ᠣᠶᠢᠷ᠎ᠠ ᠶᠢᠨ ᠵᠢᠯ ᠠᠴᠠ᠂ ᠲᠤᠭᠳᠠᠬᠤ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ | ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ | ᠪᠣᠳᠠᠲᠠᠢ ᠲᠥᠷᠥᠭᠳᠡᠯ ᠲᠠᠢ ᠪᠦᠲᠦᠮᠵᠢᠲᠡᠢ ᠥᠷᠨᠢᠭᠦᠯᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ | ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠵᠦ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ | ᠰᠢᠷᠢᠰ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠡᠢ᠃ | ᠦᠨᠳᠦᠰᠦᠲᠡᠨ ᠤ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠭᠤᠰᠬᠠᠵᠤ᠂ ᠲᠣᠭᠲᠠᠬᠤ ᠣᠨᠴᠠᠯᠢᠭ ᠲᠠᠢ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ | ᠵᠠᠮ ᠢ ᠨᠡᠭᠡᠭᠡᠵᠡᠢ᠃ ᠤᠷᠢᠳ ᠬᠤᠵᠢᠳ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾ ︽ | ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠲᠠ︾ ︽ᠪᠥᠬᠦ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ︾ ᠤ ᠢᠷᠠᠭᠤ ᠠᠯᠳᠠᠷ ᠢ ᠭᠥᠷᠳᠡᠪᠡ᠃ ᠣᠲᠣ ᠪᠣᠯᠲᠠᠯ᠎ᠠ᠂ | ᠪᠥᠬᠦ ᠰᠢᠶᠠᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠨᠢᠭᠡᠴᠡ 3᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠨᠢᠭᠡᠴᠡ 83᠂ ᠬᠤᠲᠠ ᠶᠢᠨ | ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠰᠠᠭᠤᠷᠢᠨ 1 ᠪᠣᠶ᠃ | ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ | ᠲᠡᠭᠦᠯᠳᠡᠷᠵᠢᠭᠦᠯᠦᠨ᠎ᠡ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠴᠠᠭ ᠲᠤᠬᠠᠢ ᠳᠤᠨᠢ ᠰᠤᠷᠤᠯᠴᠠᠨ ᠦᠨᠳᠦᠰᠦᠲᠡᠨ ᠤ ᠠᠵᠢᠯ ᠤᠨ ᠤᠨᠤᠯ ᠢ ᠲᠣᠭᠲᠠᠮᠠᠯ | ᠬᠤᠭᠤᠴᠠᠭ᠎ᠠ ᠲᠠᠢ ᠪᠠᠷ ᠰᠤᠷᠤᠯᠴᠠᠨ ᠰᠤᠳᠤᠯᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠰ︾ | ᠤᠨ ᠠᠵᠢᠯ ᠢ ᠪᠠᠬᠢᠵᠢᠭᠦᠯᠦᠨ ᠳᠡᠭᠡᠭᠰᠢᠯᠡᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ | ᠪᠠᠶᠢᠭᠤᠯᠤᠯᠲᠠ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ 110 ᠭᠠᠷᠤᠢ ᠤᠳᠠᠭ᠎ᠠ ᠤᠬᠠᠭᠤᠯᠤᠨ | ᠲᠠᠶᠢᠯᠪᠤᠷᠢᠯᠠᠵᠤ᠂ 90 ᠭᠠᠷᠤᠢ ᠪᠣᠳᠠᠲᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠶᠢ 330 ᠭᠠᠷᠤᠢ ᠤᠳᠠᠭ᠎ᠠ ᠥᠷᠨᠢᠭᠦᠯᠵᠡᠢ᠃ ᠦᠨᠳᠦᠰᠦᠲᠡᠨ ᠤ ᠠᠵᠢᠯ ᠢ ᠰᠢᠶᠠᠨ ᠤ | ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠳᠦᠷ ᠳᠤᠳᠤᠮ ᠤᠨ ᠴᠢᠬᠤᠯᠠ ᠵᠥᠪᠯᠡᠬᠦ ᠵᠦᠢᠯ ᠳᠤ | ᠣᠷᠣᠭᠤᠯᠵᠤ᠂ ᠰᠢᠶᠠᠨ ᠤ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠰᠢᠶᠠᠨ ᠤ ᠵᠠᠰᠠᠭ ᠤᠨ ᠣᠷᠳᠣᠨ ᠬᠠᠤᠯᠢ | ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ | ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ | ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠡᠢ᠃ ᠰᠢᠶᠠᠨ ᠰᠢᠶᠠᠩ | ᠲᠣᠰᠬᠤᠨ ᠭᠤᠷᠪᠠᠨ ᠱᠠᠲᠤᠨ ᠤ ᠨᠢᠭᠡᠳᠦᠮᠡᠯ ᠹᠷᠣᠨᠲ ᠤᠨ ᠦᠨᠳᠦᠰᠦᠲᠡᠨ ᠤ ᠠᠵᠢᠯ ᠤᠨ ᠰᠦᠯᠵᠢᠶ᠎ᠡ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ᠂ ᠲᠣᠰᠬᠤᠨ ︵ | ᠨᠡᠶᠢᠭᠡᠮ ᠲᠣᠭᠤᠷᠢᠭ︶ ᠤ ᠨᠢᠭᠡᠳᠦᠮᠡᠯ ᠹᠷᠣᠨᠲ ᠤᠨ ᠬᠤᠯᠪᠣᠭᠠᠴᠢᠨ ᠢ ᠲᠣᠳᠣᠷᠬᠠᠶᠢᠯᠠᠵᠤ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠬᠥᠲᠥᠯᠥᠨ ᠳᠠᠭᠠᠭᠤᠯᠬᠤ ᠦᠢᠯᠡᠳᠦᠯ ᠢ | ᠲᠤᠪᠤᠶᠢᠯᠭᠠᠵᠦ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠬᠦᠴᠦᠨ ᠢ ᠤᠯᠠᠮ ᠴᠢᠨᠠᠭᠰᠢᠳᠠ | ᠲᠡᠭᠦᠯᠳᠡᠷᠵᠢᠭᠦᠯᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ | ᠬᠥᠮᠦᠵᠢᠯ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ ᠪᠠᠳᠤᠳᠬᠠᠨ᠎ᠠ᠂ ᠲᠤᠭᠳᠠᠬᠤ ᠰᠢᠶᠠᠨ ᠤ ᠬᠢᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠬᠢᠵᠢᠭᠦᠯᠬᠦ ᠤᠬᠠᠮᠰᠠᠷ ᠤᠨ ᠤᠬᠠᠭᠤᠯᠭ᠎ᠠ | ᠬᠥᠮᠦᠵᠢᠯ ᠢ ᠢᠯᠡ ᠲᠥᠷᠥᠭᠳᠡᠯ ᠲᠠᠢ ᠪᠦᠲᠦᠮᠵᠢᠲᠡᠢ ᠥᠷᠨᠢᠭᠦᠯᠵᠡᠢ᠃ ᠤᠬᠠᠭᠤᠯᠭ᠎ᠠ ᠶᠢᠨ ᠠᠴᠢᠶᠠᠯᠠᠪᠤᠷᠢ ᠶᠢᠨ | ᠬᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠶᠢ ᠠᠬᠢᠭᠤᠯᠬᠤ ᠬᠤᠷᠠᠯ᠂ ᠰᠤᠳᠤᠯᠭᠠᠨ ᠤ ᠬᠤᠷᠠᠯ ᠢ ᠪᠠᠶᠢᠭᠤᠯᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠬᠤ ᠭᠤᠣᠯ ᠰᠡᠳᠦᠪᠲᠦ ᠤᠷᠠᠨ ᠪᠢᠴᠢᠯᠭᠡ ᠶᠢᠨ ᠬᠤᠷᠠᠯ᠂ | ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠢ 4 ᠤᠳᠠᠭ᠎ᠠ ᠡᠷᠬᠢᠯᠡᠪᠡ᠃ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠪᠠ ᠬᠢᠯᠢ | ᠬᠢᠵᠠᠭᠠᠷ ᠤᠨ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ︾ ︽ᠳᠤᠮᠳᠠᠳᠤ ᠶᠢᠨ ᠦᠨᠳᠦᠰᠦᠲᠡᠨ ᠨᠢᠭᠡ | ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ | ᠲᠡᠷᠭᠡᠯᠰᠢᠭᠦᠯᠬᠦ︾ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠬᠤ ᠰᠢᠶᠠᠨ ᠤ | ᠭᠤᠷᠪᠠᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠶᠢ ᠰᠣᠩᠭᠤᠨ ᠬᠥᠮᠥᠵᠢᠭᠦᠯᠬᠦ ᠠᠵᠢᠯᠯᠠᠭ᠎ᠠ ᠶᠢ | ᠥᠷᠨᠢᠭᠦᠯᠪᠡ᠃ ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠬᠤᠪᠢᠰᠬᠠᠯ ᠤᠨ ᠰᠣᠩᠭᠤᠳᠠᠭ | ᠪᠦᠲᠦᠭᠡᠯ ᠢ ᠤᠯᠠᠮᠵᠢᠯᠠᠨ ᠵᠠᠯᠭᠠᠮᠵᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠢᠷᠢᠰ ᠠᠵᠢᠯᠯᠠᠭ᠎ᠠ ᠶᠢ ᠥᠷᠨᠢᠭᠦᠯᠪᠡ | ᠃ | ᠦᠨᠳᠦᠰᠦᠲᠡᠨ ᠨᠦᠭᠦᠳ ᠤᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠣᠳᠣᠬᠢᠴᠢᠯᠠᠯᠲᠠ ᠶᠢ ᠯᠠᠪᠳᠠᠭᠤᠨ | ᠪᠠᠲᠤᠲᠠᠢ ᠪᠠᠷ ᠲᠦᠯᠬᠢᠨ ᠠᠬᠢᠭᠤᠯᠤᠨ᠎ᠠ᠃ ᠪᠦᠬᠦ ᠰᠢᠶᠠᠨ ᠢᠶᠠᠷ ᠢᠶᠠᠨ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠵᠠᠰᠠᠬᠤ᠂ ᠨᠡᠶᠢᠲᠡ ᠶᠢᠨ ᠵᠣᠷᠯᠣᠩ ᠢ ᠥᠭᠡᠷᠡᠴᠢᠯᠡᠬᠦ᠂ ᠲᠣᠰᠬᠤᠨ ᠤ ᠳᠦᠷᠰᠦ | ᠪᠠᠶᠢᠳᠠᠯ ᠢ ᠶᠡᠭᠡ ᠪᠠᠷ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠢ ᠨᠥᠬᠦᠪᠦᠷᠢᠯᠡᠪᠡ᠃ ᠬᠥᠳᠡᠭᠡ ᠲᠣᠰᠬᠤᠨ ᠤ ᠵᠤᠭᠠᠴᠠᠯ ᠢ ᠶᠡᠬᠡᠪᠡᠷ ᠬᠡᠷᠡᠭᠵᠢᠭᠦᠯᠵᠦ᠂ ᠬᠤᠤ ᠵᠢᠶᠠ ᠶᠣᠣ | ᠲᠣᠰᠬᠤᠨ ︽ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ︾ ᠢᠶᠠᠷ | ᠦᠨᠡᠯᠡᠭᠳᠡᠪᠡ︔ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠪᠦᠲᠦᠭᠡᠯ ᠤᠨ | ᠢᠨᠵᠧᠨᠧᠷᠢᠩ ᠢ ᠶᠡᠬᠡᠪᠡᠷ ᠬᠥᠭᠵᠢᠭᠦᠯᠵᠦ᠂ ᠬᠠᠲᠤᠨ ᠭᠤᠣᠯ ᠤᠨ ᠮᠠᠢ ᠶᠧ ᠬᠥ᠋ ᠲᠠᠷᠢᠶᠠᠨ ᠭᠠᠵᠠᠷ ᠤᠨ | ᠶᠡᠷᠦᠩᠬᠡᠶᠢᠯᠡᠭᠰᠡᠨ ᠴᠣᠭᠴᠠ ᠶᠢ ᠤᠯᠤᠰ ᠤᠨ AAA ᠲᠠᠰ ᠤᠨ ᠦᠵᠡᠮᠵᠢ ᠶᠢᠨ ᠣᠷᠣᠨ ᠪᠣᠯᠭᠠᠵᠤ᠂ ᠶᠦᠨ ᠵᠥᠩ | ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠪᠣᠯᠭᠠᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠴᠢᠳᠠᠪᠤᠷᠢ ᠪᠠ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ | ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠶᠢᠨ ᠲᠣᠪᠣᠶᠢᠮ᠎ᠠ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠨ᠎ᠡ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ | ᠪᠦᠲᠦᠮᠵᠢᠲᠡᠶ ᠲᠦᠯᠬᠢᠨ ᠠᠬᠢᠭᠤᠯᠵᠤ᠂ ᠪᠥᠬᠦ ᠰᠢᠶᠠᠨ ᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ | ᠡᠵᠡᠯᠡᠬᠦ ᠬᠠᠷᠢᠴᠠᠯ 56% ᠬᠦᠷᠴᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ | ᠬᠠᠮᠤᠷᠬᠤ ᠨᠣᠷᠮ᠎ᠠ 86% ᠬᠦᠷᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ︽ᠢᠯᠡ ᠪᠠᠷ | ᠰᠣᠷᠣᠭᠴᠢ ᠡᠯᠰᠡᠬᠦ︾ ︽ᠢᠯᠡ ᠪᠠᠷ ᠠᠩᠭᠢ ᠬᠤᠪᠢᠶᠠᠬᠤ︾ ᠶᠢ ᠬᠡᠷᠡᠭᠵᠢᠭᠦᠯᠪᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ 3.1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠰᠢᠨ᠎ᠡ ᠡᠮᠨᠡᠯᠭᠡ ᠶᠢᠨ ᠬᠤᠷᠢᠶ᠎ᠠ ᠶᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠪᠠ᠃ | ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠠ | ᠃ ᠲᠤᠭᠳᠠᠬᠤ ᠰᠢᠶᠠᠨ ᠱᠤᠸᠠᠩ ᠾᠧ ᠪᠠᠯᠭᠠᠰᠤᠨ ᠤ ᠨᠠᠨ ᠫᠢᠩ ᠨᠡᠶᠢᠭᠡᠮ ᠲᠣᠭᠤᠷᠢᠭ ᠲᠤ ︽ᠴᠥᠭᠡᠨ ᠲᠣᠭᠠᠲᠤ | ᠦᠨᠳᠦᠰᠦᠲᠡᠨ ᠤ ᠨᠡᠭᠦᠳᠡᠯ ᠬᠥᠮᠥᠨ ᠠᠮᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠢ ᠲᠤᠷᠰᠢᠨ | ᠪᠠᠶᠢᠭᠤᠯᠵᠤ᠂ ︽ᠤᠯᠠᠭᠠᠨ ᠠᠨᠠᠷ ᠤᠨ ᠥᠷᠲᠡᠭᠡ︾ ᠳᠤ ᠲᠦᠰᠢᠭᠯᠡᠨ ᠦᠨᠳᠦᠰᠦᠲᠡᠨ ᠤ ᠪᠦᠯᠬᠦᠮᠳᠡᠯ ᠤᠨ | ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠦᠨᠳᠦᠰᠦᠲᠡᠨ ᠤ ᠰᠣᠶᠣᠯ ᠢ ᠨᠡᠶᠢᠭᠡᠮ ᠲᠣᠭᠤᠷᠢᠭ ᠲᠤ | ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ ᠡᠭᠦᠨ ᠤ ᠬᠠᠮᠲᠤ LED ᠳᠡᠯᠭᠡᠴᠡ᠂ ᠨᠡᠶᠢᠲᠡ ᠶᠢᠨ ᠮᠠᠰᠢᠨ | ᠲᠡᠷᠭᠡᠨ ᠤ ᠥᠷᠲᠡᠭᠡᠨ ᠤ ᠫᠠᠶᠢᠰᠠ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠭᠡᠷ ᠤᠨ ᠭᠠᠳᠠᠨᠠᠬᠢ | ᠤᠬᠠᠭᠤᠯᠭ᠎ᠠ ᠶᠢᠨ ᠪᠤᠯᠤᠩ ᠵᠢᠴᠢ ᠷᠠᠳᠢᠣ᠋ ᠲᠧᠯᠸᠢᠰ᠂ ᠰᠦᠯᠵᠢᠶ᠎ᠡ ᠵᠡᠷᠭᠡ ᠣᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠤᠭᠳᠠᠬᠤ ᠰᠢᠶᠠᠨ ᠤ | ᠬᠤᠲᠠ ᠶᠢᠨ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠳᠤ ᠨᠢᠭᠡᠨ ᠲᠣᠮᠣ ᠬᠡᠯᠪᠡᠷᠢ ᠶᠢᠨ ᠦᠨᠳᠦᠰᠦᠲᠡᠨ ᠤ | ᠪᠦᠯᠬᠦᠮᠳᠡᠯ ᠤᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢ ᠪᠠᠶᠢᠷᠢᠯᠠᠭᠤᠯᠵᠠᠢ᠃ | ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠵᠦᠢᠯ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ᠂ ᠬᠠᠤᠯᠢ | ᠴᠠᠭᠠᠵᠠ ᠬᠠᠤᠯᠢ ᠲᠣᠭᠲᠠᠭᠠᠯ ᠢ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ | ᠲᠥᠯᠦᠪᠵᠢᠭᠦᠯᠭᠡ ᠳᠤ ᠣᠷᠣᠭᠤᠯᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ | ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠢ ᠰᠠᠶᠢᠲᠤᠷ ᠬᠢᠬᠦ ᠳᠤ ᠬᠠᠤᠯᠢᠵᠢᠯ ᠤᠨ ᠬᠦᠴᠦᠲᠡᠢ ᠪᠠᠲᠤᠯᠠᠭ᠎ᠠ ᠬᠠᠩᠭᠠᠨ᠎ᠠ᠃ ᠦᠨᠳᠦᠰᠦᠲᠡᠨ ᠤ ᠬᠡᠷᠡᠭ | ᠶᠠᠪᠤᠳᠠᠯ ᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ | ᠪᠠᠶᠢᠷᠢᠰᠢᠯ ᠳᠤ ᠣᠷᠣᠭᠤᠯᠵᠤ᠂ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠳᠤ | ᠣᠷᠣᠭᠤᠯᠤᠨ᠂ ᠦᠨᠳᠦᠰᠦᠲᠡᠨ ᠤ ᠭᠡᠨᠡᠳᠲᠡ ᠶᠢᠨ ᠴᠢᠨᠠᠷᠲᠠᠢ ᠬᠡᠷᠡᠭ ᠲᠤ ᠬᠤᠯᠪᠣᠭᠳᠠᠭᠰᠠᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠪᠡ᠃ ︽ᠲᠣᠭᠲᠠᠬᠤ ᠰᠢᠶᠠᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠦᠨᠳᠦᠰᠦᠲᠡᠨ ᠤ ᠡᠯᠧᠮᠧᠨ᠋ᠲ ᠤᠨ ᠭᠡᠨᠡᠳᠲᠡ ᠶᠢᠨ ᠴᠢᠨᠠᠷᠲᠠᠢ | ᠬᠡᠷᠡᠭ ᠲᠤ ᠬᠤᠯᠪᠣᠭᠳᠠᠭᠰᠠᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠲᠣᠭᠲᠠᠭᠠᠨ ᠲᠡᠭᠦᠯᠳᠡᠷᠵᠢᠭᠦᠯᠵᠦ᠂ | ᠡᠯ᠎ᠡ ᠰᠢᠶᠠᠩ ᠪᠠᠯᠭᠠᠰᠤᠨ ᠤ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ | ᠪᠠᠶᠢᠴᠠᠭᠠᠨ ᠰᠢᠢᠳᠪᠦᠷᠢᠯᠡᠬᠦ ᠳᠡᠭᠡᠭᠰᠢ ᠮᠡᠳᠡᠭᠦᠯᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠦᠨᠳᠦᠰᠦᠲᠡᠨ ᠤ ᠬᠦᠷᠢᠶᠡᠨ ᠤ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |