ᠲᠦᠷ ᠴᠠᠭ ᠤᠨ ᠠᠵᠢᠯ ᠬᠢᠭᠰᠡᠳ ᠤᠨ 2023 ᠣᠨ ᠤ ᠲᠤᠬᠠᠶᠢᠯᠠᠭᠰᠠᠨ ᠠᠵᠢᠯ ᠤᠨ ᠣᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2023/7/12
       ᠲᠦᠷ ᠴᠠᠭ ᠤᠨ ᠠᠵᠢᠯ ᠬᠢᠭᠰᠡᠳ  ᠤᠨ 2023 ᠣᠨ ᠤ ᠲᠤᠬᠠᠶᠢᠯᠠᠭᠰᠠᠨ ᠠᠵᠢᠯ ᠤᠨ ᠤᠨ ᠤ  ᠡᠮ  ᠡᠮᠨᠡᠯᠭᠡ ᠵᠢᠨ‌‍ᠲ᠋ᠠᠭᠠᠳᠬᠠᠯ ᠤᠨ ᠰᠦᠢᠳᠭᠡᠯ ᠲᠤᠰᠢᠶᠠᠬᠤ ᠲᠤᠬᠠᠶ ᠮᠡᠳᠡᠭᠳᠡᠯ 2023 ᠣᠨ ᠤ 7 ᠰᠠᠷ᠎ᠠ ᠠᠴᠠ 2024 ᠣᠨ ᠤ 6 ᠰᠠᠷ᠎ᠠ ᠪᠣᠯᠲᠠᠯᠠᠬᠢ ᠠᠵᠢᠯᠲᠠᠨ ᠠᠵᠢᠯᠴᠢᠨ ᠤ ᠦᠨᠳᠦᠰᠦᠨ‌ᠡᠮ ᠡᠮᠨᠡᠯᠭᠡ ᠶᠢᠨ ᠳᠠᠭᠠᠳᠬᠠᠯ ᠤᠨ ᠪᠡᠶ᠎ᠡ ᠪᠠᠨ ᠳᠠᠭᠠᠭᠠᠵᠤ ᠰᠦᠢᠳᠭᠡᠯ ᠲᠤᠰᠢᠶᠠᠬᠤ ᠠᠵᠢᠯ ᠢ  ᠨᠢᠭᠡᠨᠲᠡ  ᠡᠬᠢᠯᠡᠬᠦᠯᠪᠡ᠂  ᠣᠲᠣ ᠬᠤᠯᠪᠣᠭᠳᠠᠯ ᠪᠥᠬᠦᠶ ᠠᠩᠬᠠᠷᠬᠤ ᠵᠦᠢᠯᠡᠰ ᠢ ᠳᠤᠤᠷᠠᠬᠢ ᠮᠡᠲᠦ ᠮᠡᠳᠡᠭᠳᠡᠶ᠎ᠡ᠄              ᠨᠢᠭᠡ᠂ ᠬᠥᠬᠡᠬᠤᠲᠠ ᠶᠢᠨ ᠠᠵᠢᠯᠴᠢᠨ ᠬᠥᠯᠥᠰᠥᠯᠡᠭᠰᠡᠨ ᠥᠬᠡᠶ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠦᠷ ᠴᠠᠭ ᠤᠨ ᠠᠵᠢᠯ ᠬᠢᠭᠰᠡᠳ ᠵᠡᠷᠭᠡ ᠬᠤᠪᠢ ᠬᠥᠮᠦᠨ ᠤ ᠪᠡᠶ᠎ᠡ ᠬᠡᠮ ᠢᠶᠠᠷ ᠢᠶᠠᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠤᠨ 2023 ᠣᠨ ᠤ 7 ᠰᠠᠷ᠎ᠠ ᠠᠴᠠ2024 ᠣᠨ ᠤ 6 ᠰᠠᠷ᠎ᠠ ᠪᠣᠯᠲᠠᠯᠠᠬᠢ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ 7469  ᠲᠥᠭᠦᠷᠢᠭ ᠢᠶᠠᠷ  ᠬᠢᠨᠠᠨ ᠲᠣᠭᠲᠠᠭᠠᠪᠡ᠃ ᠲᠤᠰᠬᠠᠶᠢᠯᠠᠨ ᠰᠠᠨᠠᠭᠤᠯᠬᠤ ᠨᠢ᠄ ᠲᠤᠰᠠᠭᠠᠷ ᠪᠠᠶᠢᠭᠤᠯᠵᠤ ᠨᠢᠭᠡᠳᠦᠯᠲᠡᠶ ᠲᠥᠯᠥᠪᠯᠡᠬᠦ ᠪᠠᠷᠢᠮᠵᠢᠶ᠎ᠠ ᠪᠠᠷ ᠰᠦᠢᠳᠭᠡᠯ ᠲᠤᠰᠢᠶᠠᠬᠤ ᠬᠥᠮᠦᠰ ᠨᠢ ᠤᠷᠢᠳ ᠢᠶᠠᠷ ᠡᠮ ᠡᠮᠨᠡᠯᠭᠡ ᠶᠢᠨ ᠳᠠᠭᠠᠳᠬᠠᠯ ᠤᠨ ᠭᠠᠷᠳᠠᠮ ᠬᠦᠢᠴᠡᠳᠭᠡᠬᠦ  ᠪᠠᠶᠢᠭᠤᠯᠤᠮᠵᠢ ᠳᠤ  ᠬᠦᠷᠴᠦ ᠬᠢᠨᠠᠨ ᠲᠤᠬᠳᠠᠭᠠᠯᠭᠠᠬᠰᠠᠨ ᠤ ᠳᠠᠷᠠᠭ᠎ᠠ ᠰᠠᠶ᠋ᠢ ᠰᠦᠢᠳᠭᠡᠯ ᠲᠤᠰᠢᠶᠠᠬᠤ ᠬᠡᠷᠡᠭᠲᠡᠶ᠃              ᠬᠤᠶᠠᠷ᠂ ᠲᠦᠷ ᠴᠠᠭ ᠤᠨ ᠠᠵᠢᠯ ᠬᠢᠭᠰᠡᠳ  ᠤᠨ ᠲᠤᠬᠠᠶᠢᠯᠠᠭᠰᠠᠨ  ᠠᠵᠢᠯ ᠤᠨ ᠣᠨ ︵2023 ᠣᠨ ᠤ 7 ᠰᠠᠷ᠎ᠠ ᠶᠢᠨ 1 ᠤ ᠡᠳᠦᠷ ᠠᠴᠠ 2024 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ︶ ᠢᠶᠠᠷ ᠬᠢᠨᠠᠨ  ᠲᠣᠭᠲᠠᠭᠠᠵᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠳᠠᠭᠠᠳᠬᠠᠯ ᠤᠨ ᠰᠦᠢᠳᠭᠡᠯ ᠲᠤᠰᠢᠶᠠᠨ᠎ᠡ᠂ ᠦᠷᠭᠦᠯᠵᠢᠯᠡᠨ ᠲᠠᠭᠠᠳᠬᠠᠯ ᠲᠤᠰᠢᠶᠠᠬᠤ ᠶᠢ ᠬᠢᠨᠠᠨ ᠲᠤᠬᠳᠠᠭᠠᠵᠤ ᠰᠦᠢᠳᠭᠡᠯ ᠲᠤᠰᠢᠶᠠᠬᠤ ᠬᠤᠭᠤᠴᠠᠭ᠎ᠠ ᠨᠢ 2023 ᠣᠨ ᠤ 12 ᠰᠠᠷ᠎ᠠ ᠶᠢᠨ 31 ᠤ ᠡᠳᠦᠷ ᠬᠦᠷᠦᠨ᠎ᠡ᠃              ᠭᠤᠷᠪᠠ᠂ ᠬᠢᠨᠠᠨ ᠲᠤᠬᠳᠠᠭᠠᠯᠭᠠᠬᠤ ᠴᠢᠬᠤᠯᠠᠲᠠᠶ ᠠᠮᠢᠳᠤᠯᠢᠭ ᠢᠶᠠᠷ ᠠᠵᠢᠯ ᠣᠯᠤᠭᠰᠠᠳ ᠨᠢ ᠬᠤᠲᠠ ᠶᠢᠨ ᠳᠥᠷᠪᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ  ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠤᠶᠤ ᠬᠡᠰᠡᠭ ᠨᠡᠶᠢᠭᠡᠮ ᠲᠣᠭᠤᠷᠢᠭ ᠢ ᠰᠣᠩᠭᠤᠵᠤ ᠣᠶᠢᠷ᠎ᠠ ᠬᠠᠪᠢ ᠳᠠᠭᠠᠨ ᠬᠢᠨᠠᠨ ᠲᠤᠬᠳᠠᠭᠠᠯᠭᠠᠵᠤ ᠪᠣᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠮᠢᠳᠤᠯᠢᠭ ᠢᠶᠠᠷ ᠠᠵᠢᠯ ᠤᠯᠵᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠨᠢ ᠬᠠᠷᠢᠶ᠎ᠠ ᠬᠤᠰᠢᠭᠤ ᠰᠢᠶᠠᠨ ᠤ ᠡᠮ ᠡᠮᠨᠡᠯᠭᠡ ᠶᠢᠨ  ᠳᠠᠭᠠᠳᠬᠠᠯ ᠤᠨ ᠭᠠᠷᠳᠠᠮ ᠬᠦᠢᠴᠡᠳᠭᠡᠬᠦ ᠪᠠᠶᠢᠭᠤᠯᠤᠮᠵᠢ ᠳᠤ ᠬᠦᠷᠴᠦ ᠣᠶᠢᠷ᠎ᠠ ᠬᠠᠪᠢ ᠳᠠᠭᠠᠨ ᠭᠠᠷᠳᠠᠮ ᠬᠦᠢᠴᠡᠳᠭᠡᠵᠦ ᠪᠤᠯᠤᠨ᠎ᠠ᠃                        ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1