ᠲᠥᠪ ᠪᠠᠩᠬᠢ ᠵᠡᠷᠭᠡ ᠬᠤᠶᠠᠷ ᠰᠠᠯᠠᠭ᠎ᠠ ᠮᠥᠴᠢᠷ ᠬᠤᠶᠠᠷ ᠵᠦᠢᠯ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠤᠷᠲᠤᠳᠬᠠᠵᠤ ᠪᠠᠲᠤᠯᠠᠭᠠᠲᠤ ᠲᠤᠰᠢᠶᠠᠬᠤ ᠠᠰᠠᠷ ᠤᠨ ᠮᠥᠩᠭᠦᠨ ᠭᠦᠢᠯᠭᠡᠭᠡᠨ ᠤ ᠲᠡᠮᠵᠢᠯᠭᠡ ᠶᠢ ᠴᠢᠩᠭᠠᠷᠠᠭᠤᠯᠪᠠ
ᠨᠡᠶᠢᠲᠡᠯᠡᠭᠰᠡᠨ ᠴᠠᠭ᠄
2023/7/12
      ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠮᠡᠳᠡᠭᠳᠡᠯ ᠨᠡᠶᠢᠲᠡᠯᠡᠵᠦ᠂ ᠡᠭᠦᠨ ᠠᠴᠠ ᠡᠮᠦᠨ᠎ᠡ ᠨᠡᠶᠢᠲᠡᠯᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠳᠡᠮᠵᠢᠬᠦ ᠬᠤᠶᠠᠷ ᠵᠦᠢᠯ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠬᠦᠴᠦᠨ ᠲᠠᠢ ᠬᠤᠭᠤᠴᠠᠭ᠎ᠠ ᠶᠢ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠢᠭᠡᠳᠦᠯᠲᠡᠢ ᠤᠷᠲᠤᠳᠬᠠᠪᠠ᠃ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠰ ᠠᠷᠭ᠎ᠠ ᠬᠡᠮᠵᠢᠶ᠎ᠡ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠬᠠᠳᠠᠭᠠᠯᠠᠮᠵᠢᠳᠦ ᠪᠡᠯᠡ ᠲᠣᠬᠢᠷᠠᠭᠤᠯᠭ᠎ᠠ ᠶᠢᠨ ᠬᠤᠭᠤᠴᠠᠭ᠎ᠠ ᠶᠢ ᠦᠷᠭᠦᠯᠵᠢᠯᠡᠨ ᠤᠷᠲᠤᠳᠬᠠᠵᠤ᠂ ᠪᠠᠲᠤᠯᠠᠭᠠᠲᠤ ᠲᠤᠰᠢᠶᠠᠬᠤ ᠠᠰᠠᠷ ᠤᠨ ᠮᠥᠩᠭᠦᠨ ᠭᠦᠢᠯᠭᠡᠭᠡᠨ ᠤ ᠲᠡᠮᠵᠢᠯᠭᠡ ᠶᠢ ᠴᠢᠩᠭᠠᠷᠠᠭᠤᠯᠪᠠ ᠭᠡᠵᠡᠢ᠃
      ᠵᠢᠷᠤᠭ ᠪᠣᠯ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠶᠡᠷᠦᠩᠬᠡᠢ ᠪᠠᠩᠬᠢ ᠶᠢᠨ ᠲᠣᠮᠣ ᠠᠰᠠᠷ      ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ 2022 ᠣᠨ ᠤ 11 ᠳ᠋ᠤᠭᠡᠷ ᠰᠠᠷ᠎ᠠ ᠳᠤ ᠳᠤᠮᠳᠠᠳᠤ ᠤᠯᠤᠰ ᠤᠨ ᠠᠷᠠᠳ ᠤᠨ ᠪᠠᠩᠬᠢ᠂ ᠤᠤᠯ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠠᠮᠲᠤᠷᠠᠨ 16 ᠵᠦᠢᠯ ᠤᠨ ᠮᠥᠩᠭᠦᠨ ᠭᠦᠢᠯᠭᠡᠭᠡᠨ ᠤ ᠠᠷᠭ᠎ᠠ ᠬᠡᠮᠵᠢᠶ᠎ᠡ ᠨᠡᠶᠢᠲᠡᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ᠂ ᠪᠠᠲᠤᠯᠠᠭᠠᠲᠤ ᠲᠤᠰᠢᠶᠠᠬᠤ ᠠᠰᠠᠷ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠢᠳᠡᠪᠬᠢᠲᠡᠢ ᠰᠠᠶᠢᠲᠤᠷ ᠬᠢᠬᠦ᠂ ᠬᠦᠴᠢᠷᠳᠡᠯ ᠳᠤ ᠲᠤᠯᠭᠠᠷᠠᠭᠰᠠᠨ ᠭᠡᠷ ᠪᠠᠶᠢᠰᠢᠩ ᠤᠨ ᠠᠵᠤ ᠠᠬᠤᠶᠢᠯᠠᠯ ᠤᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠬᠦ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠲᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠤᠳᠤᠷᠬᠠᠶᠢᠯᠠᠵᠠᠢ᠃      ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽ᠮᠥᠩᠭᠦᠨ ᠭᠦᠢᠯᠭᠡᠭᠡᠨ ᠤ ᠠᠷᠪᠠᠨ ᠵᠢᠷᠭᠤᠭᠠᠨ ᠵᠤᠷᠪᠤᠰ︾ ᠢ ᠨᠡᠶᠢᠲᠡᠯᠡᠨ ᠬᠡᠷᠡᠭᠵᠢᠭᠦᠯᠦᠭᠰᠡᠨ ᠤ ᠳᠠᠷᠠᠭ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠦᠢ ᠵᠣᠬᠢᠰᠲᠠᠢ ᠪᠠᠶᠢᠬᠤ ᠶᠢ ᠪᠠᠲᠤᠯᠠᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠲᠦᠭᠰᠢᠭᠦᠷᠢ ᠶᠢ ᠠᠷᠢᠯᠭᠠᠬᠤ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠪᠠᠳᠠᠷᠠᠭᠤᠯᠵᠤ᠂ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ︽ᠣᠳᠣᠬᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠬᠠᠳᠠᠭᠠᠯᠠᠯᠮᠵᠢᠳᠦ ᠪᠡᠯᠡ ᠲᠣᠬᠢᠷᠠᠭᠤᠯᠭ᠎ᠠ ᠶᠢᠨ ᠬᠤᠭᠤᠴᠠᠭ᠎ᠠ ᠶᠢ ᠦᠷᠭᠦᠯᠵᠢᠯᠡᠨ ᠤᠷᠲᠤᠳᠬᠠᠵᠤ᠂ ᠪᠠᠲᠤᠯᠠᠭᠠᠲᠤ ᠲᠤᠰᠢᠶᠠᠬᠤ ᠠᠰᠠᠷ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠬᠦ ᠶᠢᠨ ᠲᠥᠯᠥᠭᠡ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠬᠦᠴᠦᠨ ᠲᠠᠢ ᠬᠤᠭᠤᠴᠠᠭ᠎ᠠ ᠶᠢ ᠤᠷᠳᠤᠳᠬᠠᠪᠠ︾ ᠭᠡᠵᠡᠢ᠃      ᠡᠨᠡᠬᠦ ᠲᠥᠷᠥ ᠶᠢᠨ ᠪᠣᠳᠣᠯᠭ᠎ᠠ ᠨᠢ ᠬᠤᠶᠠᠷ ᠲᠠᠯ᠎ᠠ ᠳᠤ ᠲᠥᠪᠯᠡᠷᠡᠵᠦ ᠪᠠᠶᠢᠨ᠎ᠠ᠂ ᠨᠢᠭᠡ ᠲᠠᠯ᠎ᠠ ᠪᠠᠷ ᠨᠡᠭᠡᠭᠡᠨ ᠬᠥᠭᠵᠢᠭᠦᠯᠬᠦ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠵᠡᠷᠭᠡ ᠦᠯᠡᠳᠡᠭᠡᠯ ᠪᠡᠯᠡ ᠲᠣᠬᠢᠷᠠᠭᠤᠯᠭ᠎ᠠ ᠶᠢᠨ ᠬᠤᠭᠤᠴᠠᠭ᠎ᠠ ᠶᠢ ᠵᠦᠢ ᠵᠣᠬᠢᠰᠲᠠᠢ ᠪᠠᠷ ᠤᠷᠲᠤᠳᠬᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠪᠣᠯᠣᠨ᠎ᠠ᠂ ᠨᠥᠭᠦᠭᠡ ᠲᠠᠯ᠎ᠠ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠲᠤᠯᠠᠭᠠᠲᠤ ᠲᠤᠰᠢᠶᠠᠬᠤ ᠠᠰᠠᠷ ᠤᠨ ᠢᠵᠢ ᠪᠦᠷᠢᠳᠦᠭᠰᠡᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠪᠣᠯᠣᠨ᠎ᠠ᠃      ᠬᠠᠳᠠᠭᠠᠯᠠᠯᠮᠵᠢᠳᠦ ᠪᠡᠯᠡ ᠲᠣᠬᠢᠷᠠᠭᠤᠯᠭ᠎ᠠ ᠶᠢᠨ ᠬᠤᠭᠤᠴᠠᠭ᠎ᠠ ᠶᠢ ᠤᠷᠲᠤᠳᠬᠠᠬᠤ ᠲᠠᠯ᠎ᠠ ᠪᠠᠷ᠂ ᠤᠤᠯ ᠤᠨ ᠲᠥᠷᠥ ᠶᠢᠨ ᠪᠣᠳᠣᠯᠭ᠎ᠠ ᠳᠤ ︽ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ᠂ ᠢᠷᠡᠬᠦ ᠬᠠᠭᠠᠰ ᠵᠢᠯ ᠤᠨ ᠳᠣᠲᠣᠷ᠎ᠠ ᠬᠤᠭᠤᠴᠠᠭ᠎ᠠ ᠨᠢ ᠲᠤᠯᠪᠠᠯ᠂ ᠤᠤᠯ ᠤᠨ ᠲᠣᠭᠲᠠᠭᠠᠯ ᠠᠴᠠ ᠬᠡᠲᠦᠷᠡᠭᠦᠯᠦᠨ ᠬᠤᠭᠤᠴᠠᠭ᠎ᠠ ᠶᠢ ᠨᠢ ᠢᠯᠡᠭᠦᠦ ᠨᠢᠭᠡ ᠵᠢᠯ ᠤᠷᠲᠤᠳᠬᠠᠬᠤ ᠶᠢ ᠵᠥᠪᠰᠢᠶᠡᠷᠡᠵᠦ ᠪᠣᠯᠣᠨ᠎ᠠ︾ ᠭᠡᠵᠦ ᠲᠣᠭᠲᠠᠭᠠᠵᠠᠢ᠃ ᠲᠣᠰ ᠤᠳᠠᠭᠠᠨ ᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ︽2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠬᠤᠭᠤᠴᠠᠭ᠎ᠠ ᠨᠢ ᠲᠤᠯᠪᠠᠯ᠂ ᠤᠤᠯ ᠤᠨ ᠲᠣᠭᠲᠠᠭᠠᠯ ᠠᠴᠠ ᠳᠠᠪᠠᠵᠤ ᠢᠯᠡᠭᠦᠦ ᠨᠢᠭᠡ ᠵᠢᠯ ᠤᠷᠲᠤᠳᠬᠠᠵᠤ ᠪᠣᠯᠣᠨ᠎ᠠ︾᠂ ᠡᠨᠡ ᠨᠢ ᠴᠥᠭᠡᠨ ᠪᠤᠰᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠳᠤ ᠠᠪᠴᠤ ᠬᠡᠯᠡᠪᠡᠯ ᠠᠰᠢᠭᠲᠠᠢ ᠮᠡᠳᠡᠭᠡ ᠪᠣᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠪᠡᠯᠡ ᠲᠣᠬᠢᠷᠠᠭᠤᠯᠭ᠎ᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠳᠤ ᠠᠰᠢᠭᠲᠠᠢ ᠶᠤᠮ᠃ ᠡᠭᠦᠨ ᠤ ᠬᠠᠮᠲᠤ᠂ ᠡᠨᠡ ᠨᠢ ᠪᠠᠰᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠯᠡᠳᠡᠭᠡᠯ ᠵᠢᠭᠡᠯᠡᠯᠭᠡ ᠶᠢᠨ ᠲᠦᠭᠰᠢᠭᠦᠷᠢ ᠶᠢ ᠠᠷᠢᠯᠭᠠᠬᠤ ᠳᠤ ᠠᠰᠢᠭᠲᠠᠢ᠃      ᠡᠭᠦᠨ ᠠᠴᠠ ᠭᠠᠳᠠᠨ᠎ᠠ᠂ ᠤᠤᠯ ᠤᠨ ᠲᠥᠷᠥ ᠶᠢᠨ ᠪᠣᠳᠣᠯᠭ᠎ᠠ ᠳᠤ ︽ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠠᠭᠠᠰ ᠵᠢᠯ ᠤᠨ ᠳᠣᠲᠣᠷ᠎ᠠ᠂ ᠲᠤᠰᠬᠠᠢ ᠵᠦᠢᠯ ᠤᠨ ᠵᠢᠭᠡᠯᠡᠯᠭᠡ ᠶᠢᠨ ᠳᠡᠮᠵᠢᠬᠦ ᠵᠦᠢᠯᠡᠰ ᠲᠤ ᠣᠯᠭᠤᠬᠤ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢ ᠵᠢᠭᠡᠯᠡᠯᠭᠡ ᠶᠢᠨ ᠬᠤᠭᠤᠴᠠᠭᠠᠨ ᠳᠤ ᠲᠦᠭᠰᠢᠭᠦᠷᠢ ᠶᠢᠨ ᠲᠥᠷᠥᠯ ᠢᠯᠭᠠᠯ ᠢ ᠪᠠᠭᠤᠷᠠᠭᠤᠯᠬᠤ ᠦᠭᠡᠢ︔ ᠥᠷᠢ ᠥᠭᠴᠡᠭᠡ ᠶᠢᠨ ᠰᠢᠨ᠎ᠡ ᠬᠠᠭᠤᠴᠢᠨ ᠬᠤᠪᠢᠶᠠᠷᠢᠯᠠᠯᠲᠠ ᠶᠢ ᠲᠠᠰᠤᠯᠤᠭᠰᠠᠨ ᠤ ᠳᠠᠷᠠᠭᠠᠬᠢ ᠵᠢᠭᠡᠯᠡᠯᠭᠡ ᠳᠠᠭᠠᠭᠠᠴᠢᠯᠠᠬᠤ ᠭᠤᠣᠯ ᠴᠣᠭᠴᠠ ᠶᠢ ᠬᠢᠷᠢ ᠲᠡᠩᠴᠡᠭᠰᠡᠨ ᠵᠢᠭᠡᠯᠡᠯᠭᠡ ᠶᠢᠨ ᠭᠤᠣᠯ ᠴᠣᠭᠴᠠ ᠶᠢᠨ ᠶᠣᠰᠣᠭᠠᠷ ᠬᠠᠮᠢᠶᠠᠷᠤᠨ᠎ᠠ᠃ ᠰᠢᠨ᠎ᠡ ᠪᠠᠷ ᠲᠠᠷᠬᠠᠭᠠᠭᠰᠠᠨ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢᠨ ᠪᠦᠷᠢᠯᠳᠦᠯ ᠨᠢ ᠮᠠᠭᠤ᠂ ᠬᠠᠮᠢᠶ᠎ᠠ ᠪᠦᠬᠦᠢ ᠪᠠᠶᠢᠭᠤᠯᠤᠮᠵᠢ ᠪᠠ ᠠᠵᠢᠯᠲᠠᠨ ᠨᠢᠭᠡᠨᠲᠡ ᠲᠤᠰᠢᠶᠠᠯ ᠢᠶᠠᠨ ᠭᠦᠢᠴᠡᠳᠬᠡᠭᠰᠡᠨ ᠪᠠᠶᠢᠪᠠᠯ᠂ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠣᠯᠣᠨ᠎ᠠ︾ ᠭᠡᠵᠡᠢ᠃ ᠲᠣᠰ ᠤᠳᠠᠭᠠᠨ ᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠦᠴᠦᠨ ᠲᠠᠢ ᠬᠤᠭᠤᠴᠠᠭ᠎ᠠ ᠶᠢ ᠴᠤ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠣᠯᠲᠠᠯ᠎ᠠ ᠤᠷᠲᠤᠳᠬᠠᠪᠠ᠃       ᠠᠵᠢᠯ ᠲᠥᠷᠥᠯ ᠤᠨ ᠳᠣᠲᠣᠭᠠᠳᠤ ᠶᠢᠨ ᠬᠥᠮᠥᠰ ᠢᠯᠡᠷᠬᠡᠶᠢᠯᠡᠬᠦ ᠳᠡᠭᠡᠨ᠂ ᠲᠣᠰ ᠤᠳᠠᠭ᠎ᠠ ᠤᠷᠳᠤᠳᠬᠠᠭᠰᠠᠨ  ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠣᠨ ᠰᠠᠭᠤᠴᠠ ᠶᠢᠨ ᠠᠵᠤ ᠠᠬᠤᠶᠢᠯᠠᠯ ᠤᠨ ᠰᠢᠨ᠎ᠡ ᠪᠠᠷ ᠲᠠᠷᠬᠠᠭᠠᠬᠤ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢᠨ ᠲᠤᠬᠠᠢ ᠬᠡᠰᠡᠭ ᠡᠷᠡᠭᠡᠯᠵᠡᠭᠡ ᠶᠢ ᠠᠷᠢᠯᠭᠠᠬᠤ ᠳᠤ ᠠᠰᠢᠭᠲᠠᠢ ᠪᠠᠶᠢᠵᠤ᠂ ᠣᠷᠣᠨ ᠰᠠᠭᠤᠴᠠ ᠶᠢᠨ ᠠᠵᠤ ᠠᠬᠤᠶᠢᠯᠠᠯ ᠳᠤ ᠵᠣᠬᠢᠬᠤ ᠬᠡᠮᠵᠢᠶᠡᠨ ᠤ ᠪᠡᠯᠡ ᠲᠣᠬᠢᠷᠠᠭᠤᠯᠭ᠎ᠠ ᠶᠢᠨ ᠠᠭᠤᠵᠢᠭᠤ ᠣᠷᠴᠢᠨ ᠨᠥᠬᠦᠴᠡᠯ ᠬᠠᠩᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠣᠷᠣᠨ ᠰᠠᠭᠤᠴᠠ ᠶᠢᠨ ᠠᠵᠤ ᠠᠬᠤᠶᠢᠯᠠᠯ ᠳᠤ ᠦᠷᠭᠦᠯᠵᠢᠯᠡᠨ ᠲᠣᠭᠲᠠᠪᠤᠷᠢᠲᠠᠢ ᠪᠡᠯᠡ ᠮᠥᠩᠭᠦ ᠶᠢᠨ ᠳᠡᠮᠵᠢᠯᠭᠡ ᠬᠠᠩᠭᠠᠬᠤ ᠳᠤ ᠠᠰᠢᠭᠲᠠᠢ ᠶᠤᠮ ᠭᠡᠵᠡᠢ᠃      ᠡᠭᠦᠨ ᠠᠴᠠ ᠭᠠᠳᠠᠨ᠎ᠠ᠂ ᠣᠶᠢᠯᠠᠭᠠᠭᠰᠠᠨ ᠢᠶᠠᠷ᠂ 2023 ᠣᠨ ᠤ 3 ᠳ᠋ᠤᠭᠠᠷ ᠰᠠᠷ᠎ᠠ ᠶᠢᠨ 31 ᠤ ᠡᠳᠦᠷ ᠬᠤᠭᠤᠴᠠᠭ᠎ᠠ ᠨᠢ ᠲᠤᠯᠬᠤ ᠶᠣᠰᠣᠲᠠᠢ ᠪᠠᠶᠢᠭᠰᠠᠨ ᠪᠠᠳᠤᠯᠠᠭᠠᠳᠦ ᠲᠤᠰᠢᠶᠠᠬᠤ ᠠᠰᠠᠷ ᠤᠨ ᠵᠢᠭᠡᠯᠡᠯᠭᠡ ᠶᠢᠨ ᠳᠡᠮᠵᠢᠯᠭᠡ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠬᠦ ᠪᠠᠷ ᠨᠢᠭᠡᠨᠲᠡ ᠲᠣᠭᠲᠠᠭᠰᠠᠨ ᠪᠠᠶᠢᠨ᠎ᠠ᠃ᠠᠵᠢᠯ ᠲᠥᠷᠥᠯ ᠤᠨ ᠬᠥᠮᠥᠰ ᠤᠨ ᠬᠡᠯᠡᠬᠦ ᠪᠠᠷ᠂ ᠡᠨᠡ ᠵᠢᠯ ᠠᠴᠠ ᠨᠠᠰᠢ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠠᠰᠠᠭᠤᠳᠠᠯ ᠳᠤ ᠴᠢᠭᠯᠡᠭᠦᠯᠦᠨ ᠠᠯᠢ ᠣᠯᠠᠨ ᠠᠷᠭ᠎ᠠ ᠬᠡᠮᠵᠢᠶ᠎ᠡ ᠨᠡᠶᠢᠲᠡᠯᠡᠵᠦ᠂ ᠬᠠᠳᠠᠭᠠᠯᠠᠯᠲᠠ ᠪᠠ ᠨᠡᠮᠡᠭᠳᠡᠯ ᠤᠨ ᠬᠡᠮᠵᠢᠶ᠎ᠡ ᠠᠴᠠ ᠭᠠᠷᠳᠠᠵᠤ᠂ ᠵᠢᠭᠡᠯᠡᠯᠭᠡ᠂ ᠵᠢᠭᠡᠯᠡᠯᠭᠡ ᠶᠢᠨ ᠲᠡᠮᠳᠡᠭᠲᠦ᠂ ᠪᠡᠯᠡ ᠬᠥᠷᠥᠩᠭᠡ ᠶᠢᠨ ᠬᠠᠮᠢᠶᠠᠷᠤᠯᠲᠠ ᠵᠡᠷᠭᠡ ᠣᠯᠠᠨ ᠠᠷᠭ᠎ᠠ ᠵᠠᠮ ᠢᠶᠠᠷ ᠪᠡᠯᠡ ᠲᠣᠬᠢᠷᠠᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠰᠠᠭᠤᠴᠠ ᠶᠢᠨ ᠴᠢᠨᠠᠷ ᠰᠠᠶᠢᠲᠠᠢ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠴᠢᠨᠠᠷᠲᠠᠢ ᠪᠡᠯᠡᠨ ᠵᠣᠭᠤᠰ ᠤᠨ ᠭᠦᠢᠯᠭᠡᠭᠡᠨ ᠤ ᠲᠣᠭᠲᠠᠭᠤᠨ ᠪᠠᠶᠢᠬᠤ ᠶᠢ ᠪᠠᠲᠤᠯᠠᠬᠤ ᠨᠢ ᠣᠷᠣᠨ ᠰᠠᠭᠤᠴᠠ ᠶᠢᠨ ᠴᠢᠨᠠᠷ ᠰᠠᠶᠢᠲᠠᠢ ᠠᠵᠤ ᠠᠬᠤᠶᠢᠯᠠᠯ ᠤᠨ ᠪᠡᠯᠡ ᠬᠥᠷᠥᠩᠭᠡ ᠶᠢᠨ ᠥᠷᠢᠲᠦᠯ ᠤᠨ ᠬᠦᠰᠦᠨᠦᠭᠲᠦ ᠶᠢ ᠠᠮᠤᠷ ᠲᠦᠪᠰᠢᠨ ᠤ ᠣᠷᠣᠨ ᠵᠠᠢ ᠳᠤ ᠪᠤᠴᠠᠭᠠᠬᠤ ᠶᠢ ᠬᠥᠲᠥᠯᠥᠨ ᠵᠢᠯᠤᠭᠤᠳᠴᠤ᠂ ᠠᠵᠢᠯ ᠲᠥᠷᠥᠯ ᠤᠨ ᠰᠢᠨ᠎ᠡ ᠬᠥᠭᠵᠢᠯᠲᠡ ᠶᠢᠨ ᠵᠠᠭᠪᠤᠷ ᠳᠠᠰᠢ ᠲᠣᠭᠲᠠᠭᠤᠨ ᠢᠶᠠᠷ ᠰᠢᠯᠵᠢᠬᠦ ᠶᠢ ᠲᠦᠯᠬᠢᠨ ᠠᠬᠢᠭᠤᠯᠤᠨ᠎ᠠ ᠭᠡᠵᠡᠢ᠃      ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠵᠥᠪᠯᠡᠯ ᠣᠶᠢᠷ᠎ᠠ ᠳᠤ ᠬᠤᠷᠠᠯᠳᠤᠭᠤᠯᠤᠭᠰᠠᠨ 2023 ᠣᠨ ᠤ ᠬᠤᠶᠠᠳᠤᠭᠠᠷ ᠤᠯᠠᠷᠢᠯ ᠤᠨ ᠲᠣᠭᠲᠠᠮᠠᠯ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠪᠠᠷ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠵᠦ᠂ ᠪᠠᠳᠤᠯᠠᠭᠠᠳᠦ ᠲᠤᠰᠢᠶᠠᠬᠤ ᠠᠰᠠᠷ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠪᠠᠶᠢᠭᠤᠯᠬᠤ ᠶᠢ ᠲᠦᠯᠬᠢᠨ ᠠᠬᠢᠭᠤᠯᠤᠨ᠎ᠠ ᠭᠡᠵᠡᠢ᠃      ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠦᠢ ᠵᠣᠬᠢᠰᠲᠠᠢ ᠪᠥᠭᠡᠳ ᠲᠣᠬᠢᠷᠠᠮᠵᠢᠲᠠᠢ ᠪᠠᠶᠢᠬᠤ ᠶᠢ ᠪᠠᠲᠤᠯᠠᠨ᠂ ᠪᠠᠳᠤᠯᠠᠭᠠᠳᠦ ᠲᠤᠰᠢᠶᠠᠬᠤ ᠠᠰᠠᠷ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠵᠦ᠂ ᠠᠵᠢᠯ ᠲᠥᠷᠥᠯ ᠤᠨ ᠲᠦᠭᠰᠢᠭᠦᠷᠢ ᠶᠢ ᠵᠠᠬ᠎ᠠ ᠳᠡᠯᠭᠡᠭᠦᠷᠴᠢᠯᠡᠨ ᠢᠯᠭᠠᠷᠠᠭᠤᠯᠤᠨ ᠭᠠᠷᠭᠠᠬᠤ ᠶᠢ ᠠᠬᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ ᠭᠡᠪᠡ ᠢᠷᠡᠯᠲᠡ᠄ ᠰᠢᠨᠬᠤᠸᠠ ᠬᠤᠷᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1