95120 ᠲᠤᠰᠬᠠᠶ ᠨᠣᠮᠧᠷ ᠢ ᠡᠬᠢᠯᠡᠨ ᠬᠡᠷᠡᠭᠯᠡᠪᠡ︕
ᠨᠡᠶᠢᠲᠡᠯᠡᠭᠰᠡᠨ ᠴᠠᠭ᠄
2023/7/12
        ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠬᠢᠨ 95120  ᠨᠣᠮᠧᠷ ᠢ  ᠪᠥᠬᠦ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠳᠠᠰᠤ ᠶᠢᠨ ᠬᠠᠯᠳᠠᠪᠤᠷᠢᠲᠤ ᠡᠪᠡᠳᠴᠢᠨ ᠤ ᠪᠠᠶᠢᠴᠠᠭᠠᠯᠳᠠ ᠶᠢᠨ ᠲᠤᠰᠬᠠᠶ ᠨᠣᠮᠧᠷ ᠪᠤᠯᠭᠠᠨ ᠡᠬᠢᠯᠡᠨ ᠬᠡᠷᠡᠭᠯᠡᠪᠡ               ᠤᠯᠤᠰ ᠤᠨ  ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠲᠠᠢ ᠬᠠᠮᠲᠤᠷᠠᠨ 95120 ᠣᠬᠤᠷ ᠨᠣᠮᠧᠷ ᠢ ᠪᠥᠬᠦ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠳᠠᠰᠤ ᠶᠢᠨ ᠬᠠᠯᠳᠠᠪᠤᠷᠢᠲᠤ ᠡᠪᠡᠳᠴᠢᠨ ᠤ ᠪᠠᠶᠢᠴᠠᠭᠠᠯᠳᠠ ᠶᠢᠨ  ᠲᠤᠰᠬᠠᠶ ᠨᠣᠮᠧᠷ ᠪᠣᠯᠭᠠᠬᠤ ᠪᠠᠷ ᠲᠣᠭᠲᠠᠭᠠᠵᠤ᠂ ᠣᠶᠢᠷ᠎ᠠ ᠳᠤ ᠪᠥᠬᠦ ᠤᠯᠤᠰ ᠤᠨ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ  ᠵᠢᠩᠬᠢᠨᠢ ᠪᠠᠷ‌ᠡᠬᠢᠯᠡᠨ ᠬᠡᠷᠡᠭᠯᠡᠪᠡ᠂ ᠡᠨᠡ ᠪᠣᠯ ᠰᠤᠷᠪᠤᠯᠵᠢᠯᠠᠭᠴᠢ 6 ᠤ ᠡᠳᠦᠷ ᠤᠯᠤᠰ ᠤᠨ ᠡᠪᠡᠳᠴᠢᠨ  ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠠᠴᠠ ᠣᠶᠢᠯᠠᠭᠠᠭᠰᠠᠨ ᠮᠡᠳᠡᠭᠡ ᠵᠠᠩᠭᠢ ᠪᠣᠯᠤᠨ᠎ᠠ᠃              ᠬᠠᠯᠳᠠᠪᠤᠷᠢᠲᠤ ᠡᠪᠡᠳᠴᠢᠨ ᠤ ᠵᠢᠱᠢᠶ᠎ᠡ ᠶᠢ ᠡᠷᠲᠡ ᠢᠯᠡᠷᠡᠭᠦᠯᠬᠦ᠂ ᠡᠷᠲᠡ  ᠮᠡᠳᠡᠭᠦᠯᠬᠦ ᠳᠤ ᠮᠠᠰᠢ ᠴᠢᠬᠤᠯᠠ ᠶᠤᠮ᠃ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠬᠢᠬᠦ ᠠᠵᠢᠯ ᠳᠤ ᠭᠤᠤᠯᠳᠠᠭᠤ ᠠᠬᠤᠶ ᠲᠠᠯᠠᠪᠠᠶ ᠳᠤ ᠨᠢᠭᠤᠷᠳᠡᠵᠦ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠬᠢᠬᠦ ᠠᠷᠭ᠎ᠠ ᠶᠢ ᠠᠪᠤᠨ᠎ᠠ᠂ ᠤᠳᠠᠰᠤ ᠪᠠᠷ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠬᠢᠬᠦ ᠪᠤᠯ ᠪᠠᠶᠢᠴᠠᠭᠠᠭᠳᠠᠬᠤ ᠡᠲᠡᠭᠡᠳ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠲᠦᠷᠭᠡᠨ ᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1