︽ᠪᠥᠬᠦ ᠣᠷᠣᠨ ᠤ ᠨᠡᠶᠢᠳᠡᠮ ᠰᠢᠢᠳᠪᠦᠷᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ᠂ | ᠬᠥᠬᠡᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠢᠳᠡᠪᠬᠢᠲᠡᠢ ᠪᠠᠷ ᠳᠠᠭᠠᠵᠤ᠂ ᠠᠵᠤ | ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠣᠨᠣᠯᠵᠢᠬᠤᠨ ᠢᠶᠠᠷ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷᠲᠡᠢ ᠪᠠᠶᠢᠬᠤ︾ | ᠶᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ ︽ᠪᠥᠬᠦ ᠣᠷᠣᠨ ᠤ ᠨᠡᠶᠢᠳᠡᠮ ᠰᠢᠢᠳᠪᠦᠷᠢᠯᠡᠬᠦ︾ ᠬᠦᠷᠢᠶ᠎ᠡ | ᠬᠡᠪᠴᠢᠶ᠎ᠡ ᠶᠢ ᠥᠷᠭᠡᠳᠬᠡᠨ ᠭᠦᠨᠵᠡᠭᠡᠶᠢᠷᠡᠭᠦᠯᠵᠦ᠂ ᠭᠦᠢᠴᠡᠳᠬᠡᠬᠦ ᠰᠢᠨ᠎ᠡ ᠵᠠᠭᠪᠤᠷ ᠢ ᠨᠡᠭᠡᠭᠡᠪᠡ᠃ | ᠲᠣᠬᠢᠷᠠᠭᠤᠯᠬᠤ ᠪᠦᠯᠬᠦᠮ ᠢ ᠵᠣᠬᠢᠶᠠᠨ ᠪᠠᠶᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠪᠡ | ︽ᠪᠦᠬᠦ ᠣᠷᠣᠨ ᠤ ᠨᠡᠶᠢᠳᠡᠮ ᠰᠢᠢᠳᠪᠦᠷᠢᠯᠡᠬᠦ︾ ᠳᠤ ᠬᠤᠯᠪᠣᠭᠳᠠᠭᠰᠠᠨ ᠡᠯ᠎ᠡ ᠰᠠᠯᠠᠭ᠎ᠠ ᠮᠥᠴᠢᠷ ᠵᠢᠴᠢ ︽ | ᠣᠷᠣᠨ ᠪᠦᠰᠡ ᠠᠯᠤᠰᠯᠠᠨ ᠨᠡᠶᠢᠳᠡᠮ ᠰᠢᠢᠳᠪᠦᠷᠢᠯᠡᠬᠦ︾ ᠶᠢᠨ ᠬᠠᠪᠰᠤᠷᠤᠨ ᠭᠦᠢᠴᠡᠳᠬᠡᠬᠦ ᠪᠠ ᠣᠷᠣᠯᠠᠨ | ᠭᠦᠢᠴᠡᠳᠬᠡᠬᠦ ᠬᠥᠮᠥᠰ ᠲᠠᠢ ᠬᠠᠮᠲᠤᠷᠠᠨ᠂ ᠲᠦᠷ ᠴᠠᠭ ᠤᠨ ᠲᠣᠬᠢᠷᠠᠭᠤᠯᠤᠯᠲᠠ ᠶᠢᠨ ᠳᠤᠭᠤᠶᠢᠯᠠᠩ ᠪᠠᠶᠢᠭᠤᠯᠵᠤ᠂ | ᠲᠤᠰᠬᠠᠢ ᠬᠥᠮᠥᠨ ᠢᠶᠠᠷ ᠬᠠᠷᠢᠭᠤᠴᠠᠭᠤᠯᠬᠤ ᠳᠦᠷᠢᠮ ᠢ ᠬᠡᠷᠡᠭᠵᠢᠭᠦᠯᠦᠨ᠂ ᠠᠷᠠᠳ ᠤᠨ ᠶᠠᠪᠤᠳᠠᠯ᠂ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠪᠠᠶᠢᠭᠠᠯᠢ ᠶᠢᠨ ᠡᠬᠢ | ᠪᠠᠶᠠᠯᠢᠭ᠂ ᠵᠡᠮᠳᠡᠭᠴᠦᠳ ᠤᠨ ᠬᠤᠯᠪᠣᠭ᠎ᠠ᠂ ᠭᠠᠶᠢᠯᠢ ᠶᠢᠨ ᠶᠠᠪᠤᠳᠠᠯ ᠵᠡᠷᠭᠡ ᠠᠵᠤ ᠠᠬᠤᠶᠢᠯᠠᠯ ᠳᠤ ᠠᠰᠢᠭᠲᠠᠢ | ᠠᠷᠠᠳ ᠲᠤ ᠲᠥᠬᠦᠮ ᠦᠵᠡᠭᠦᠯᠬᠦ ᠵᠦᠢᠯᠡᠰ ᠲᠤ ᠬᠤᠯᠪᠣᠭᠳᠠᠭᠰᠠᠨ ᠨᠡᠶᠢᠲᠡ 74 ᠵᠦᠢᠯ ᠢ ᠴᠠᠭ ᠲᠤᠬᠠᠢ ᠳᠤᠨᠢ | ᠲᠠᠨᠢᠵᠤ ᠠᠪᠬᠤ ᠶᠢᠨ ᠬᠠᠮᠲᠤ ᠨᠢᠭᠡ ᠨᠢᠭᠡ ᠪᠠᠷ ᠲᠣᠬᠢᠷᠠᠭᠤᠯᠵᠤ᠂ ᠡᠯ᠎ᠡ ᠰᠠᠯᠠᠭ᠎ᠠ ᠮᠥᠴᠢᠷ ᠢ ᠵᠢᠯᠣᠭᠤᠳᠤᠨ | ᠰᠦᠯᠵᠢᠶᠡᠨ ᠠᠴᠠ ᠭᠠᠳᠠᠭᠤᠷᠬᠢ ︽ᠪᠥᠬᠦ ᠣᠷᠣᠨ ᠤ ᠨᠡᠶᠢᠳᠡᠮ ᠰᠢᠢᠳᠪᠦᠷᠢᠯᠡᠬᠦ︾ ᠠᠳᠠᠯᠢ ᠨᠢᠭᠡᠨ ᠵᠦᠢᠯᠡᠰ ᠤᠨ | ᠵᠦᠢᠯᠡᠰ ᠤᠨ ᠨᠡᠷᠡᠶᠢᠳᠦᠯ᠂ ᠦᠨᠳᠦᠰᠦᠨ ᠳ᠋ᠤᠭᠠᠷᠯᠠᠯ᠂ ᠠᠮᠠᠯᠠᠯᠲᠠ ᠶᠢᠨ ᠭᠦᠢᠴᠡᠳᠬᠡᠬᠦ ᠴᠠᠭ ᠬᠢᠵᠠᠭᠠᠷ᠂ ᠭᠥᠯᠢᠶᠡᠨ | ᠠᠪᠴᠤ ᠰᠢᠢᠳᠪᠦᠷᠢᠯᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠬᠢᠨᠠᠨ ᠪᠠᠶᠢᠴᠠᠭᠠᠬᠤ ᠭᠤᠣᠯᠳᠠᠯᠭ᠎ᠠ ᠵᠡᠷᠭᠡ | ᠬᠦᠴᠦᠨ ᠵᠦᠢᠯ ᠳᠤ ᠵᠢᠷᠤᠮᠵᠢᠯ᠂ ᠨᠢᠭᠡᠳᠦᠯᠲᠡᠢ ᠪᠠᠷᠢᠮᠵᠢᠶ᠎ᠠ ᠬᠡᠷᠡᠭᠵᠢᠭᠦᠯᠪᠡ᠃ | | | | | ︽ᠪᠥᠬᠦ ᠣᠷᠣᠨ ᠤ ᠨᠡᠶᠢᠳᠡᠮ ᠰᠢᠢᠳᠪᠦᠷᠢᠯᠡᠬᠦ︾ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ | ᠴᠣᠩᠬᠤ ᠶᠢ ᠪᠠᠶᠢᠷᠢᠯᠠᠭᠤᠯᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠮᠤᠵᠢ ᠠᠯᠤᠰᠯᠠᠨ ᠰᠢᠭᠤᠳ | ᠰᠢᠢᠳᠪᠦᠷᠢᠯᠡᠬᠦ︾ ᠴᠣᠩᠬᠤᠨ ᠳᠤ ︽ᠪᠥᠬᠦ ᠣᠷᠣᠨ ᠤ ᠰᠢᠭᠤᠳ ᠰᠢᠢᠳᠪᠦᠷᠢᠯᠡᠬᠦ︾ ᠦᠢᠯᠡᠴᠢᠯᠡᠭᠡᠨ ᠤ ᠴᠣᠩᠬᠤ ᠶᠢ | ᠨᠡᠮᠡᠨ ᠡᠯᠭᠦᠵᠦ᠂ ︽ᠭᠥᠯᠢᠶᠡᠨ ᠠᠪᠬᠤ ᠶᠢ ᠰᠠᠯᠭᠠᠬᠤ︾ ᠠᠵᠢᠯ ᠤᠨ ᠵᠠᠭᠪᠤᠷ ᠢ ᠪᠠᠶᠢᠭᠤᠯᠵᠤ᠂ ᠤᠴᠢᠷ ᠶᠠᠪᠤᠳᠠᠯ ᠢ | ᠭᠦᠢᠴᠡᠳᠬᠡᠬᠦ ᠶᠢᠨ ᠬᠠᠷᠢᠶ᠎ᠠ ᠣᠷᠣᠨᠴᠢᠯᠠᠭᠰᠠᠨ ᠬᠠᠮᠢᠶᠠᠷᠤᠯᠲᠠ ᠶᠢᠨ ᠬᠢᠵᠠᠭᠠᠷᠯᠠᠯ ᠢ ᠡᠪᠳᠡᠪᠡ᠃ ᠤᠤᠯ ᠤᠨ ᠠᠵᠢᠯ | ᠶᠠᠪᠤᠳᠠᠯ ᠭᠦᠢᠴᠡᠳᠬᠡᠬᠦ ᠡᠷᠬᠡ ᠶᠢ ᠥᠯᠥ ᠬᠤᠪᠢᠷᠠᠭᠤᠯᠤᠭᠰᠠᠨ ᠰᠠᠭᠤᠷᠢᠨ ᠳᠡᠭᠡᠷ᠎ᠡ᠂ ᠭᠤᠶᠤᠴᠢᠯᠠᠭᠴᠢ ᠨᠢ ︽ᠪᠥᠬᠦ | ᠣᠷᠣᠨ ᠤ ᠨᠡᠶᠢᠳᠡᠮ ᠰᠢᠢᠳᠪᠦᠷᠢᠯᠡᠬᠦ︾ ᠶᠢᠨ ᠦᠢᠯᠡᠴᠢᠯᠡᠭᠡᠨ ᠤ ᠴᠣᠩᠬᠤᠨ ᠳᠤ ᠭᠤᠶᠤᠴᠢᠯᠠᠬᠤ ᠮᠠᠲ᠋ᠧᠷᠢᠶᠠᠯ ᠢᠶᠠᠨ | ᠲᠤᠰᠢᠶᠠᠵᠤ᠂ ᠴᠣᠩᠬᠤᠨ ᠤ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭ᠎ᠠ ᠭᠤᠶᠤᠴᠢᠯᠠᠬᠤ ᠮᠠᠲ᠋ᠧᠷᠢᠶᠠᠯ ᠳᠤ | ᠬᠡᠯᠪᠡᠷᠢ ᠶᠢᠨ ᠬᠢᠨᠠᠨ ᠪᠠᠶᠢᠴᠠᠭᠠᠯᠲᠠ᠂ ᠪᠡᠶ᠎ᠡ ᠶᠢᠨ ᠭᠠᠷᠤᠯ ᠤᠨ ᠬᠢᠨᠠᠨ ᠪᠠᠶᠢᠴᠠᠭᠠᠯᠲᠠ ᠬᠢᠵᠦ᠂ ᠲᠤᠬᠠᠶᠢᠯᠠᠭᠰᠠᠨ | ᠠᠵᠢᠯ ᠤᠨ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠲᠤ ᠰᠦᠯᠵᠢᠶᠡᠨ ᠳᠡᠭᠡᠷ᠎ᠡ ᠬᠦᠷᠭᠡᠵᠦ ᠬᠢᠨᠠᠨ ᠵᠥᠪᠰᠢᠶᠡᠷᠡᠭᠦᠯᠦᠨ᠎ᠡ | ᠃ ᠭᠤᠶᠤᠴᠢᠯᠠᠯ ᠤᠨ ᠮᠠᠲ᠋ᠧᠷᠢᠶᠠᠯ ᠤᠨ ᠤᠭ ᠮᠠᠲ᠋ᠧᠷᠢᠶᠠᠯ ᠢ ᠡᠷᠬᠡᠪᠰᠢ ᠬᠢᠨᠠᠨ ᠪᠠᠶᠢᠴᠠᠭᠠᠬᠤ ᠴᠢᠬᠤᠯᠠᠲᠠᠢ ᠪᠠᠶᠢᠪᠠᠯ᠂ | ᠰᠢᠤᠳᠠᠨ ᠤ ᠵᠦᠢᠯ ᠢ ᠲᠤᠬᠠᠶᠢᠯᠠᠭᠰᠠᠨ ᠠᠵᠢᠯ ᠤᠨ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠲᠤ ᠢᠯᠡᠭᠡᠬᠦ ᠪᠠᠷ | ᠳᠠᠮᠵᠢᠭᠤᠯᠤᠨ ᠭᠦᠢᠴᠡᠳᠬᠡᠨ᠎ᠡ᠃ | ᠦᠢᠯᠡᠴᠢᠯᠡᠭᠡᠨ ᠤ ᠦᠨᠡᠯᠡᠯᠲᠡ ᠶᠢ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ | ᠴᠢᠩᠭᠠᠳᠬᠠᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠥᠬᠦ ᠣᠷᠣᠨ ᠤ ᠨᠡᠶᠢᠳᠡᠮ ᠭᠦᠢᠴᠡᠳᠬᠡᠬᠦ︾ ᠶᠢᠨ ︽ᠰᠠᠶᠢᠨ | ᠮᠠᠭᠤ ᠶᠢ ᠦᠨᠡᠯᠡᠬᠦ︾ ᠠᠵᠢᠯ ᠢ ᠢᠳᠡᠪᠬᠢᠲᠡᠢ ᠪᠠᠷ ᠠᠬᠢᠭᠤᠯᠵᠤ᠂ ᠪᠦᠷᠢᠨ ᠲᠡᠭᠦᠯᠳᠡᠷ ᠦᠨᠡᠯᠡᠬᠦ ᠳᠦᠷᠢᠮ ᠢ | ᠪᠠᠶᠢᠭᠤᠯᠬᠤ ᠪᠠ ᠲᠣᠭᠲᠠᠭᠠᠵᠤ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ ᠲᠡᠭᠡᠭᠰᠢᠯᠡᠭᠦᠯᠪᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠪᠥᠬᠦ ᠣᠷᠣᠨ ᠤ ᠨᠡᠶᠢᠳᠡᠮ ᠰᠢᠢᠳᠪᠦᠷᠢᠯᠡᠬᠦ︾ ᠶᠢᠨ ᠠᠵᠢᠯ ᠢ ᠤᠬᠠᠭᠤᠯᠤᠨ ᠳᠡᠯᠭᠡᠷᠡᠭᠦᠯᠬᠦ ᠪᠠ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠵᠤ᠂ ᠠᠯᠪᠠᠨ ᠤ ᠲᠠᠯ᠎ᠠ ᠶᠢᠨ ᠰᠦᠯᠵᠢᠶᠡᠨ ᠥᠷᠲᠡᠭᠡ᠂ | ᠡᠩ ᠤᠨ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠢ ᠨᠡᠶᠢᠲᠡᠯᠡᠬᠦ᠂ ᠤᠬᠠᠭᠤᠯᠬᠤ ᠶᠢ ᠰᠠᠶᠢᠲᠤᠷ ᠬᠢᠬᠦ ᠶᠢᠨ ᠬᠠᠮᠲᠤ | ᠰᠠᠨᠠᠯ ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠰᠠᠶᠢᠲᠤᠷ ᠬᠢᠵᠦ᠂ ᠲᠥᠪᠯᠡᠷᠡᠯ ᠤᠨ ᠴᠡᠭ ᠤᠨ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠪᠡ᠃ | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠥᠨᠳᠥᠷ ᠳᠠᠪᠲᠠᠮᠵᠢᠲᠤ ᠬᠡᠷᠡᠭ ᠶᠠᠪᠤᠳᠠᠯ ᠢ ᠣᠶᠢᠷ᠎ᠠ | ᠬᠠᠪᠢ ᠳᠠᠭᠠᠨ ᠭᠦᠢᠴᠡᠳᠬᠡᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠠᠵᠤ ᠠᠬᠤᠶᠢᠯᠠᠯ ᠪᠠ ᠣᠯᠠᠨ ᠲᠦᠮᠡᠨ ᠤ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠂ ︽ᠪᠥᠬᠦ ᠣᠷᠣᠨ ᠤ ᠨᠡᠶᠢᠳᠡᠮ | ᠰᠢᠢᠳᠪᠦᠷᠢᠯᠡᠬᠦ︾ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |