ᠲᠣᠭᠲᠠᠬᠤ ᠰᠢᠶᠠᠨ᠄ ᠭᠤᠸᠠ ᠨᠤᠭᠤᠭ᠎ᠠ ᠡᠯᠪᠡᠭ ᠬᠤᠷᠢᠶᠠᠯᠲᠠ ᠤᠯᠵᠠᠢ
ᠨᠡᠶᠢᠲᠡᠯᠡᠭᠰᠡᠨ ᠴᠠᠭ᠄
2023/7/14
      ᠣᠶᠢᠷ᠎ᠠ ᠶᠢᠨ ᠡᠳᠦᠷ ᠤᠳ ᠲᠤ᠂ ᠬᠥᠬᠡᠬᠤᠲᠠ ᠶᠢᠨ ᠲᠣᠭᠲᠠᠬᠤ ᠰᠢᠶᠠᠨ ᠤ ᠦᠱᠧᠨ ᠪᠠᠯᠭᠠᠰᠤᠨ ᠤ ᠠᠮᠲᠠᠲᠤ ᠬᠡᠮᠬᠡ᠂ ᠲᠠᠷᠪᠤᠰ ᠵᠠᠯᠭᠠᠪᠡᠷ ᠡᠯᠪᠡᠭ ᠬᠤᠷᠢᠶᠠᠯᠲᠠ ᠣᠯᠵᠤ᠂ ᠲᠠᠷᠢᠶᠠᠴᠢᠳ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠡᠳ᠋ᠯᠡᠨ᠎ᠡ᠃ ᠭᠤᠸᠠ ᠶᠢᠨ ᠲᠠᠷᠢᠶᠠᠨ ᠳᠤ ᠠᠮᠲᠠᠲᠤ ᠬᠡᠮᠬᠡ ᠶᠢᠨ ᠪᠡᠶ᠎ᠡ ᠨᠢ ᠵᠢᠭᠳᠡᠬᠡᠨ᠂ ᠠᠮᠲᠠᠲᠤ ᠬᠡᠮᠬᠡ ᠶᠢᠨ ᠦᠨᠦᠷ ᠬᠠᠩᠬᠤᠯᠵᠤ᠂ ᠲᠠᠷᠢᠶᠠᠴᠢᠳ ᠠᠮᠲᠠᠲᠤ ᠬᠡᠮᠬᠡ ᠶᠢ ᠭᠠᠷ ᠲᠠᠭᠠᠨ ᠪᠠᠷᠢᠵᠤ᠂ ᠴᠢᠷᠠᠢ ᠳᠤᠨᠢ ᠠᠮᠲᠠᠲᠠᠶᠢᠬᠠᠨ ᠢᠨᠢᠶᠡᠮᠰᠦᠭᠯᠡᠯ ᠪᠢᠯᠬᠠᠨ᠎ᠠ᠃
     ᠵᠢᠷᠤᠭ ᠪᠣᠯ ᠲᠣᠭᠲᠠᠬᠤ ᠰᠢᠶᠠᠨ ᠤ ᠼᠢ ᠸᠧᠢ ᠭᠧᠦ ᠶᠢᠨ ᠠᠮᠲᠠᠲᠤ ᠬᠡᠮᠬᠡ ᠡᠯᠪᠡᠭ ᠬᠤᠷᠢᠶᠠᠯᠲᠠ ᠣᠯᠵᠤ᠂ ᠲᠣᠰᠬᠤᠨ ᠤ ᠠᠷᠠᠳ ᠶᠠᠭ ᠬᠠᠶᠢᠷᠴᠠᠭ ᠲᠤ ᠰᠠᠪᠠᠯᠠᠵᠤ ᠪᠠᠶᠢᠭ᠎ᠠ ᠨᠢ
     ᠲᠣᠭᠲᠠᠬᠤ ᠰᠢᠶᠠᠨ ᠤ ᠰᠠᠨ ᠵᠢᠶᠠᠨ ᠹᠠᠩ ᠲᠣᠰᠬᠤᠨ ᠤ ᠠᠷᠠᠳ ᠲᠠᠷᠪᠤᠰ ᠲᠡᠭᠦᠵᠦ ᠪᠠᠶᠢᠭ᠎ᠠ ᠨᠢ            ᠲᠣᠭᠲᠠᠬᠤ ᠰᠢᠶᠠᠨ ᠤ ᠦᠱᠧᠨ ᠪᠠᠯᠭᠠᠰᠤᠨ ᠤ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠬᠥᠷᠥᠰᠥ ᠰᠢᠷᠣᠢ ᠶᠢᠨ ᠲᠠᠷᠢᠶᠠᠯᠠᠬᠤ ᠳᠠᠪᠬᠤᠷᠭ᠎ᠠ ᠨᠢ ᠭᠦᠨ ᠵᠤᠵᠠᠭᠠᠨ᠂ ᠺᠠᠯᠢ ᠶᠢᠨ ᠡᠯᠧᠮᠧᠨ᠋ᠲ ᠭᠦᠢᠴᠡᠳ᠂ ᠳᠠᠷᠢᠵᠤ ᠭᠠᠷᠭᠠᠭᠰᠠᠨ ᠠᠮᠲᠠᠲᠤ ᠬᠡᠮᠬᠡ ᠶᠢᠨ ᠰᠢᠬᠢᠷᠯᠢᠭ ᠤᠨ ᠬᠡᠮᠵᠢᠶ᠎ᠡ ᠨᠢ ᠥᠨᠳᠥᠷ᠂ ᠠᠷᠠᠰᠤ ᠨᠢ ᠨᠢᠮᠭᠡᠨ ᠮᠢᠬ᠎ᠠ ᠨᠢ ᠵᠤᠵᠠᠭᠠᠨ᠂ ᠪᠣᠯᠪᠠᠰᠤᠷᠠᠬᠤ ᠦᠶ᠎ᠡ ᠳᠤ ᠠᠷᠠᠰᠤ ᠨᠢ ᠰᠢᠷᠠᠪᠲᠤᠷ᠂ ᠠᠮᠲᠠᠲᠠᠢ ᠮᠥᠷᠲᠡᠭᠡᠨ ᠬᠠᠳᠠᠭᠠᠯᠠᠬᠤ ᠳᠤ ᠳᠠᠭᠠᠭᠠᠮᠠᠭᠠᠢ᠂ ᠵᠥᠭᠡᠭᠡᠪᠦᠷᠢᠯᠡᠬᠦ ᠳᠤ ᠳᠠᠭᠠᠭᠠᠮᠠᠭᠠᠢ ᠪᠠᠶᠢᠳᠠᠭ᠃
     ᠲᠣᠭᠲᠠᠬᠤ ᠰᠢᠶᠠᠨ ᠤ ᠰᠠᠨ ᠵᠢᠶᠠᠨ ᠹᠠᠩ ᠲᠣᠰᠬᠤᠨ ᠤ ᠠᠷᠠᠳ ᠠᠮᠲᠠᠲᠤ ᠬᠡᠮᠬᠡ ᠲᠡᠭᠦᠵᠦ ᠪᠠᠶᠢᠭ᠎ᠠ ᠨᠢ      ᠡᠨᠡ ᠵᠢᠯ ᠲᠣᠭᠲᠠᠬᠤ ᠰᠢᠶᠠᠨ ᠤ ᠦᠱᠧᠨ ᠪᠠᠯᠭᠠᠰᠤᠨ ᠳᠤ 260 ᠮᠦ ᠠᠮᠲᠠᠲᠤ ᠬᠡᠮᠬᠡ ᠳᠠᠷᠢᠵᠤ᠂ ᠮᠦ ᠪᠦᠷᠢ  ᠶᠢᠨ ᠤᠨᠠᠯᠲᠠ ᠨᠢ ᠪᠠᠷᠤᠭ 2000 ᠵᠢᠩ ᠪᠠᠶᠢᠵᠤ᠂ ᠶᠡᠷᠦᠩᠬᠡᠢ ᠭᠠᠷᠤᠯᠲᠠ ᠨᠢ ᠪᠠᠷᠤᠭ 26 ᠲᠦᠮᠡᠨ ᠺᠢᠯᠣᠭ᠍ᠷᠠᠮ ᠬᠦᠷᠴᠦ᠂ ᠺᠢᠯᠣᠭ᠍ᠷᠠᠮ ᠪᠦᠷᠢ ᠶᠢᠨ ᠬᠤᠳᠠᠯᠳᠤᠨ ᠠᠪᠬᠤ ᠦᠨ᠎ᠡ ᠨᠢ 8 ᠲᠥᠭᠦᠷᠢᠭ ᠪᠠᠶᠢᠵᠤ᠂ ᠲᠠᠷᠢᠶᠠᠴᠢᠨ ᠡᠷᠦᠬᠡ ᠳᠤ 200 ᠭᠠᠷᠤᠢ ᠲᠦᠮᠡᠨ ᠲᠥᠭᠦᠷᠢᠭ ᠤᠨ ᠣᠷᠣᠯᠭ᠎ᠠ ᠠᠪᠴᠢᠷᠠᠬᠤ ᠪᠣᠯᠣᠨ᠎ᠠ᠃
     ᠲᠣᠭᠲᠠᠬᠤ ᠰᠢᠶᠠᠨ ᠤ ᠼᠢ ᠸᠧᠢ ᠭᠧᠦ ᠲᠣᠰᠬᠤᠨ ᠤ ᠲᠠᠷᠢᠶᠠᠨ ᠳᠤᠮᠳᠠᠬᠢ ᠠᠮᠲᠠᠲᠤ ᠬᠡᠮᠬᠡ
     ᠲᠣᠭᠲᠠᠬᠤ ᠰᠢᠶᠠᠨ ᠤ ᠰᠠᠨ ᠵᠢᠶᠠᠨ ᠹᠠᠩ ᠲᠣᠰᠬᠤᠨ ᠤ ᠠᠷᠠᠳ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ      ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠳᠤ ᠲᠠᠰᠤᠷᠠᠯᠲᠠ ᠦᠭᠡᠢ ᠲᠣᠬᠢᠷᠠᠭᠤᠯᠤᠯᠲᠠ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠢ ᠬᠡᠪᠴᠢᠶᠡᠵᠢᠭᠦᠯᠦᠨ ᠲᠠᠷᠢᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠠᠵᠤ ᠦᠢᠯᠡᠰᠵᠢᠭᠦᠯᠦᠨ ᠡᠵᠡᠩᠨᠡᠬᠦ ᠶᠢ ᠠᠬᠢᠭᠤᠯᠵᠤ᠂ ᠦᠵᠦᠮ᠂ ᠯᠠᠵᠤᠤ᠂ ᠭᠤᠸᠠ ᠵᠢᠮᠢᠰ ᠵᠡᠷᠭᠡ ᠣᠨᠴᠠᠯᠢᠭᠲᠤ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠪᠠᠯᠭᠠᠰᠤ ᠲᠣᠰᠬᠤᠨ ᠪᠣᠯᠭᠠᠨ ᠳᠤ ᠢᠯᠡ ᠲᠣᠳᠣ ᠣᠨᠴᠠᠯᠢᠭ ᠲᠠᠢ ᠲᠠᠷᠢᠶᠠᠯᠠᠩ ᠤᠨ ᠭᠤᠣᠯᠯᠠᠭᠴᠢ ᠠᠵᠤ ᠦᠢᠯᠡᠰ ᠪᠤᠶᠤ ᠣᠨᠴᠠᠯᠢᠭᠲᠤ ᠪᠦᠲᠦᠭᠡᠭᠳᠡᠬᠦᠨ ᠲᠠᠢ ᠪᠣᠯᠭᠠᠬᠤ ᠶᠢ ᠴᠢᠷᠮᠠᠶᠢᠨ ᠪᠡᠶᠡᠯᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠳᠤᠲᠠᠭᠤᠳᠠᠯ ᠢ ᠴᠢᠨᠠᠭᠰᠢᠳᠠ ᠨᠥᠬᠦᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠣᠭᠲᠠᠭᠤᠨ ᠢᠶᠠᠷ ᠠᠬᠢᠭᠤᠯᠬᠤ ᠳᠤ ᠬᠦᠴᠦᠨ ᠨᠡᠮᠡᠷᠢᠯᠡᠪᠡ᠃
     ᠲᠣᠭᠲᠠᠬᠤ ᠰᠢᠶᠠᠨ ᠤ ᠼᠢ ᠸᠧᠢ ᠭᠧᠦ ᠲᠣᠰᠬᠤᠨ ᠤ ᠠᠷᠠᠳ ᠡᠯᠪᠡᠭ ᠬᠤᠷᠢᠶᠠᠯᠲᠠ ᠶᠢᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ ᠪᠠᠶᠢᠭ᠎ᠠ ᠨᠢᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1