ᠶᠡᠷᠦᠩᠬᠡᠢ ᠱᠦᠵᠢ ᠰᠢ ᠶᠢᠨ ᠫᠢᠩ᠂ ᠬᠤᠲᠠ ᠪᠣᠯ ᠬᠥᠮᠥᠨ ᠲᠥᠪᠯᠡᠷᠡᠨ ᠠᠮᠢᠳᠤᠷᠠᠵᠤ ᠪᠠᠶᠢᠭ᠎ᠠ ᠭᠠᠵᠠᠷ | ᠣᠷᠣᠨ ᠮᠥᠨ᠂ ᠬᠤᠲᠠ ᠶᠢᠨ ᠪᠦᠲᠦᠭᠡᠨ ᠪᠠᠶᠢᠭᠤᠯᠤᠯᠲᠠ ᠳᠤ ᠡᠷᠬᠡᠪᠰᠢ ᠠᠷᠠᠳ ᠲᠦᠮᠡᠨ ᠢ ᠠᠮᠤᠷ ᠲᠠᠶᠢᠪᠤᠩ | ᠠᠮᠢᠳᠤᠷᠠᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠮᠤᠭ ᠤᠨ ᠰᠠᠶᠢᠨ ᠡᠬᠢ ᠪᠠᠶᠠᠯᠢᠭ ᠢ ᠠᠷᠠᠳ ᠲᠦᠮᠡᠨ ᠳᠤ | ᠦᠯᠡᠳᠡᠭᠡᠵᠦ ᠥᠭᠬᠦ ᠬᠡᠷᠡᠭᠲᠡᠢ ᠭᠡᠵᠦ ᠵᠢᠭᠠᠨ ᠭᠠᠷᠭᠠᠵᠠᠢ᠃ ᠡᠨᠡ ᠵᠢᠯ ᠠᠴᠠ ᠨᠠᠰᠢ᠂ ᠡᠯ᠎ᠡ ᠭᠠᠵᠠᠷ ᠤᠨ ᠬᠢᠨ | ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠬᠤᠲᠠ ᠶᠢᠨ ᠲᠡᠤᠬᠡ | ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠᠷ ᠬᠦᠴᠦᠯᠡᠨ᠂ ᠬᠤᠲᠠ ᠶᠢᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠪᠠ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠵᠦ ᠪᠠᠶᠢᠨ᠎ᠠ᠃ | ᠣᠶᠢᠷ᠎ᠠ ᠳᠤ᠂ ᠤᠯᠤᠰ ᠤᠨ ᠪᠠᠷᠢᠮᠵᠢᠶ᠎ᠠ ︽ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠠᠰᠢᠭᠯᠠᠬᠤ ᠲᠥᠷᠥᠯ ᠵᠦᠢᠯ ᠤᠨ ᠵᠢᠷᠤᠮᠵᠢᠯ︾ ᠢ ᠵᠢᠩᠬᠢᠨᠢ ᠪᠠᠷ ᠨᠡᠶᠢᠲᠡᠯᠡᠵᠦ᠂ ᠡᠨᠡ ᠵᠢᠯ ᠤᠨ 12 ᠳ᠋ᠤᠭᠠᠷ ᠰᠠᠷ᠎ᠠ | ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠡᠨᠡ ᠨᠢ ᠰᠢᠨ᠎ᠡ ᠴᠠᠭ ᠦᠶ᠎ᠡ ᠳᠤ ᠬᠤᠲᠠ ᠬᠥᠳᠡᠭᠡ ᠶᠢᠨ | ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠳᠤ ᠨᠠᠭᠠᠲᠤ ᠵᠠᠬ᠎ᠠ ᠶᠢᠨ | ᠱᠠᠭᠠᠷᠳᠠᠯᠭ᠎ᠠ ᠲᠣᠭᠲᠠᠭᠠᠨ ᠥᠭᠴᠦ᠂ ᠪᠠᠷᠢᠮᠵᠢᠶᠠᠳᠦ ᠵᠢᠯᠣᠭᠤᠳᠤᠮᠵᠢ ᠬᠠᠩᠭᠠᠭᠰᠠᠨ ᠪᠠᠶᠢᠨ᠎ᠠ᠃ ᠡᠨᠡ ᠵᠢᠯ ᠠᠴᠠ ᠨᠠᠰᠢ | ᠂ ᠮᠠᠨ ᠤ ᠤᠯᠤᠰ ᠤᠨ ᠬᠤᠲᠠ ᠬᠥᠳᠡᠭᠡ ᠶᠢᠨ ᠲᠡᠦᠬᠡ ᠰᠣᠶᠣᠯ ᠤᠨ ᠬᠠᠮᠠᠭᠠᠯᠠᠯᠲᠠ ᠳᠠᠬᠢᠨᠲᠠ ᠰᠢᠨ᠎ᠡ ᠳᠡᠭᠲᠡᠷ ᠲᠤ | ᠭᠠᠷᠴᠤ᠂ ᠪᠥᠬᠦ ᠤᠯᠤᠰ ᠲᠤ ᠨᠢᠭᠡᠨᠲᠡ ᠤᠯᠤᠰ ᠤᠨ ᠲᠡᠦᠬᠡ ᠰᠣᠶᠣᠯ ᠤᠨ ᠨᠠᠷᠠᠲᠤ ᠬᠤᠲᠠ ᠶᠢ 141 ᠨᠡᠶᠢᠲᠡᠯᠡᠵᠦ᠂ | 1200 ᠭᠠᠷᠤᠢ ᠲᠡᠦᠬᠡ ᠰᠣᠶᠣᠯ ᠤᠨ ᠵᠡᠭᠡᠯᠢ ᠲᠣᠭᠤᠷᠢᠭ ᠪᠠ 6.19 ᠲᠦᠮᠡᠨ ᠲᠡᠦᠬᠡ ᠶᠢᠨ ᠪᠠᠷᠢᠯᠭ᠎ᠠ ᠶᠢ | ᠵᠠᠭᠠᠭᠯᠠᠨ ᠲᠣᠭᠲᠠᠭᠠᠪᠠ᠃ ᠭᠤᠸᠠᠩᠵᠧᠦ ᠶᠢᠨ ᠶᠦᠩ ᠴᠢᠩ ᠹᠠᠩ ᠠᠴᠠ ᠹᠦᠵᠧᠦ ᠶᠢᠨ ᠰᠠᠨ ᠹᠠᠩ ᠴᠢ ᠰᠢᠶᠠᠩ | ᠬᠦᠷᠲᠡᠯ᠎ᠡ᠂ ᠱᠠᠨ ᠰᠢ ᠶᠢᠨ ᠫᠢᠩ ᠶᠣᠣ ᠡᠷᠲᠡᠨ ᠤ ᠬᠤᠳᠠ ᠠᠴᠠ ᠰᠢ ᠠᠨ ᠤ ᠬᠤᠳᠠ ᠶᠢᠨ ᠬᠡᠷᠡᠮ ᠤᠨ ᠦᠵᠡᠮᠵᠢ | ᠶᠢᠨ ᠣᠷᠣᠨ ᠬᠦᠷᠲᠡᠯ᠎ᠡ᠂ ᠪᠠᠭ᠎ᠠ ᠰᠠᠭ᠎ᠠ ᠥᠭᠡᠷᠡᠴᠢᠯᠡᠯᠲᠡ ᠬᠢᠵᠦ ᠰᠢᠨᠡᠴᠢᠯᠡᠭᠰᠡᠨ ᠢᠶᠠᠷ᠂ ᠰᠣᠶᠣᠯ ᠲᠡᠤᠬᠡ ᠶᠢᠨ | ᠬᠤᠳᠠ ᠶᠢ ᠨᠡᠩ ᠦᠨᠦᠷ ᠠᠮᠲᠠ ᠲᠠᠢ ᠪᠣᠯᠭᠠᠵᠤ᠂ ᠤᠯᠠᠮ ᠠᠴᠠ ᠤᠯᠠᠮ ᠤᠯᠠᠨ ᠲᠡᠦᠬᠡ ᠰᠣᠶᠣᠯ ᠤᠨ ᠦᠵᠡᠮᠵᠢ ᠶᠢᠨ | ᠴᠡᠭ ᠨᠢ ᠬᠥᠮᠥᠰ ᠤᠨ ᠵᠤᠭᠠᠴᠠᠨ ᠲᠣᠭᠤᠷᠢᠬᠤ᠂ ᠰᠣᠶᠣᠯ ᠤᠨ ᠬᠡᠷᠡᠭᠯᠡᠭᠡᠨ ᠤ ᠰᠢᠨ᠎ᠡ ᠰᠣᠩᠭᠤᠯᠲᠠ ᠪᠣᠯᠤᠭᠰᠠᠨ | ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠬᠤᠳᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠪᠡᠷ ᠤᠨ ᠠᠮᠢ ᠨᠠᠰᠤ ᠪᠠᠨ ᠬᠠᠶᠢᠷᠠᠯᠠᠬᠤ ᠰᠢᠭ᠋ ᠢᠶᠠᠷ | ᠬᠤᠳᠠ ᠶᠢᠨ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠬᠤ ᠬᠡᠷᠡᠭᠲᠡᠢ︾᠂ ︽ᠬᠤᠳᠠ ᠶᠢᠨ ᠬᠠᠮᠢᠶᠠᠷᠤᠯᠲᠠ ᠶᠢ | ᠬᠤᠸᠠᠷ ᠬᠠᠳᠬᠤᠮᠠᠯ ᠲᠠᠢ ᠠᠳᠠᠯᠢ ᠨᠠᠷᠢᠯᠢᠭ ᠪᠠᠶᠢᠯᠭᠠᠬᠤ ᠬᠡᠷᠡᠭᠲᠡᠢ︾᠂ ︽ᠬᠤᠳᠠ ᠶᠢᠨ ᠲᠤᠷᠠᠰᠤᠮᠵᠢ ᠶᠢ | ᠦᠯᠡᠳᠡᠭᠡᠵᠦ᠂ ᠬᠥᠮᠥᠰ ᠲᠤ ᠨᠤᠲᠤᠭ ᠤᠨ ᠬᠠᠶᠢᠷ᠎ᠠ ᠰᠡᠳᠬᠢᠯᠭᠡ ᠶᠢ ᠴᠡᠭᠡᠵᠢᠯᠡᠭᠦᠯᠬᠦ ᠬᠡᠷᠡᠭᠲᠡᠢ︾᠂ ︽ᠮᠢᠩᠭᠠᠨ | ᠬᠤᠳᠠ ᠨᠢᠭᠡ ᠯᠡ ᠠᠳᠠᠯᠢ᠂ ᠲᠦᠮᠡᠨ ᠠᠰᠠᠷ ᠨᠢᠭᠡ ᠯᠡ ᠳᠦᠷᠰᠦ ᠪᠠᠶᠢᠳᠠᠯ ᠲᠠᠢ ᠪᠠᠶᠢᠬᠤ ᠠᠴᠠ ᠵᠠᠶᠢᠯᠠᠰᠬᠢᠬᠦ ᠬᠡᠷᠡᠭᠲᠡᠢ | ︾ ᠭᠡᠭᠦᠴᠢᠯᠡᠨ ᠠᠯᠢ ᠤᠯᠠᠨ ᠴᠢᠬᠤᠯᠠ ᠥᠭᠦᠯᠡᠯᠲᠡ ᠬᠢᠵᠡᠢ᠃ ᠡᠨᠡ ᠵᠢᠯ ᠤᠨ 2 ᠳ᠋ᠤᠭᠠᠷ ᠰᠠᠷ᠎ᠠ ᠳᠤ᠂ ︽ᠰᠢ ᠶᠢᠨ | ᠫᠢᠩ ᠤᠨ ᠬᠤᠲᠠ ᠶᠢᠨ ᠠᠵᠢᠯ ᠤᠨ ᠲᠤᠬᠠᠢ ᠥᠭᠦᠯᠡᠯᠲᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠵᠤ᠂ ᠨᠠᠩ ᠴᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠲᠠ ᠶᠢᠨ ᠬᠥᠭᠵᠢᠯᠲᠡ ᠶᠢᠨ ᠵᠠᠮ ᠤᠨ ᠵᠢᠯᠤᠭᠤᠳᠬᠤ | ᠦᠵᠡᠯ ᠰᠠᠨᠠᠭ᠎ᠠ᠂ ᠬᠠᠷᠠᠯᠲᠠ᠂ ᠠᠷᠭ᠎ᠠ ᠪᠣᠳᠣᠯᠭ᠎ᠠ ᠪᠠ ᠪᠡᠶᠡᠯᠡᠭᠦᠯᠬᠦ ᠠᠷᠭ᠎ᠠ ᠵᠠᠮ ᠵᠡᠷᠭᠡ ᠶᠢ ᠲᠥᠪᠯᠡᠷᠡᠭᠦᠯᠦᠨ | ᠥᠭᠦᠯᠡᠵᠦ᠂ ᠰᠢᠨ᠎ᠡ ᠴᠠᠭ ᠦᠶ᠎ᠡ ᠳᠤ ᠬᠤᠲᠠ ᠶᠢᠨ ᠠᠵᠢᠯ ᠢ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ | ᠬᠠᠩᠭᠠᠭᠰᠠᠨ ᠪᠠᠶᠢᠨ᠎ᠠ᠃ | ᠲᠡᠦᠬᠡ ᠰᠣᠶᠣᠯ ᠤᠨ ᠬᠠᠮᠠᠭᠠᠯᠠᠯᠲᠠ ᠨᠢ ᠬᠤᠳᠠ ᠶᠢ ᠨᠡᠩ ᠢᠯᠡᠭᠦᠦ ᠤᠯᠠᠮᠵᠢᠯᠠᠯ ᠲᠠᠢ᠂ ᠲᠠᠰᠤᠷᠠᠯᠳᠠ | ᠦᠭᠡᠢ ᠰᠠᠶᠢᠵᠢᠷᠠᠵᠤ ᠪᠠᠶᠢᠭ᠎ᠠ ᠠᠮᠢ ᠠᠬᠤᠢ ᠶᠢᠨ ᠣᠷᠴᠢᠨ ᠲᠣᠭᠤᠷᠢᠨ ᠨᠢ ᠬᠤᠳᠠ ᠶᠢ ᠨᠡᠩ ᠲᠠᠭᠠᠯᠠᠮᠵᠢᠲᠠᠢ | ᠪᠣᠯᠭᠠᠵᠠᠢ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠬᠢᠨ ᠬᠤᠲᠠ ᠳᠤ ᠲᠠᠰᠤᠷᠠᠯᠲᠠ ᠦᠭᠡᠢ ᠥᠩᠭᠡ | ᠪᠤᠳᠤᠭ ᠨᠡᠮᠡᠷᠢᠯᠡᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ | ᠪᠦᠷᠬᠦᠴᠡ ᠶᠢᠨ ᠨᠣᠷᠮ᠎ᠠ 42.42% ᠲᠤ ᠬᠦᠷᠴᠦ᠂ ᠭᠡᠷ ᠤᠨ ᠡᠭᠦᠳᠡᠨ ᠳᠠᠬᠢ ︽ᠬᠠᠷᠮᠠᠨ ᠴᠡᠴᠡᠷᠯᠢᠭ︾ ᠴᠦ | ᠶᠠᠪᠤᠬᠤ ᠲᠤᠲᠤᠮ ᠣᠯᠠᠰᠢᠷᠠᠵᠤ ᠪᠠᠶᠢᠨ᠎ᠠ᠃ | ᠡᠨᠡ ᠵᠢᠯ᠂ ᠡᠯ᠎ᠡ ᠭᠠᠵᠠᠷ ᠤᠨ ᠬᠢᠨ ᠬᠤᠲᠠ ᠶᠢᠨ ᠥᠨᠴᠥᠭ ᠪᠤᠯᠤᠩ᠂ ᠬᠠᠶᠠᠭᠳᠠᠮᠠᠯ ᠬᠤᠭᠤᠰᠤᠨ ᠭᠠᠵᠠᠷ ᠢ | ᠢᠳᠡᠪᠬᠢᠲᠡᠢ ᠥᠭᠡᠷᠡᠴᠢᠯᠡᠵᠦ᠂ 2038 ︽ᠬᠠᠷᠮᠠᠨ ᠴᠡᠴᠡᠷᠯᠢᠭ︾ ᠢ ᠪᠠᠷᠢᠯᠭ᠎ᠠ ᠡᠬᠢᠯᠡᠭᠦᠯᠦᠨ ᠪᠠᠶᠢᠭᠤᠯᠵᠤ᠂ | ᠣᠳᠣᠬᠠᠨ ᠳᠤ ︽ᠬᠠᠷᠮᠠᠨ ᠴᠡᠴᠡᠷᠯᠢᠭ︾ ᠤᠨ ᠶᠡᠷᠦᠩᠬᠡᠢ ᠲᠤᠭ᠎ᠠ 3.5 ᠲᠦᠮᠡ ᠳᠤ ᠬᠦᠷᠴᠡᠢ᠃ ᠥᠩᠭᠡᠷᠡᠭᠰᠡᠨ ᠤ | ᠴᠡᠴᠡᠷᠯᠢᠭ ᠲᠠᠢ ᠬᠠᠷᠢᠴᠠᠭᠤᠯᠪᠠᠯ᠂ ᠡᠨᠡ ᠲᠥᠷᠥᠯ ᠤᠨ ᠭᠡᠷ ᠤᠨ ᠡᠭᠦᠳᠡᠨ ᠳᠠᠬᠢ ᠪᠢᠴᠢᠯ ᠬᠡᠯᠪᠡᠷᠢ ᠶᠢᠨ ᠴᠡᠴᠡᠷᠯᠢᠭ ᠨᠢ | ᠨᠠᠩ ᠴᠤ ᠪᠡᠶ᠎ᠡ ᠴᠢᠭᠢᠷᠠᠭᠵᠢᠭᠤᠯᠬᠤ᠂ ᠰᠡᠯᠡᠭᠦᠴᠡᠨ ᠵᠤᠭᠠᠯᠠᠬᠤ ᠵᠡᠷᠭᠡ ᠣᠯᠠᠨ ᠵᠦᠢᠯ ᠤᠨ ᠴᠢᠳᠠᠮᠵᠢ ᠲᠠᠢ ᠣᠯᠠᠨ | ᠨᠡᠶᠢᠲᠡ ᠶᠢᠨ ᠣᠷᠣᠨ ᠵᠠᠢ ᠲᠠᠢ᠃ ᠡᠶᠢᠮᠦ ᠠᠴᠠ ᠮᠠᠰᠢ ᠣᠯᠠᠨ ᠭᠠᠵᠠᠷᠤᠨ ᠬᠢᠨ ᠪᠠᠰᠠ ᠲᠤᠰᠬᠠᠢ ᠴᠡᠴᠡᠷᠯᠢᠭ ᠤᠨ | ᠵᠢᠷᠤᠭ ᠲᠥᠯᠥᠪᠯᠡᠭᠴᠢ ᠶᠢ ᠲᠤᠷᠰᠢᠨ ᠲᠣᠬᠢᠷᠠᠭᠤᠯᠵᠤ᠂ ᠣᠯᠠᠨ ᠲᠦᠮᠡᠨ ᠢ ᠤᠷᠢᠳ ᠢᠶᠠᠷ ︽ᠨᠣᠭᠤᠭ᠎ᠠ | ᠵᠠᠬᠢᠶᠠᠯᠠᠭᠤᠯᠵᠤ︾ ᠪᠠᠶᠢᠭᠤᠯᠤᠭᠰᠠᠨ ᠤ ᠳᠠᠷᠠᠭ᠎ᠠ ᠰᠠᠶ᠋ᠢ ︽ᠮᠠᠭᠲᠠᠭᠤᠯᠵᠤ︾ ᠪᠠᠶᠢᠨ᠎ᠠ᠃ | ᠬᠤᠲᠠ ᠨᠢ ᠭᠤᠶᠣ ᠰᠠᠶᠢᠬᠠᠨ ᠪᠣᠯᠵᠤ᠂ ᠠᠷᠠᠳ ᠤᠨ ᠠᠮᠢᠳᠤᠷᠠᠯ ᠨᠢ ᠴᠦ ᠤᠯᠠᠮ ᠳᠥᠭᠦᠮ ᠳᠥᠲᠡ᠂ ᠤᠯᠠᠮ | ᠵᠣᠯ ᠵᠢᠷᠭᠠᠯ ᠲᠠᠢ ᠪᠣᠯᠵᠤ ᠪᠠᠶᠢᠨ᠎ᠠ᠃ ᠡᠨᠡ ᠵᠢᠯ᠂ ᠪᠥᠬᠦ ᠤᠯᠤᠰᠤᠨ ᠣᠶᠤᠨᠲᠤ ᠵᠢᠵᠢᠭ ᠲᠣᠭᠤᠷᠢᠭ ᠤᠨ ᠲᠤᠭ᠎ᠠ | ᠲᠠᠰᠤᠷᠠᠯᠲᠠ ᠦᠭᠡᠢ ᠨᠡᠮᠡᠭᠳᠡᠵᠦ᠂ ᠪᠣᠷᠣᠭᠠᠨ ᠤ ᠤᠰᠤᠨ ᠤ ᠬᠤᠭᠤᠯᠠᠢ ᠲᠣᠣᠷ ᠤᠨ ᠥᠭᠡᠷᠡᠴᠢᠯᠡᠯᠲᠡ 1.5 ᠲᠦᠮᠡᠨ | ᠺᠢᠯᠣᠮᠧᠲᠷ ᠠᠴᠠ ᠳᠡᠭᠡᠭᠰᠢ ᠳᠤ ᠬᠦᠷᠴᠦ᠂ 54 ᠬᠤᠲᠠ ᠳᠤ 292 ᠬᠤᠲᠠ ᠶᠢᠨ ᠵᠠᠮᠲᠤ ᠵᠠᠮ ᠬᠠᠷᠢᠯᠴᠠᠭᠠᠨ ᠤ | ᠱᠤᠭᠤᠮ ᠢ ᠨᠡᠪᠲᠡᠷᠡᠭᠦᠯᠦᠨ ᠠᠵᠢᠯᠯᠠᠭᠤᠯᠵᠤ᠂ 297 ᠲᠤᠰᠬᠠᠢ ᠣᠷᠣᠨ ᠤ ᠲᠠᠰ ᠠᠴᠠ ᠳᠡᠭᠡᠭᠰᠢᠬᠢ ᠬᠤᠲᠠ ᠳᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠤᠰᠬᠠᠢ ᠣᠷᠣᠨ ᠤ | ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ | ᠠᠷᠢᠯᠭᠠᠪᠠ᠃ | ᠢᠷᠡᠭᠡᠳᠦᠢ ᠳᠤ ᠡᠯ᠎ᠡ ᠭᠠᠵᠠᠷ ᠤᠨ ᠬᠢᠨ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ | ᠶᠡᠭᠡ ᠪᠠᠷ ᠠᠬᠢᠭᠤᠯᠵᠤ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠨᠡᠯᠡᠯᠲᠡ ᠶᠢ ᠪᠦᠬᠦ ᠲᠠᠯ᠎ᠠ ᠪᠠᠷ ᠦᠷᠨᠢᠭᠦᠯᠵᠦ | ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ | ᠲᠤᠰᠠ ᠶᠢᠨ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠬᠠᠭᠤᠴᠢᠨ ᠰᠠᠭᠤᠭᠠᠯᠢ ᠠᠷᠠᠳ | ᠤᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠢ | ᠪᠠᠶᠢᠭᠤᠯᠵᠤ᠂ ᠲᠡᠦᠬᠡ ᠰᠣᠶᠣᠯ ᠢ ᠰᠠᠶᠢᠲᠤᠷ ᠬᠠᠮᠠᠭᠠᠯᠠᠨ ᠵᠠᠯᠭᠠᠮᠵᠢᠯᠠᠵᠤ᠂ ᠠᠷᠠᠳ ᠤᠯᠠᠨ ᠤ ᠨᠤᠲᠤᠭ ᠤᠨ ᠬᠠᠶᠢᠷ᠎ᠠ | ᠳᠤᠷᠠᠯᠠᠯ ᠢ ᠠᠴᠢᠶᠠᠯᠠᠭᠰᠠᠨ ᠬᠠᠭᠤᠴᠢᠨ ᠪᠠᠷᠢᠯᠭ᠎ᠠ ᠶᠢ ᠨᠡᠩ ᠤᠯᠠᠨ ᠪᠠᠶᠢᠭᠤᠯᠵᠤ᠂ ᠬᠠᠭᠤᠴᠢᠨ ᠦᠢᠯᠡᠳᠪᠦᠷᠢ ᠶᠢᠨ | ᠲᠣᠭᠤᠷᠢᠭ᠂ ᠬᠠᠭᠤᠴᠢᠨ ᠵᠡᠭᠡᠯᠢ ᠲᠣᠭᠤᠷᠢᠭ ᠢ ᠬᠠᠤᠯᠢ ᠪᠠᠷ ᠲᠣᠭᠲᠠᠭᠠᠭᠰᠠᠨ ᠬᠠᠮᠠᠭᠠᠯᠠᠯᠲᠠ ᠶᠢᠨ ᠨᠡᠷᠡᠰ ᠤᠨ | ᠵᠢᠭᠰᠠᠭᠠᠯᠲᠠ ᠳᠤ ᠣᠷᠣᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠨᠡᠩ ᠰᠠᠶᠢᠨ ᠪᠣᠯᠭᠠᠨ᠎ᠠ᠃ | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠰᠤᠨᠢᠨ |