2023 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/7/12
2023 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ                     ᠬᠥᠬᠡᠬᠤᠲᠠ ᠵᠠᠰᠠᠭ ᠲᠠᠷᠬᠠᠭᠠᠭᠰᠠᠨ︹ 2023 ︺17 ᠳ᠋ᠤᠭᠠᠷ ᠲᠣᠭᠠᠳᠣᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠱᠢᠯᠠᠭᠤᠯᠣᠨ ᠨᠠᠶᠢᠲᠠᠪᠣᠷᠢᠵᠢᠭᠤᠯᠬᠤ ᠶᠢᠨ ᠲᠥᠯᠥᠭᠡ᠂ ᠱᠠᠲᠤ  ᠬᠤᠪᠢᠶᠠᠵᠤ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠲᠦᠷᠭᠡᠳᠬᠡᠨ ᠪᠦᠷᠢᠨᠰᠢᠭᠦᠯᠵᠦ᠂ ᠮᠠᠨ ᠤ ᠬᠤᠲᠠ ᠶᠢᠨ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠬᠦ ᠶᠢᠨ ᠲᠣᠰᠠᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽2023 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ ︾ ︵ᠥᠪᠥᠷ ᠵᠠᠰᠠᠭ ᠥᠰᠥᠭ ︹ 2023 ︺ 52 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠬᠤᠲᠠ ᠶᠢᠨ 2023 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 883 ᠲᠥᠭᠦᠷᠢᠭ ᠬᠦᠷᠲᠡᠯ᠎ᠡ ᠳᠡᠭᠡᠭᠰᠢᠯᠡᠭᠦᠯᠦᠨ᠎ᠡ᠃      ᠬᠤᠶᠠᠷ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 645 ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃      ᠭᠤᠷᠪᠠ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠥᠮᠦᠨ ᠪᠦᠷᠢ ᠰᠠᠷ᠎ᠠ ᠳᠤ 839 ᠲᠥᠭᠦᠷᠢᠭ᠂ ᠬᠥᠮᠦᠨ ᠪᠦᠷᠢ ᠵᠢᠯ ᠳᠤ 10068 ᠲᠥᠭᠦᠷᠢᠭ ᠪᠣᠯᠭᠠᠨ᠎ᠠ᠃      ᠳᠥᠷᠪᠡ᠂ ᠬᠤᠲᠠ ᠪᠠᠯᠭᠠᠰᠤᠨ ᠤ ᠣᠨᠴᠠ ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠬᠥᠮᠦᠨ ᠪᠦᠷᠢ ᠰᠠᠷ᠎ᠠ ᠳᠤ 1600 ᠲᠥᠭᠦᠷᠢᠭ᠂ ᠬᠤᠲᠠ ᠪᠠᠯᠭᠠᠰᠤᠨ ᠤ ᠣᠨᠴᠠ ᠬᠦᠴᠢᠷᠳᠡᠯᠲᠡᠶ ᠬᠥᠮᠦᠰ ᠢ ᠰᠠᠯᠭᠠᠨ ᠠᠰᠠᠷᠠᠨ ᠲᠡᠵᠢᠭᠡᠬᠦ ᠪᠠᠷᠢᠮᠵᠢᠶ᠎ᠠ ᠬᠥᠮᠦᠨ ᠪᠦᠷᠢ ᠰᠠᠷ᠎ᠠ ᠳᠤ 1200 ᠲᠥᠭᠦᠷᠢᠭ ᠢ ᠬᠤᠪᠢᠷᠠᠭᠤᠯᠬᠤ ᠥᠬᠡᠶ︔ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠣᠨᠴᠠ ᠬᠦᠴᠢᠷᠳᠡᠯᠲᠡᠶ ᠬᠥᠮᠦᠰ ᠤᠨ ᠠᠰᠠᠷᠠᠨ ᠰᠤᠪᠢᠯᠠᠬᠤ ᠪᠠᠷᠢᠮᠵᠢᠶ᠎ᠠ ᠬᠥᠮᠦᠨ ᠪᠦᠷᠢ ᠰᠠᠷ᠎ᠠ ᠳᠤ 1265 ᠲᠥᠭᠦᠷᠢᠭ ᠢ ᠬᠤᠪᠢᠷᠠᠭᠤᠯᠬᠤ ᠥᠬᠡᠶ︔ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠣᠨᠴᠠ ᠬᠦᠴᠢᠷᠳᠡᠯᠲᠡᠶ ᠬᠥᠮᠦᠰ ᠤᠨ ᠠᠰᠠᠷᠠᠨ ᠰᠤᠪᠢᠯᠠᠬᠤ ᠪᠠᠷᠢᠮᠵᠢᠶ᠎ᠠ ᠬᠥᠮᠦᠨ ᠪᠦᠷᠢ ᠰᠠᠷ᠎ᠠ ᠳᠤ 496 ᠲᠥᠭᠦᠷᠢᠭ ᠢ ᠬᠤᠪᠢᠷᠠᠭᠤᠯᠬᠤ ᠥᠬᠡᠶ᠃      ᠲᠠᠪᠤ᠂ ᠬᠤᠲᠣᠩ ᠠᠷᠠᠳ ᠤᠨ ᠲᠣᠭᠤᠷᠢᠭ ᠤᠨ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠨᠢᠭᠡ ᠴᠤᠭᠴᠠᠵᠢᠭᠤᠯᠤᠨ᠎ᠠ᠃      ᠳᠡᠭᠡᠭᠰᠢᠯᠡᠭᠦᠯᠦᠭᠰᠡᠨ ᠤ ᠳᠠᠷᠠᠭᠠᠬᠢ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃           ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ          2023 ᠣᠨ ᠤ 5  ᠳ᠋ᠤᠭᠠᠷ ᠰᠠᠷ᠎ᠠ ᠶᠢᠨ 29  ᠤ ᠡᠳᠦᠷ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1