠷᠢᠬᠢ ᠤᠤᠭᠤᠭᠰᠠᠨ ᠤ | ᠳᠠᠷᠠᠭ᠎ᠠ ᠲᠡᠷᠭᠡ ᠵᠢᠯᠤᠭᠤᠳᠬᠤ ᠪᠤᠶᠤ ᠶᠠᠳᠠᠷᠠᠭ᠎ᠠ ᠲᠠᠢ ᠪᠠᠷ ᠲᠡᠷᠭᠡ ᠵᠢᠯᠤᠭᠤᠳᠴᠤ ᠪᠣᠯᠬᠤ ᠦᠭᠡᠢ᠂ ᠵᠠᠮ | ᠬᠠᠷᠢᠯᠴᠠᠭᠠᠨ ᠤ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ | ᠭᠡᠷ ᠪᠦᠯᠢ ᠶᠢᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠎ᠠ | ᠬᠡᠦᠬᠡᠳ ᠢ ᠭᠠᠯ ᠢ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠴᠠᠬᠢᠯᠭᠠᠨ ᠢ ᠰᠡᠷᠭᠡᠶᠢᠯᠡᠬᠦ᠂ ᠨᠡᠭᠦᠷᠡᠰᠦᠨ | ᠬᠡᠢ ᠳᠤ ᠬᠤᠣᠷᠳᠠᠭᠳᠠᠬᠤ ᠶᠢ ᠰᠡᠷᠭᠡᠶᠢᠯᠡᠬᠦ᠂ ᠮᠡᠬᠡᠯᠡᠬᠦ ᠶᠢ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ | ᠠᠩᠬᠠᠷᠬᠤ ᠬᠡᠷᠡᠭᠲᠡᠢ ᠭᠡᠵᠦ ᠰᠤᠷᠭᠠᠬᠤ ᠬᠡᠷᠡᠭᠲᠡᠢ᠃ ᠬᠡᠦᠬᠡᠳ ᠲᠤ ᠴᠠᠬᠢᠯᠭᠠᠨ ᠬᠡᠷᠡᠭᠰᠡᠯ᠂ ᠰᠢᠲᠠᠮᠠᠬᠠᠢ ᠬᠡᠢ ᠵᠡᠷᠭᠡ | ᠲᠥᠬᠦᠭᠡᠷᠦᠮᠵᠢ ᠶᠢ ᠬᠡᠷᠡᠭᠯᠡᠬᠦ ᠪᠠ ᠬᠡᠷᠡᠭᠯᠡᠬᠦ ᠠᠷᠭ᠎ᠠ ᠶᠢ ᠵᠥᠪ ᠣᠨᠣᠪᠴᠢᠲᠠᠶ ᠡᠵᠡᠮᠰᠢᠭᠦᠯᠵᠦ᠂ ᠴᠠᠬᠢᠯᠭᠠᠨ ᠤᠲᠠᠰᠤ᠂ | ᠤᠭᠯᠠᠭᠤᠷᠭ᠎ᠠ᠂ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢ ᠳᠤᠷ᠎ᠠ ᠪᠠᠷ ᠨᠢ ᠬᠥᠳᠡᠯᠭᠡᠬᠦ ᠪᠤᠶᠤ ᠳᠤᠷ᠎ᠠ ᠪᠠᠷ ᠨᠢ | ᠵᠠᠳᠠᠯᠤᠭᠤᠯᠬᠤ ᠦᠭᠡᠢ ᠪᠠᠶᠢᠬᠤ ᠶᠢ ᠰᠤᠷᠭᠠᠨ᠎ᠠ︔ ᠠᠶᠤᠩᠭᠠᠲᠤ ᠪᠣᠷᠣᠭᠠᠨ ᠲᠠᠢ ᠴᠠᠭ ᠠᠭᠤᠷ ᠲᠤ ᠲᠧᠯᠸᠢᠰ ᠪᠠ | ᠺᠣᠮᠫᠢᠦ᠋ᠲ᠋ᠧᠷ ᠢᠶᠠᠨ ᠬᠠᠭᠠᠵᠤ᠂ ᠠᠶᠤᠩᠭ᠎ᠠ ᠴᠠᠬᠢᠯᠭᠠᠨ ᠤ ᠭᠡᠮᠲᠦᠯ ᠠᠴᠠ ᠰᠡᠷᠭᠡᠶᠢᠯᠡᠬᠦ ᠶᠢᠨ ᠬᠠᠮᠲᠤ ᠬᠡᠦᠬᠡᠳ ᠲᠡᠭᠡᠨ | 110᠂ 119᠂ 120 ᠵᠡᠷᠭᠡ ᠴᠠᠭᠳᠠᠭ᠎ᠠ ᠳᠤ ᠮᠡᠳᠡᠭᠦᠯᠬᠦ ᠤᠲᠠᠰᠤ ᠶᠢ ᠪᠠᠲᠤ ᠴᠡᠭᠡᠵᠢᠯᠡᠭᠦᠯᠪᠡᠯ ᠬᠠᠮᠤᠭ ᠰᠠᠶᠢᠨ᠃ | ᠨᠡᠶᠢᠭᠡᠮ ᠤᠨ ᠠᠵᠢᠯᠯᠠᠭ᠎ᠠ ᠶᠢᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠎ᠠ | ᠬᠡᠦᠬᠡᠳ ᠢ ᠡᠵᠡᠩᠨᠡᠯᠲᠡ ᠶᠢᠨ ᠴᠢᠨᠠᠷᠲᠠᠢ ᠵᠤᠭ᠎ᠠ ᠴᠡᠩᠭᠡᠯ ᠤᠨ ᠭᠠᠵᠠᠷ ᠲᠤ ᠣᠷᠣᠵᠤ ᠪᠣᠯᠬᠤ ᠦᠭᠡᠢ᠂ ᠡᠷᠡᠭᠦᠯ | ᠪᠤᠰᠤ ᠰᠦᠯᠵᠢᠶᠡᠨ ᠤ ᠥᠷᠲᠡᠭᠡᠨ ᠳᠤ ᠭᠠᠷᠴᠤ ᠪᠣᠯᠬᠤ ᠦᠭᠡᠢ᠂ ᠡᠷᠡᠭᠦᠯ ᠪᠤᠰᠤ ᠰᠦᠯᠵᠢᠶᠡᠨ ᠤ ᠲᠣᠭᠯᠠᠭᠠᠮ | ᠨᠠᠭᠠᠳᠴᠤ ᠪᠣᠯᠬᠤ ᠦᠭᠡᠢ ᠭᠡᠵᠦ ᠰᠤᠷᠭᠠᠨ᠎ᠠ︔ ᠭᠠᠳᠠᠭᠰᠢ ᠭᠠᠷᠴᠤ ᠬᠥᠳᠡᠯᠭᠡᠭᠡᠨ ᠬᠢᠬᠦ ᠳᠤ ᠡᠷᠬᠡᠪᠰᠢ ᠭᠡᠷ ᠤᠨ | ᠠᠬᠠᠮᠠᠳ ᠤᠨ ᠵᠥᠪᠰᠢᠶᠡᠷᠡᠯ ᠢ ᠣᠯᠬᠤ ᠬᠡᠷᠡᠭᠲᠡᠢ᠂ ᠲᠠᠨᠢᠬᠤ ᠦᠭᠡᠢ ᠬᠥᠮᠥᠨ ᠲᠠᠢ ᠣᠶᠢᠷᠠᠲᠤᠵᠤ ᠪᠣᠯᠬᠤ ᠦᠭᠡᠢ᠂ | ᠨᠡᠩ ᠴᠤ ᠲᠠᠨᠢᠬᠤ ᠦᠭᠡᠢ ᠬᠥᠮᠥᠨ ᠢᠶᠠᠷ ᠠᠪᠠᠴᠢᠭᠤᠯᠵᠤ ᠪᠣᠯᠬᠤ ᠦᠭᠡᠢ᠃ ᠬᠡᠦᠬᠡᠳ ᠢ ᠤᠬᠠᠮᠰᠠᠷ ᠠᠴᠠ ᠪᠠᠨ | ᠨᠡᠶᠢᠭᠡᠮ ᠨᠡᠶᠢᠲᠡ ᠶᠢᠨ ᠶᠣᠰᠣ ᠮᠣᠷᠠᠯ ᠢ ᠰᠠᠬᠢᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ | ᠱᠠᠯᠢᠭ ᠵᠠᠪᠬᠠᠢ᠂ ᠵᠣᠭᠤᠰ ᠨᠠᠭᠠᠳᠬᠤ᠂ ᠬᠤᠣᠷ ᠡᠳ᠋ᠯᠡᠬᠦ︾ ᠪᠠ ᠹᠧᠣᠳᠠᠯ ᠤᠨ ᠮᠤᠬᠤᠷ ᠰᠦᠰᠦᠭ ᠤᠨ ᠠᠵᠢᠯᠯᠠᠭ᠎ᠠ ᠳᠤ | ᠣᠷᠣᠯᠴᠠᠬᠤ ᠦᠭᠡᠢ ᠪᠠᠶᠢᠵᠤ᠂ ᠨᠡᠶᠢᠭᠡᠮ ᠤᠨ ᠬᠡᠪ ᠤᠨ ᠡᠮᠬᠢ ᠵᠢᠷᠤᠮ ᠢ ᠬᠠᠮᠠᠭᠠᠯᠠᠬᠤ ᠬᠡᠷᠡᠭᠲᠡᠢ ᠭᠡᠵᠦ ᠰᠤᠷᠭᠠᠬᠤ | ᠬᠡᠷᠡᠭᠲᠡᠢ᠃ ᠭᠠᠳᠠᠭᠰᠢ ᠭᠠᠷᠴᠤ ᠵᠢᠭᠤᠯᠴᠢᠯᠠᠬᠤ ᠳᠠᠭᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ | ᠬᠡᠮᠵᠢᠶ᠎ᠡ ᠪᠠᠨ ᠴᠢᠩᠭᠠᠳᠬᠠᠵᠤ᠂ ᠰᠠᠨᠠᠭᠠᠨ ᠳᠤ ᠦᠭᠡᠢ ᠰᠢᠷᠬᠠᠲᠤᠯ ᠭᠡᠮᠲᠦᠯ ᠢ ᠰᠡᠷᠭᠡᠶᠢᠯᠡᠬᠦ ᠬᠡᠷᠡᠭᠲᠡᠢ᠃ ᠬᠡᠦᠬᠡᠳ ᠤᠨ | ᠦᠵᠡᠯ ᠰᠠᠨᠠᠭᠠᠨ ᠤ ᠬᠥᠳᠡᠯᠦᠯ ᠪᠠᠶᠢᠳᠠᠯ᠂ ᠨᠡᠶᠢᠭᠡᠮ ᠤᠨ ᠬᠠᠷᠢᠴᠠᠭ᠎ᠠ᠂ ᠦᠶᠯᠡ ᠠᠵᠢᠯᠯᠠᠭᠠᠨ ᠤ ᠳᠠᠳᠬᠠᠯ᠂ | ᠠᠮᠢᠳᠤᠷᠠᠯ ᠤᠨ ᠵᠠᠮ ᠮᠥᠷ ᠵᠡᠷᠭᠡ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠰᠤᠷᠭᠠᠨ ᠬᠥᠮᠦᠵᠢᠯ ᠤᠨ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠬᠠᠮᠲᠤ ᠬᠡᠦᠬᠡᠳ ᠤᠨ ᠣᠷᠣᠢ ᠬᠠᠷᠢᠬᠤ᠂ ᠣᠷᠣᠢ ᠭᠠᠷᠬᠤ | ᠪᠠ ᠰᠥᠨᠢ ᠳᠡᠭᠡᠨ ᠬᠠᠷᠢᠬᠤ ᠦᠭᠡᠢ ᠪᠠᠶᠢᠬᠤ ᠦᠵᠡᠭᠳᠡᠯ ᠢ ᠡᠷᠡᠰ ᠠᠷᠢᠯᠭᠠᠬᠤ ᠬᠡᠷᠡᠭᠲᠡᠢ᠃ | ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠎ᠠ | ᠬᠡᠦᠬᠡᠳ ᠢ ᠢᠳᠡᠭᠡᠨ ᠤᠮᠳᠠᠭᠠᠨ ᠤ ᠠᠷᠢᠭᠤᠨ ᠴᠡᠪᠡᠷ ᠢ ᠠᠩᠬᠠᠷᠴᠤ᠂ ︽ᠭᠤᠷᠪᠠ ᠦᠭᠡᠢ︾ ᠢᠳᠡᠭᠡᠨ ᠪᠠ | ᠬᠤᠭᠤᠴᠠᠭ᠎ᠠ ᠠᠴᠠ ᠪᠠᠨ ᠬᠡᠲᠦᠷᠡᠭᠰᠡᠨ ᠢᠳᠡᠭᠡᠨ ᠢ ᠢᠳᠡᠬᠦ ᠦᠭᠡᠢ ᠪᠠᠶᠢᠬᠤ ᠶᠢ ᠰᠤᠷᠭᠠᠨ᠎ᠠ᠃ ᠭᠠᠷ ᠢᠶᠠᠨ ᠰᠠᠶᠢᠲᠤᠷ | ᠤᠬᠢᠶᠠᠵᠤ᠂ ᠪᠤᠴᠠᠯᠤᠭᠰᠠᠨ ᠤᠰᠤ ᠤᠤᠭᠤᠵᠤ᠂ ᠪᠤᠯᠭᠤᠭᠰᠠᠨ ᠢᠳᠡᠭᠡᠨ ᠢᠳᠡᠵᠦ᠂ ᠡᠪᠡᠳᠴᠢᠨ ᠠᠮᠠ ᠪᠠᠷ | ᠣᠷᠣᠬᠤ ᠠᠴᠠ ᠰᠡᠷᠭᠡᠶᠢᠯᠡᠵᠦ᠂ ᠢᠳᠡᠭᠡᠨ ᠳᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠬᠡᠦᠬᠡᠳ ᠢ | ᠬᠥᠲᠥᠯᠥᠨ ᠵᠢᠯᠤᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠨᠢ ᠴᠢᠩᠭᠠᠳᠬᠠᠵᠤ᠂ ᠪᠡᠶ᠎ᠡ ᠶᠢᠨ | ᠡᠭᠡᠯᠢᠯᠡᠬᠦ ᠴᠢᠳᠠᠪᠤᠷᠢ ᠶᠢ ᠨᠢ ᠲᠡᠭᠡᠭᠰᠢᠯᠡᠭᠦᠯᠦᠨ᠎ᠡ᠃ | ᠮᠠᠭᠤ ᠴᠠᠭ ᠠᠭᠤᠷ ᠵᠢᠴᠢ ᠪᠠᠶᠢᠭᠠᠯᠢ ᠶᠢᠨ ᠭᠠᠢ ᠭᠠᠮᠰᠢᠭ ᠤᠨ ᠠᠮᠤᠷ ᠲᠦᠪᠰᠢᠨ ᠤ ᠬᠥᠮᠦᠵᠢᠯ ᠢ | ᠴᠢᠩᠭᠠᠳᠬᠠᠨ᠎ᠠ | ᠵᠤᠨ ᠤ ᠠᠮᠠᠷᠠᠯᠲᠠ ᠪᠠ ᠪᠣᠷᠣᠭᠠᠨ ᠤ ᠤᠯᠠᠷᠢᠯ ᠤᠨ ᠦᠶᠡᠷ ᠤᠨ ᠬᠤᠭᠤᠴᠠᠭ᠎ᠠ ᠨᠢ ᠴᠠᠭ ᠤᠨ ᠲᠠᠯ᠎ᠠ ᠪᠠᠷ ᠶᠠᠭ | ᠳᠠᠪᠬᠤᠴᠠᠨ᠎ᠠ᠃ ᠭᠡᠷ ᠤᠨ ᠠᠬᠠᠮᠠᠳ ᠨᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠠᠭᠤᠷᠢᠨ ᠳᠡᠭᠡᠷ᠎ᠡ | ᠬᠡᠦᠬᠡᠳ ᠲᠡᠭᠡᠨ ᠤᠯᠠᠮ ᠨᠢᠭᠡ ᠠᠯᠬᠤᠮ ᠠᠮᠤᠷ ᠲᠦᠪᠰᠢᠨ ᠤ ᠬᠥᠮᠦᠵᠢᠯ ᠪᠠ ᠬᠠᠮᠢᠶᠠᠷᠤᠯᠲᠠ ᠬᠢᠵᠦ᠂ ᠬᠡᠦᠬᠡᠳ ᠢᠶᠠᠨ | ᠠᠭᠠᠳᠠᠷ ᠪᠣᠷᠣᠭᠠᠨ᠂ ᠠᠶᠤᠩᠭ᠎ᠠ᠂ ᠲᠠᠶᠢᠹᠧᠩ ᠰᠠᠯᠬᠢᠨ ᠤ ᠬᠤᠭᠤᠴᠠᠭᠠᠨ ᠳᠤ ᠭᠠᠳᠠᠭᠰᠢ ᠭᠠᠷᠴᠤ ᠪᠣᠯᠬᠤ ᠦᠭᠡᠢ᠂ | ᠠᠶᠤᠩᠭᠠᠲᠤ ᠪᠣᠷᠣᠭᠠᠨ ᠲᠠᠢ ᠴᠠᠭ ᠠᠭᠤᠷ ᠢ ᠥᠨᠳᠥᠷ ᠲᠣᠮᠣ ᠪᠠᠷᠢᠯᠭ᠎ᠠ ᠪᠠ ᠴᠠᠬᠢᠯᠭᠠᠨ ᠬᠠᠩᠭᠠᠬᠤ | ᠲᠥᠬᠦᠭᠡᠷᠦᠮᠵᠢ ᠠᠴᠠ ᠬᠤᠯᠠ ᠪᠠᠶᠢᠯᠭᠠᠵᠤ᠂ ᠭᠤᠣᠯ ᠮᠥᠷᠡᠨ᠂ ᠨᠠᠭᠤᠷ ᠴᠥᠭᠦᠷᠥᠮ ᠵᠡᠷᠭᠡ ᠠᠶᠤᠯ ᠲᠠᠢ ᠣᠷᠣᠨ ᠠᠴᠠ | ᠬᠤᠯᠠ ᠪᠠᠶᠢᠯᠭᠠᠵᠤ᠂ ᠦᠶᠡᠷ ᠤᠨ ᠤᠰᠤ᠂ ᠲᠠᠶᠢᠹᠧᠩ ᠰᠠᠯᠬᠢ᠂ ᠠᠶᠤᠩᠭ᠎ᠠ ᠳᠤ ᠳᠠᠭᠠᠷᠢᠭᠳᠠᠬᠤ᠂ ᠰᠢᠪᠠᠷ | ᠴᠢᠯᠠᠭᠤᠨ ᠤ ᠤᠷᠤᠰᠬᠠᠯ ᠪᠤᠶᠤ ᠠᠭᠤᠯᠠ ᠶᠡᠭᠦᠷᠡᠬᠦ ᠵᠡᠷᠭᠡ ᠠᠶᠤᠯ ᠳᠤ ᠤᠴᠠᠷᠠᠬᠤ ᠠᠴᠠ ᠰᠡᠷᠭᠡᠶᠢᠯᠡᠬᠦ ᠬᠡᠷᠡᠭᠲᠡᠢ ᠭᠡᠵᠦ | ᠰᠤᠷᠭᠠᠬᠤ ᠬᠡᠷᠡᠭᠲᠡᠢ᠃ | ᠬᠦᠨᠳᠦᠲᠦ ᠭᠡᠷ ᠤᠨ ᠠᠬᠠᠮᠠᠳ ᠨᠠᠷ ᠠ᠂ ᠬᠡᠦᠬᠡᠳ ᠪᠣᠯ ᠡᠬᠡ ᠤᠯᠤᠰ ᠤᠨ ᠢᠷᠡᠭᠡᠳᠦᠢ᠂ ᠭᠡᠷ ᠪᠦᠯᠢ ᠶᠢᠨ | ᠬᠦᠰᠡᠯ ᠡᠷᠡᠮᠡᠯᠵᠡᠯ ᠮᠥᠨ᠂ ᠪᠢᠳᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠠᠶᠢᠳᠠᠵᠤ᠂ | ᠬᠡᠦᠬᠡᠳ ᠤᠨ ᠠᠮᠤᠷ ᠲᠦᠪᠰᠢᠨ ᠤ ᠬᠠᠶᠢᠷ᠎ᠠ ᠰᠡᠳᠬᠢᠯᠭᠡ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ | ᠪᠢᠳᠡᠨ ᠢ ᠭᠠᠷ ᠬᠤᠯᠪᠣᠯᠴᠠᠨ᠂ ᠬᠡᠦᠬᠡᠳ ᠤᠨ ᠠᠮᠤᠷ ᠲᠦᠪᠰᠢᠨ᠂ ᠡᠷᠡᠭᠦᠯ ᠴᠢᠭᠢᠷᠠᠭ ᠢᠶᠠᠷ ᠦᠰᠦᠨ ᠪᠣᠶᠢᠵᠢᠬᠤ ᠶᠢ | ᠬᠠᠮᠠᠭᠠᠯᠠᠶ᠎ᠠ᠃ | ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ | 2023 ᠣᠨ ᠤ 7 ᠳ᠋ᠤᠭᠠᠷ ᠰᠠᠷ᠎ᠠ ᠶᠢᠨ 6 ᠤ ᠡᠳᠦᠷ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |