ᠲᠦᠷᠦ ᠶᠢᠨ ᠶᠠᠪᠤᠳᠠᠯ ᠤᠨ ᠬᠤᠷᠢᠶ᠎ᠠ᠄ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠣᠯᠣᠳᠤᠭᠠᠷ ᠪᠦᠯᠦᠭ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢᠨ ᠴᠡᠭ ᠤᠨ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2023/7/12
      ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠣᠯᠣᠳᠤᠭᠠᠷ ᠪᠦᠯᠦᠭ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠳᠣᠯᠣᠳᠤᠭᠠᠷ ᠪᠦᠯᠦᠭ ᠤᠨ ᠨᠡᠶᠢᠲᠡ 24 ᠵᠦᠢᠯ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠲᠤᠷᠰᠢᠯᠭ᠎ᠠ ᠶᠢ ᠪᠥᠬᠦ ᠤᠯᠤᠰ ᠤᠨ ᠬᠡᠪᠴᠢᠶᠡᠨ ᠳᠤ ᠪᠠ ᠣᠨᠴᠠ ᠲᠣᠭᠲᠠᠭᠰᠠᠨ ᠣᠷᠣᠨ ᠪᠦᠰᠡ ᠳᠤ ᠲᠡᠷᠡ ᠬᠡᠪ ᠢᠶᠠᠷ ᠨᠢ ᠳᠡᠯᠭᠡᠷᠡᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠠᠶᠢᠭ᠎ᠠ ᠭᠠᠵᠠᠷ ᠣᠷᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠣᠨᠴᠠᠯᠢᠭ ᠲᠠᠢ ᠪᠠᠨ ᠤᠶᠠᠯᠳᠤᠭᠤᠯᠤᠨ᠂ ᠳᠦᠷᠢᠮ ᠤᠨ ᠰᠢᠨ᠎ᠡ ᠶᠢ ᠡᠭᠦᠳᠬᠦ ᠦᠢᠯᠡᠳᠦᠯᠭᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠣᠯᠣᠳᠤᠭᠠᠷ ᠪᠦᠯᠦᠭ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠪᠣᠶ ᠪᠣᠯᠭᠠᠵᠤ᠂ ᠪᠥᠬᠦ ᠤᠯᠤᠰ ᠤᠨ ᠬᠡᠪᠴᠢᠶᠡᠨ ᠳᠤ ᠲᠡᠷᠡ ᠬᠡᠪ ᠢᠶᠠᠷ ᠨᠢ ᠳᠡᠯᠭᠡᠷᠡᠭᠦᠯᠬᠦ ᠪᠣᠯᠣᠨ᠎ᠠ᠃ ᠡᠭᠦᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠨᠢᠭᠡᠳᠬᠡᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ︾ ᠥᠭᠡᠷᠡᠴᠢᠯᠡᠯᠲᠡ ᠶᠢᠨ ᠵᠦᠢᠯᠡᠰ ᠢ ᠬᠠᠷᠢᠭᠤᠴᠠᠨ᠎ᠠ᠃      ᠭᠤᠣᠯ ᠠᠭᠤᠯᠭ᠎ᠠ ᠨᠢ ᠳᠣᠣᠷᠠᠬᠢ ᠮᠡᠲᠦ᠄      ᠲᠡᠷᠡ ᠬᠡᠪ ᠢᠶᠠᠷ ᠨᠢ ᠳᠡᠯᠭᠡᠷᠡᠭᠦᠯᠬᠦ ᠭᠤᠣᠯ ᠠᠭᠤᠯᠭ᠎ᠠ      ︵ᠨᠢᠭᠡ︶ ᠪᠥᠬᠦ ᠤᠯᠤᠰ ᠤᠨ ᠬᠡᠪᠴᠢᠶᠡᠨ ᠳᠤ ᠲᠡᠷᠡ ᠬᠡᠪ ᠢᠶᠠᠷ ᠨᠢ ᠳᠡᠯᠭᠡᠷᠡᠭᠦᠯᠬᠦ ᠥᠭᠡᠷᠡᠴᠢᠯᠡᠯᠲᠡ ᠶᠢᠨ ᠵᠦᠢᠯᠡᠰ      1᠂ ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠳᠥᠭᠦᠮᠴᠢᠯᠡᠬᠦ ᠬᠦᠷᠢᠶ᠎ᠡ᠄ ︽ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠨᠢᠭᠡᠳᠬᠡᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ︾᠂ ︽ᠭᠠᠳᠠᠭᠠᠳᠤ ᠳᠤ ᠭᠠᠷᠭᠠᠬᠤ ᠪᠠᠷᠠᠭ᠎ᠠ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠦᠨᠡᠮᠯᠡᠯ ᠤᠨ ᠬᠠᠭᠤᠳᠠᠰᠤ ᠶᠢᠨ ︿ᠡᠭᠦᠯᠡᠨ ᠭᠠᠷ ᠤᠨ ᠥᠰᠥᠭ ᠵᠢᠷᠤᠵᠤ ᠣᠯᠭᠤᠬᠤ﹀ ᠲᠠᠪᠴᠠᠩ︾᠂ ︽ᠠᠭᠠᠷ ᠤᠨ ᠲᠡᠭᠡᠭᠡᠪᠦᠷᠢ ᠶᠢᠨ ᠪᠠᠷᠠᠭᠠᠨ ᠤ ᠲᠡᠭᠡᠭᠡᠪᠦᠷᠢ ᠶᠢᠨ ᠡᠯᠧᠺᠲᠷᠣᠨ ᠮᠡᠳᠡᠭᠡ ᠵᠠᠩᠭᠢᠵᠢᠭᠤᠯᠬᠤ︾ ᠵᠡᠷᠭᠡ 3 ᠵᠦᠢᠯ᠃      2᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠬᠦᠷᠢᠶ᠎ᠡ᠄ ︽ᠤᠰᠤᠨ ᠵᠠᠮ ᠤᠨ ᠲᠡᠭᠡᠭᠡᠪᠦᠷᠢ ᠶᠢᠨ ᠠᠶᠤᠯᠲᠠᠢ ᠪᠠᠷᠠᠭ᠎ᠠ ᠶᠢ ︿ᠬᠤᠳᠠᠯ ᠢᠶᠠᠷ ᠮᠡᠳᠡᠭᠦᠯᠵᠦ ᠨᠢᠭᠤᠴᠠ ᠪᠠᠷ ᠮᠡᠳᠡᠭᠦᠯᠬᠦ ᠳᠥᠷᠪᠡᠨ ᠠᠯᠬᠤᠮ ᠤᠨ ᠪᠠᠶᠢᠴᠠᠭᠠᠬᠤ ᠠᠷᠭ᠎ᠠ﹀︾᠂ ︽ᠲᠡᠯᠡᠶ ᠶᠢᠨ ᠶᠠᠪᠤᠳᠠᠯ ᠤᠨ ᠵᠠᠰᠠᠭ ᠤᠨ ᠶᠠᠪᠤᠳᠠᠯ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ︾᠂ ︽ᠣᠯᠠᠨ ᠤᠯᠤᠰ ᠤᠨ ᠠᠶᠠᠯᠠᠯ ᠤᠨ ᠣᠩᠭᠤᠴᠠ ᠰᠠᠯ ᠤᠨ ︿ᠬᠡᠰᠡᠭᠴᠢᠯᠡᠭᠰᠡᠨ﹀ ᠪᠠᠶᠢᠴᠠᠭᠠᠯᠲᠠ ᠶᠢᠨ ᠲᠣᠭᠲᠠᠴᠠ︾᠂ ︽ᠡᠯᠧᠺᠲᠷᠣᠨ ᠬᠥᠳᠡᠯᠮᠦᠷᠢ ᠶᠢᠨ ᠭᠡᠷ᠎ᠡ ᠶᠢᠨ ᠮᠡᠳᠡᠭᠡ ᠵᠠᠩᠭᠢ ᠶᠢ ᠬᠡᠷᠡᠭᠯᠡᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠲᠦᠭᠦᠮᠴᠢᠯᠡᠨ ᠭᠦᠢᠴᠡᠳᠭᠡᠬᠦ︾᠂ ︽ᠡᠮ ᠡᠮᠨᠡᠯᠭᠡ ᠶᠢᠨ ᠬᠤᠳᠠᠯᠳᠤᠨ ᠠᠪᠬᠤ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠤᠨ ᠲᠣᠭᠲᠠᠴᠠ︾ ᠵᠡᠷᠭᠡ 5 ᠵᠦᠢᠯ᠃      3᠂ ᠮᠥᠩᠭᠦᠨ ᠭᠦᠢᠯᠭᠡᠭᠡᠨ ᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠬᠦᠷᠢᠶ᠎ᠡ᠄ ︽ᠬᠢᠯᠢ ᠠᠯᠤᠰᠯᠠᠭᠰᠠᠨ ᠠᠷᠠᠳ ᠤᠨ ᠵᠣᠭᠤᠰ ᠤᠨ ᠪᠥᠬᠦ ᠶᠠᠪᠤᠴᠠ ᠳᠤ ᠡᠯᠧᠺᠲᠷᠣᠨ ᠢᠶᠠᠷ ᠭᠠᠶᠢᠯᠢ ᠲᠤᠰᠢᠶᠠᠬᠤ︾᠂ ︽ᠭᠠᠳᠠᠭᠠᠳᠤ ᠳᠤ ᠳᠠᠭᠠᠭᠠᠴᠢᠯᠠᠭᠰᠠᠨ ᠢᠨᠵᠧᠨᠧᠷᠢᠩ ᠤᠨ ᠲᠥᠷᠥᠯ ᠤᠨ ᠴᠢᠨᠠᠷ ᠰᠠᠶᠢᠲᠠᠢ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ᠬᠢᠯᠢ ᠠᠯᠤᠰᠯᠠᠭᠰᠠᠨ ᠠᠷᠠᠳ ᠤᠨ ᠵᠣᠭᠤᠰ ᠢᠶᠠᠷ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠢ ᠳᠥᠭᠦᠮᠴᠢᠯᠡᠬᠦ︾᠂ ︽ᠲᠡᠮᠳᠡᠭᠲᠦ᠂ ᠬᠤᠭᠤᠴᠠᠭᠠᠲᠤ ᠪᠠᠷᠠᠭ᠎ᠠ᠂ ᠰᠠᠭᠤᠷᠢ ᠮᠥᠩᠭᠦ ᠶᠢᠨ ᠬᠢᠯᠢ ᠶᠢᠨ ᠭᠠᠳᠠᠨᠠᠬᠢ ᠮᠥᠩᠭᠦᠨ ᠭᠦᠢᠯᠭᠡᠭᠡᠨ ᠤ ᠠᠵᠢᠯ ᠮᠡᠷᠭᠡᠵᠢᠯ ᠤᠨ ᠬᠢᠷᠢ ᠬᠡᠮ ᠢ ᠮᠡᠳᠡᠷᠡᠬᠦ ᠲᠣᠭᠲᠠᠴᠠ︾᠂ ︽ᠬᠥᠳᠡᠯᠬᠦ ᠬᠥᠷᠥᠩᠭᠡ ᠪᠠᠷ ᠳᠠᠨᠵᠢᠯᠠᠵᠤ ᠪᠡᠯᠡ ᠲᠣᠬᠢᠷᠠᠭᠤᠯᠬᠤ ᠲᠤᠬᠠᠶᠢᠯᠠᠭᠰᠠᠨ ᠠᠵᠢᠯ ᠤᠨ ᠵᠠᠭᠪᠤᠷ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠫᠢᠶᠣᠣ ᠪᠠᠷᠢᠮᠲᠠ ᠪᠠᠷ ᠪᠡᠯᠡ ᠲᠣᠬᠢᠷᠠᠭᠤᠯᠬᠤ ᠰᠢᠨ᠎ᠡ ᠵᠠᠭᠪᠤᠷ︾᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠳᠠᠨᠵᠢᠯᠠᠵᠤ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠬᠦ︾ ᠵᠡᠷᠭᠡ 6 ᠵᠦᠢᠯ᠃      4᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠦᠷᠢᠶ᠎ᠡ᠄ ︽ᠦᠢᠯᠡᠳᠬᠦ ᠦᠢᠯᠡᠰ ᠤᠨ ᠣᠶᠤᠨᠴᠢᠯᠠᠭᠰᠠᠨ ᠬᠡᠯᠪᠡᠷᠢ ᠶᠢ ᠬᠤᠪᠢᠷᠠᠭᠤᠯᠤᠨ ᠵᠠᠬ᠎ᠠ ᠳᠡᠯᠭᠡᠭᠦᠷᠴᠢᠯᠡᠨ ᠲᠠᠰ ᠳᠡᠪᠰᠢᠭᠦᠯᠬᠦ ᠰᠢᠨ᠎ᠡ ᠵᠠᠭᠪᠤᠷ︾᠂ ︽ᠡᠷᠡᠭᠦᠯ ᠮᠡᠨᠳᠦ ᠶᠢᠨ ᠡᠮᠴᠢᠯᠡᠭᠡᠨ ᠤ ᠲᠣᠮᠣ ᠳ᠋ᠠᠶᠢᠲ᠋ᠠ ᠶᠢ ᠬᠤᠪᠢᠷᠠᠭᠤᠯᠤᠨ ᠬᠡᠷᠡᠭᠯᠡᠬᠦ︾᠂ ︽ᠲᠤᠰᠬᠠᠢ ᠠᠰᠢᠭ ᠤᠨ ᠵᠠᠮᠴᠢᠯᠠᠯ ᠢᠶᠠᠷ ᠠᠵᠤ ᠦᠢᠯᠡᠰ ᠤᠨ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠵᠦ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠰᠢᠨ᠎ᠡ ᠵᠠᠭᠪᠤᠷ︾᠂ ︽ᠲᠤᠰᠬᠠᠢ ᠠᠰᠢᠭ ᠤᠨ ᠨᠡᠭᠡᠭᠡᠯᠲᠡ ᠶᠢᠨ ᠵᠥᠪᠰᠢᠶᠡᠷᠡᠯ ᠤᠨ ᠰᠢᠨ᠎ᠡ ᠵᠠᠭᠪᠤᠷ︾᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠲᠦᠪᠯᠡᠷᠡᠭᠦᠯᠦᠨ ᠬᠦᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠵᠡᠷᠭᠡ 5 ᠵᠦᠢᠯ ᠪᠣᠯᠣᠨ᠎ᠠ᠃      5᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠦᠷᠢᠶ᠎ᠡ᠄ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠬᠦ ᠶᠢ ᠲᠡᠷᠢᠭᠦᠨ ᠳᠤ ᠲᠠᠯᠪᠢᠬᠤ ᠲᠣᠭᠲᠠᠴᠠ︾᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥᠯ ᠤᠨ ᠬᠡᠷᠡᠭ ᠤᠨ ︿ᠲᠥᠬᠦᠮ ᠬᠡᠷᠡᠭ ᠢ ᠲᠦᠷᠭᠡᠨ ᠰᠢᠢᠳᠪᠦᠷᠢᠯᠡᠬᠦ﹀︾᠂ ︽ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ﹀ ᠢ ᠤᠷᠢᠳᠠᠪᠠᠷ ᠲᠡᠰᠦᠯᠦᠨ ᠨᠢᠴᠤᠭᠠᠬᠤ᠂ ᠠᠰ ᠲᠤᠨᠢ ︿ᠲᠡᠰᠦᠯᠦᠨ ᠲᠣᠭᠲᠠᠭᠠᠯᠭᠠᠬᠤ ᠪᠠᠷ ᠭᠤᠶᠤᠴᠢᠯᠠᠬᠤ ᠵᠠᠭᠪᠤᠷ︾ ᠵᠡᠷᠭᠡ 3 ᠵᠦᠢᠯ᠃      ︵ᠬᠤᠶᠠᠷ︶ ᠣᠨᠴᠠ ᠲᠣᠭᠲᠠᠭᠠᠭᠰᠠᠨ ᠣᠷᠣᠨ ᠪᠦᠰᠡ ᠳᠤ ᠲᠡᠷᠡ ᠬᠡᠪ ᠢᠶᠠᠷ ᠨᠢ ᠳᠡᠯᠭᠡᠷᠡᠭᠦᠯᠬᠦ ᠥᠭᠡᠷᠡᠴᠢᠯᠡᠯᠲᠡ ᠶᠢᠨ ᠵᠦᠢᠯᠡᠰ      1᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠠᠳᠠᠭᠠᠳᠤ ᠳᠠᠬᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠳᠠᠭᠠᠳᠬᠠᠯ ᠢ ᠳᠡᠯᠭᠡᠷᠡᠭᠦᠯᠬᠦ︾ ᠶᠢ ᠲᠡᠷᠡ ᠬᠡᠪ ᠢᠶᠠᠷ ᠳᠡᠯᠭᠡᠷᠡᠭᠦᠯᠦᠨ᠎ᠡ᠃      2᠂ ᠲᠡᠯᠡᠶ ᠳᠠᠭᠠᠤ ᠭᠠᠵᠠᠷ ᠣᠷᠣᠨ ᠳᠤ ︽ᠲᠡᠯᠡᠶ ᠳᠤ ᠪᠣᠬᠢᠷᠲᠤᠯ ᠭᠠᠳᠠᠭᠰᠢᠯᠠᠭᠤᠯᠬᠤ ᠶᠢ ᠵᠢᠷᠤᠮᠵᠢᠭᠤᠯᠤᠭᠰᠠᠨ ︿ᠲᠠᠰ ᠬᠤᠪᠢᠶᠠᠨ ᠲᠥᠷᠥᠯ ᠬᠤᠪᠢᠶᠠᠨ ᠬᠠᠮᠢᠶᠠᠷᠬᠤ﹀ ᠰᠢᠨ᠎ᠡ ᠵᠠᠭᠪᠤᠷ︾ ᠢ ᠲᠡᠷᠡ ᠬᠡᠪ ᠢᠶᠠᠷ  ᠨᠢ ᠳᠡᠯᠭᠡᠷᠡᠭᠦᠯᠦᠨ᠎ᠡ᠃      ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ᠃ ᠳᠣᠯᠣᠳᠤᠭᠠᠷ ᠪᠦᠯᠦᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠪᠠ ᠲᠦᠷᠦᠭᠦᠦ ᠵᠢᠷᠭᠤᠭᠠᠨ ᠪᠦᠯᠦᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠪᠠᠬᠢᠵᠢᠭᠦᠯᠦᠨ ᠨᠠᠶᠢᠳᠠᠪᠤᠷᠢᠵᠢᠭᠤᠯᠬᠤ ᠶᠢ ᠤᠶᠠᠯᠳᠤᠭᠤᠯᠵᠤ᠂ ᠠᠳᠠᠯᠢ ᠨᠢᠭᠡᠨ ᠬᠦᠷᠢᠶᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠰᠢᠰᠲ᠋ᠧᠮ ᠤᠨ ᠠᠳᠠᠯᠢ ᠪᠤᠰᠤ ᠬᠦᠷᠢᠶᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠷᠰᠢᠯᠭ᠎ᠠ ᠶᠢ ᠬᠠᠮᠵᠢᠯᠴᠠᠭᠤᠯᠤᠨ ᠠᠪᠴᠠᠯᠳᠤᠭᠤᠯᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠳᠦᠷᠢᠮ ᠤᠨ ᠨᠡᠩ ᠪᠣᠯᠪᠠᠰᠤᠷᠠᠩᠭᠤᠢ ᠨᠡᠩ ᠲᠣᠭᠲᠠᠪᠤᠷᠢᠵᠢᠬᠤ ᠶᠢ ᠠᠬᠢᠭᠤᠯᠵᠤ᠂ ᠳᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃       ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨᠬᠦ ᠰᠠᠶᠢᠲᠤᠷ ᠬᠢᠬᠦ ᠬᠡᠷᠡᠭᠲᠡᠢ      ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠲᠤᠷᠰᠢᠯᠭ᠎ᠠ ᠶᠢᠨ ᠴᠡᠭ ᠤᠨ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠢ ᠲᠣᠰ ᠭᠠᠵᠠᠷ ᠣᠷᠣᠨ ᠤ ᠭᠤᠣᠯᠳᠠᠯᠭ᠎ᠠ ᠲᠠᠢ ᠠᠵᠢᠯ ᠳᠠᠭᠠᠨ ᠣᠷᠣᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠤᠨ ᠤᠷᠤᠭᠰᠢᠲᠠᠢ ᠠᠬᠢᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠤᠨ ᠤᠷᠤᠭᠰᠢᠳᠠᠢ ᠲᠦᠯᠬᠢᠨ ᠠᠬᠢᠭᠤᠯᠵᠦ᠂ ᠦᠷ᠎ᠡ ᠪᠦᠳᠦᠭᠡᠯ ᠤᠯᠬᠤ ᠶᠢ ᠦᠨᠡᠨᠬᠦ ᠪᠠᠳᠤᠯᠠᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠬᠦ ᠴᠢᠬᠤᠯᠠᠲᠠᠢ ᠵᠦᠢᠯᠡᠰ ᠢ ᠵᠢᠷᠤᠮ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠪᠢᠴᠢᠭ ᠮᠠᠲ᠋ᠧᠷᠢᠶᠠᠯ ᠪᠠ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠲᠣᠭᠲᠠᠭᠠᠯ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ᠂ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠡᠷᠡ ᠬᠡᠪ ᠢᠶᠠᠷ ᠨᠢ ᠳᠡᠯᠭᠡᠷᠡᠭᠦᠯᠬᠦ ᠪᠦᠬᠦ ᠶᠠᠪᠤᠴᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠨᠢ ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠲᠦᠷᠦᠭᠦᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠪᠠ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠲᠤᠨᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ᠎ᠡ᠃ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1