ᠪᠡᠶ᠎ᠡ ᠶᠢᠨ ᠲᠠᠮᠢᠷ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ | ᠠᠵᠢᠯᠲᠠᠨ ᠠᠵᠢᠯᠴᠢᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠰᠢᠨ᠎ᠡ ᠥᠷᠨᠢᠯᠲᠡ ᠶᠢ ᠪᠣᠶ ᠪᠣᠯᠭᠠᠵᠤ᠂ ᠴᠢᠨᠠᠷ ᠰᠠᠶᠢᠲᠠᠢ ᠪᠡᠶ᠎ᠡ | ᠮᠠᠬᠠᠪᠤᠳ ᠤᠨ ᠬᠡᠪ ᠴᠢᠨᠠᠷ ᠢᠶᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ | ᠲᠥᠯᠥᠭᠡ᠂ 7 ᠳ᠋ᠤᠭᠠᠷ ᠰᠠᠷ᠎ᠠ ᠶᠢᠨ 10 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠳᠠᠭᠠᠭᠠᠴᠢᠯᠠᠨ | ᠡᠷᠭᠢᠯᠡᠵᠦ᠂ ᠬᠤᠲᠠ ᠶᠢᠨ ᠰᠠᠭᠰᠤᠨ ᠪᠥᠮᠪᠦᠭᠡ ᠶᠢᠨ ᠨᠡᠶᠢᠭᠡᠮᠯᠢᠭ᠂ ᠰᠢᠶᠠᠨ ᠤ ᠰᠣᠶᠣᠯ ᠪᠡᠶ᠎ᠡ ᠶᠢᠨ ᠲᠠᠮᠢᠷ ᠤᠨ | ᠲᠣᠪᠴᠢᠶ᠎ᠠ᠂ ᠰᠢᠶᠠᠨ ᠤ ᠬᠠᠮ ᠵᠠᠭᠤᠴᠢᠯᠠᠭᠤᠷ ᠤᠨ ᠲᠥᠪ᠂ ᠰᠢᠶᠠᠨ ᠤ ᠰᠠᠭᠰᠤᠨ ᠪᠥᠮᠪᠦᠭᠡ ᠶᠢᠨ ᠨᠡᠶᠢᠭᠡᠮᠯᠢᠭ ᠠᠴᠠ | ᠬᠠᠮᠵᠢᠨ ᠡᠷᠭᠢᠯᠡᠭᠰᠡᠨ ᠲᠣᠭᠲᠠᠬᠤ ᠰᠢᠶᠠᠨ ᠤ ᠳᠣᠯᠣᠳᠤᠭᠠᠷ ᠬᠤᠭᠤᠴᠠᠭᠠᠨ ᠤ ︽ᠠᠵᠢᠯᠲᠠᠨ ᠠᠵᠢᠯᠴᠢᠨ ᠤ | ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ | ᠨᠡᠶᠢᠭᠡᠮ ᠤᠨ ᠠᠵᠢᠯᠯᠠᠭᠠᠨ ᠤ ᠥᠷᠲᠡᠭᠡᠨ ᠤ ᠰᠠᠭᠰᠤᠨ ᠪᠥᠮᠪᠦᠭᠡ ᠶᠢᠨ ᠲᠠᠯᠠᠪᠤᠷ ᠲᠤ ᠡᠬᠢᠯᠡᠪᠡ᠂ ᠪᠥᠬᠦ ᠰᠢᠶᠠᠨ ᠤ | ᠡᠯ᠎ᠡ ᠹᠷᠣᠨᠲ᠂ ᠡᠯ᠎ᠡ ᠠᠵᠢᠯ ᠲᠥᠷᠥᠯ᠂ ᠡᠯ᠎ᠡ ᠨᠢᠭᠡᠴᠡ ᠶᠢᠨ 20 ᠲᠥᠯᠥᠭᠡᠯᠡᠭᠴᠢᠳ ᠤᠨ ᠠᠩᠭᠢ ᠶᠢᠨ 200 | ᠭᠠᠷᠤᠢ ᠬᠥᠮᠥᠨ ᠤᠷᠤᠯᠳᠤᠭᠠᠨ ᠳᠤ ᠣᠷᠣᠯᠴᠠᠵᠠᠢ᠃ | | | | | ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠶᠦᠨ ᠨᠠ᠂ ᠲᠣᠭᠲᠠᠬᠤ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠲᠦᠮᠡᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠰᠢᠶᠣᠣ | ᠳ᠋ᠦᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠶᠤᠨᠴᠡᠴᠡᠭ᠂ ᠥᠪᠥᠷ | ᠮᠣᠩᠭᠤᠯ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠰᠦᠨ ᠸᠧᠢ᠂ ᠥᠪᠥᠷ | ᠮᠣᠩᠭᠤᠯ ᠤᠨ ᠠᠵᠢᠯ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠣᠶᠣᠯ ᠪᠡᠶ᠎ᠡ ᠶᠢᠨ ᠲᠠᠮᠢᠷ ᠤᠨ ᠬᠥᠭᠵᠢᠯᠲᠡ ᠶᠢᠨ | ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠶᠧ ᠪᠢᠨ᠂ ᠰᠣᠶᠣᠯ ᠪᠡᠶ᠎ᠡ ᠶᠢᠨ ᠲᠠᠮᠢᠷ ᠤᠨ ᠬᠡᠯᠳᠡᠰ ᠤ | ᠲᠠᠷᠤᠭ᠎ᠠ ᠵᠠᠩ ᠶᠦᠩ ᠱᠧᠩ᠂ ᠬᠤᠲᠠ ᠶᠢᠨ ᠰᠠᠭᠰᠤᠨ ᠪᠥᠮᠪᠦᠭᠡ ᠶᠢᠨ ᠨᠡᠶᠢᠭᠡᠮᠯᠢᠭ ᠤᠨ ᠨᠠᠮ ᠤᠨ ᠡᠭᠦᠷ ᠤᠨ ᠱᠦᠵᠢ | ᠹᠠᠩ ᠸᠧᠢ᠂ ᠳᠡᠳ᠋ ᠲᠡᠷᠢᠭᠦᠯᠡᠭᠴᠢ ᠯᠢᠦᠢ ᠵᠢᠶᠦ᠋ᠨ᠂ ᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠳᠠᠷᠤᠭ᠎ᠠ ᠵᠣᠣ ᠶᠦᠩ ᠭᠤᠸᠠᠩ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠳ᠋ᠢᠩ ᠶᠤᠸᠠᠢ | ᠰᠢᠶᠠᠩ᠂ ᠰᠢᠶᠠᠨ ᠤ ᠰᠠᠭᠰᠤᠨ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠵᠠᠩ ᠼᠦᠨ ᠪᠦᠦ ᠡᠬᠢᠯᠡᠯᠲᠡ ᠶᠢᠨ | ᠶᠣᠰᠣᠯᠠᠯ ᠳᠤ ᠣᠷᠣᠯᠴᠠᠪᠠ᠃ | | | | | ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ | ᠰᠢᠶᠣᠣ ᠳ᠋ᠦᠩ ᠬᠤᠷᠠᠯ ᠡᠬᠢᠯᠡᠬᠦ ᠦᠭᠡ ᠬᠡᠯᠡᠵᠡᠢ᠂ ᠲᠡᠷᠡ᠂ ᠲᠤᠰ ᠤᠳᠠᠭᠠᠨ ᠤ ᠰᠠᠭᠰᠤᠨ ᠪᠥᠮᠪᠦᠭᠡ ᠶᠢᠨ | ᠤᠷᠤᠯᠳᠤᠭᠠᠨ ᠪᠣᠯ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠨᠢᠭᠡᠨ ᠶᠡᠭᠡ ᠶᠠᠪᠤᠳᠠᠯ ᠮᠥᠨ ᠪᠥᠭᠡᠳ ᠪᠠᠰᠠ ᠴᠤ | ᠠᠵᠢᠯᠲᠠᠨ ᠠᠵᠢᠯᠴᠢᠨ ᠤ ᠬᠤᠭᠤᠷᠣᠨᠳᠣᠬᠢ ᠰᠤᠷᠤᠯᠴᠠᠯᠭ᠎ᠠ ᠰᠣᠯᠢᠯᠴᠠᠭ᠎ᠠ ᠶᠢ ᠠᠬᠢᠭᠤᠯᠬᠤ ᠨᠢᠭᠡᠨ ᠬᠠᠯᠠᠭᠤᠨ ᠶᠠᠪᠤᠳᠠᠯ | ᠮᠥᠨ᠂ ᠨᠡᠩ ᠴᠤ ᠪᠡᠶ᠎ᠡ ᠶᠢᠨ ᠲᠠᠮᠢᠷ ᠤᠨ ᠲᠣᠮᠣ ᠤᠯᠤᠰ ᠪᠣᠯᠣᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠦᠪᠡᠳᠡᠭᠰᠢ ᠶᠡᠭᠡ ᠶᠠᠪᠤᠳᠠᠯ ᠮᠥᠨ᠃ ᠡᠯ᠎ᠡ ᠤᠷᠤᠯᠳᠤᠭᠠᠨ ᠳᠤ ᠣᠷᠣᠯᠴᠠᠬᠤ ᠡᠩᠨᠡᠭᠡ ᠶᠢᠨ | ᠬᠢᠨ ᠪᠥᠮᠪᠥᠭᠡᠨ ᠲᠠᠯᠠᠪᠤᠷ ᠲᠤ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ᠂ ᠬᠡᠲᠦᠶᠢᠳᠦᠭᠰᠡᠨ ᠪᠥᠮᠪᠥᠭᠡᠨ | ᠮᠡᠷᠭᠡᠵᠢᠯ ᠢᠶᠠᠷ ᠢᠶᠠᠨ ᠬᠡᠪ ᠨᠠᠮᠪᠠ᠂ ᠬᠢᠷᠢ ᠲᠦᠪᠰᠢᠨ᠂ ᠨᠥᠬᠦᠷᠰᠡᠭ ᠰᠡᠳᠬᠢᠯᠭᠡ ᠲᠠᠢ ᠤᠷᠤᠯᠳᠤᠨ᠂ ᠰᠢᠨ᠎ᠡ ᠴᠠᠭ | ᠦᠶ᠎ᠡ ᠶᠢᠨ ᠠᠵᠢᠯᠲᠠᠨ ᠠᠵᠢᠯᠴᠢᠨ ᠤ ᠪᠦᠯᠬᠦᠮᠳᠡᠨ ᠳᠠᠪᠰᠢᠬᠤ᠂ ᠡᠷᠡᠯᠬᠡᠭᠯᠡᠨ ᠲᠡᠮᠡᠴᠡᠬᠦ ᠲᠡᠮᠡᠴᠡᠯ ᠤᠨ ᠵᠣᠷᠢᠭ | ᠰᠠᠨᠠᠭ᠎ᠠ ᠶᠢ ᠭᠦᠢᠴᠡᠳ ᠢᠯᠡᠷᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | | | | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠳᠠᠭᠤᠤ ᠬᠥᠭᠵᠢᠮ ᠤᠨ | ᠳᠠᠭᠠᠤ᠂ 20 ᠲᠥᠯᠥᠭᠡᠯᠡᠭᠴᠢᠳ ᠤᠨ ᠠᠩᠭᠢ ᠶᠢᠨ ᠤᠷᠤᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠲᠡᠷᠢ | ᠲᠡᠭᠰᠢ ᠵᠢᠭᠰᠠᠵᠤ᠂ ᠣᠮᠤᠭ ᠲᠡᠭᠦᠯᠳᠡᠷ ᠢᠶᠠᠷ ᠠᠯᠬᠤᠭ᠎ᠠ ᠪᠠᠷ ᠢᠶᠠᠨ ᠲᠠᠯᠠᠪᠠᠢ ᠳᠤ ᠤᠷᠤᠵᠠᠢ᠃ | | | | | | | | ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠳᠠᠷᠠᠭ᠎ᠠ᠂ ᠦᠱᠧᠨ ᠪᠠᠯᠭᠠᠰᠤ ᠪᠣᠯᠣᠨ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠠᠴᠠ ᠲᠣᠰ ᠬᠤᠭᠤᠴᠠᠭᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠤ | ᠠᠩᠬᠠᠨ ᠤ ᠲᠠᠯᠠᠪᠤᠷ ᠡᠬᠢᠯᠡᠯᠲᠡ ᠶᠢᠨ ᠪᠠᠶᠢᠯᠳᠤᠭᠠᠨ ᠢ ᠡᠬᠢᠯᠡᠭᠦᠯᠵᠦ᠂ ᠵᠠᠯᠭᠠᠭᠠᠳ ᠪᠠᠰᠠ 80 ᠲᠠᠯᠠᠪᠤᠷ ᠭᠤᠶᠢᠳᠠ | ᠰᠠᠶᠢᠬᠠᠨ ᠤᠷᠤᠯᠳᠤᠭᠠᠨ ᠢ ᠦᠵᠡᠭᠴᠢᠳ ᠲᠤ ᠦᠵᠡᠭᠦᠯᠦᠨ᠎ᠡ᠃ | | | | | | | | | ᠲᠣᠰ ᠤᠳᠠᠭᠠᠨ ᠤ ︽ᠠᠵᠢᠯᠲᠠᠨ ᠠᠵᠢᠯᠴᠢᠨ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠢ | ᠡᠷᠭᠢᠯᠡᠭᠰᠡᠨ ᠶᠠᠪᠤᠳᠠᠯ ᠪᠣᠯ ᠶᠡᠷᠦᠩᠬᠡᠢ ᠱᠦᠵᠢ ᠰᠢ ᠶᠢᠨ ᠫᠢᠩ ᠶᠢᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠢ | ᠴᠢᠬᠤᠯᠠ ᠥᠭᠦᠯᠡᠯᠲᠡ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠭᠦᠨ ᠤ ᠵᠣᠷᠢᠯᠭ᠎ᠠ ᠨᠢ ᠰᠢᠨ᠎ᠡ ᠴᠠᠭ | ᠦᠶ᠎ᠡ ᠶᠢᠨ ᠠᠵᠢᠯᠲᠠᠨ ᠠᠵᠢᠯᠴᠢᠨ ᠤ ᠪᠦᠯᠬᠦᠮᠳᠡᠨ ᠲᠡᠮᠡᠴᠡᠬᠦ᠂ ᠡᠷᠡᠯᠬᠡᠭᠯᠡᠨ ᠲᠡᠮᠡᠴᠡᠵᠦ ᠰᠢᠨ᠎ᠡ ᠶᠢ ᠡᠭᠦᠳᠬᠦ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠠᠵᠢᠯ ᠬᠢᠵᠦ ᠦᠢᠯᠡᠰ | ᠴᠣᠭᠴᠠᠯᠠᠬᠤ ᠬᠦᠴᠦᠨ ᠢ ᠨᠢᠭᠲᠠᠷᠠᠭᠤᠯᠤᠨ᠂ ᠰᠢᠨ᠎ᠡ ᠴᠤᠭ ᠵᠢᠪᠬᠤᠭ᠎ᠠ᠂ ᠰᠢᠨ᠎ᠡ ᠳᠦᠷᠰᠦ ᠪᠠᠶᠢᠳᠠᠯ ᠢ | ᠢᠯᠡᠷᠡᠭᠦᠯᠬᠦ ᠶᠢᠨ ᠲᠥᠯᠥᠭᠡ ᠶᠤᠮ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |