ᠬᠤᠶᠠᠷ ᠢ ᠬᠦᠷᠢᠶᠡᠯᠡᠬᠦ ᠮᠡᠳᠡᠯᠭᠡ ︵ᠨᠢᠭᠡ︶
ᠨᠡᠶᠢᠲᠡᠯᠡᠭᠰᠡᠨ ᠴᠠᠭ᠄
2023/7/14
ᠰᠢ ᠶᠢᠨ ᠫᠢᠩ  ᠤᠨ ᠬᠤᠶᠠᠷ  ᠢ ᠬᠦᠷᠢᠶᠡᠯᠡᠬᠦ ᠲᠤᠬᠠᠢ ᠴᠢᠬᠤᠯᠠ ᠥᠭᠦᠯᠡᠯᠲᠡ᠄      ᠬᠤᠶᠠᠷ ᠢ ᠬᠦᠷᠢᠶᠡᠯᠡᠬᠦ ᠬᠥᠳᠡᠯᠭᠡᠭᠡᠨ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠠᠷᠠᠳ ᠲᠦᠮᠡᠨ ᠳᠤ ᠯᠡ ᠪᠠᠶᠢᠳᠠᠭ ᠰᠢᠯᠢᠳᠡᠭ ᠤᠯᠠᠮᠵᠢᠯᠠᠯ ᠪᠠ ᠤᠯᠤᠰ ᠲᠦᠷᠦ ᠶᠢᠨ ᠳᠠᠪᠠᠭᠤᠯᠢᠭ ᠲᠠᠯ᠎ᠠ ᠮᠥᠨ᠃ ᠬᠠᠳᠠ ᠴᠢᠯᠠᠭᠤ ᠮᠡᠲᠦ ᠪᠠᠲᠤ ᠪᠠᠬᠢ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠪᠣᠯ ᠥᠨᠢ ᠡᠭᠦᠷᠢᠳᠡ ᠪᠢᠳᠡᠨ ᠤ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠢᠯᠠᠯᠲᠠ ᠠᠴᠠ ᠢᠯᠠᠯᠲᠠ ᠵᠦᠭ ᠲᠠᠰᠤᠷᠠᠯᠳᠠ ᠦᠭᠡᠢ ᠤᠷᠤᠭᠰᠢᠯᠠᠬᠤ ᠶᠢᠨ ᠴᠢᠬᠤᠯᠠ ᠡᠷᠳᠡᠨᠢ ᠮᠥᠨ᠃ ︽ᠴᠡᠷᠢᠭ ᠠᠷᠠᠳ ᠨᠢᠭᠡ ᠯᠡ ᠬᠥᠮᠥᠨ ᠮᠡᠲᠦ ᠪᠦᠯᠬᠦᠮᠳᠡᠵᠦ ᠂ ᠳᠡᠯᠡᠬᠡᠢ ᠳ᠋ᠠᠬᠢᠨ ᠢ ᠬᠡᠨ ᠳᠠᠶᠢᠰᠤᠩᠨᠠᠵᠤ ᠴᠢᠳᠠᠬᠤ ᠶᠢ ᠲᠤᠷᠰᠢᠵᠤ ᠦᠵᠡᠶ᠎ᠡ︾ ᠭᠡᠳᠡᠭ ᠪᠣᠯ ᠬᠡᠵᠢᠶᠡᠳᠡ ᠨᠢᠴᠤᠭᠠᠭᠳᠠᠰᠢ ᠦᠭᠡᠢ ᠦᠨᠡᠨ ᠶᠣᠰᠣ ᠮᠥᠨ᠃      ᠰᠢᠨ᠎ᠡ ᠪᠠᠶᠢᠳᠠᠯ ᠤᠨ ᠳᠣᠣᠷ᠎ᠠ᠂ ᠬᠤᠶᠠᠷ ᠢ ᠬᠦᠷᠢᠶᠡᠯᠡᠬᠦ ᠠᠵᠢᠯ ᠢ ᠴᠢᠩᠭᠠᠳᠬᠠᠬᠤ ᠠᠴᠠ ᠪᠢᠰᠢ ᠰᠤᠯᠠᠷᠠᠭᠤᠯᠵᠤ ᠪᠣᠯᠬᠤ ᠦᠭᠡᠢ᠃ ᠴᠡᠷᠢᠭ ᠠᠩᠭᠢ ᠪᠠ ᠣᠷᠣᠨ ᠨᠤᠲᠤᠭ ᠬᠦᠴᠦ ᠪᠠᠨ ᠬᠠᠮᠲᠤᠳᠬᠠᠵᠤ᠂ ᠴᠡᠷᠢᠭ ᠠᠷᠠᠳ ᠰᠡᠳᠬᠢᠯ ᠢᠶᠠᠨ ᠨᠢᠭᠡᠳᠬᠡᠪᠡᠯ᠂ ᠪᠢᠳᠡ ᠯᠠᠪᠲᠠᠢ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠵᠦ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠵᠤ ᠴᠢᠳᠠᠨ᠎ᠠ᠃      2023 ᠣᠨ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠰᠠᠨᠠᠭᠠᠴᠢᠯᠠᠭᠰᠠᠨ ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠣᠶ ᠪᠣᠯᠣᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠤᠬᠠᠭᠤᠯᠵᠤ ᠲᠤᠤᠱᠯᠠᠭᠤᠯᠤᠨ᠂ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠶᠡᠭᠡ ᠪᠠᠷ ᠪᠠᠳᠠᠷᠠᠭᠤᠯᠬᠤ ᠶᠢᠨ ᠲᠥᠯᠥᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠬᠤᠶᠠᠷ ᠢ ᠬᠦᠷᠢᠶᠡᠯᠡᠬᠦ ᠮᠡᠳᠡᠯᠭᠡ ᠶᠢ ᠰᠤᠷᠤᠯᠴᠠᠬᠤ ᠰᠢᠷᠢᠰ ᠲᠤᠰᠬᠠᠢ ᠪᠤᠯᠤᠩ ᠭᠠᠷᠭᠠᠵᠤ᠂ ᠣᠯᠠᠨ ᠢᠶᠠᠷ ᠢᠶᠠᠨ ᠠᠩᠬᠠᠷᠤᠨ ᠰᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠬᠤᠶᠠᠷ ᠢ ᠬᠦᠷᠢᠶᠡᠯᠡᠬᠦ ᠠᠵᠢᠯ ᠤᠨ ᠲᠣᠪᠴᠢ ᠲᠡᠦᠬᠡ ᠶᠢ ᠬᠠᠮᠲᠤ ᠪᠠᠷ ᠰᠤᠷᠤᠯᠴᠠᠶ᠎ᠠ      ᠮᠠᠨ ᠤ ᠤᠯᠤᠰ ᠤᠨ ᠴᠡᠷᠢᠭ ᠠᠷᠠᠳ ᠤᠨ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ︵ᠳᠣᠷᠣᠭᠰᠢ ︽ᠬᠤᠶᠠᠷ ᠢ ᠬᠦᠷᠢᠶᠡᠯᠡᠬᠦ︾ ᠭᠡᠵᠦ ᠲᠣᠪᠴᠢᠯᠠᠨ᠎ᠠ︶ ᠠᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠬᠤᠪᠢᠰᠬᠠᠯ ᠤᠨ ᠲᠤᠬᠠᠢ ᠲᠠᠨᠢᠯᠲᠠ᠂ ᠴᠡᠷᠢᠭ ᠪᠠᠶᠢᠭᠤᠯᠬᠤ ᠤᠨᠤᠯ ᠤᠨ ᠪᠤᠢ ᠪᠣᠯᠤᠭᠰᠠᠨ ᠪᠠ ᠠᠷᠠᠳ ᠤᠨ ᠴᠡᠷᠢᠭ ᠠᠩᠭᠢ ᠶᠢᠨ ᠪᠠᠶᠢᠭᠤᠯᠤᠭᠳᠠᠬᠤ ᠶᠢ ᠳᠠᠭᠠᠯᠳᠤᠨ ᠬᠥᠭᠵᠢᠵᠦ ᠢᠷᠡᠭᠰᠡᠨ ᠶᠤᠮ᠃ ᠬᠤᠶᠠᠷ ᠢ ᠬᠦᠷᠢᠶᠡᠯᠡᠬᠦ ᠠᠵᠢᠯ ᠤᠨ ᠪᠤᠢ ᠪᠣᠯᠵᠤ ᠬᠥᠭᠵᠢᠭᠰᠡᠨ ᠶᠠᠪᠤᠳᠠᠯ ᠪᠣᠯ ᠳᠤᠮᠳᠠᠳᠤ ᠤᠯᠤᠰ ᠤᠨ ᠬᠤᠪᠢᠰᠬᠠᠯ ᠤᠨ ᠥᠪᠡᠷᠮᠢᠴᠡ ᠣᠨᠴᠠᠯᠢᠭ ᠪᠦᠬᠦᠢ ᠴᠢᠬᠤᠯᠠ ᠠᠭᠤᠯᠭ᠎ᠠ ᠶᠢᠨ ᠨᠢᠭᠡ ᠮᠥᠨ᠂ ᠪᠠᠰᠠ ᠴᠤ ᠳᠤᠮᠳᠠᠳᠤ ᠤᠯᠤᠰ ᠤᠨ ᠬᠤᠪᠢᠰᠬᠠᠯ ᠤᠨ ᠢᠯᠠᠯᠲᠠ ᠣᠯᠬᠤ ᠶᠢᠨ ᠴᠢᠬᠤᠯᠠ ᠪᠠᠲᠤᠯᠠᠭ᠎ᠠ ᠮᠥᠨ᠃      ᠶᠡᠭᠡ ᠬᠤᠪᠢᠰᠬᠠᠯ ᠤᠨ ᠦᠶ᠎ᠡ ︱ ᠬᠤᠶᠠᠷ ᠢ ᠬᠦᠷᠢᠶᠡᠯᠡᠬᠦ ᠠᠵᠢᠯ ᠤᠨ ᠰᠣᠶᠣᠭᠠᠯᠠᠯ      1924 ᠣᠨ ᠠᠴᠠ 1927 ᠣᠨ ᠪᠣᠯᠲᠠᠯ᠎ᠠ᠂ ᠳᠤᠮᠳᠠᠳᠤ ᠤᠯᠤᠰ ᠲᠤ ᠡᠵᠡᠷᠬᠡᠭ ᠲᠦᠷᠢᠮᠡᠬᠡᠶᠢᠲᠡᠨ ᠵᠢᠴᠢ ᠤᠮᠠᠷᠠᠲᠤ ᠶᠢᠨ ᠴᠡᠷᠢᠭ ᠤᠨ ᠡᠷᠬᠡᠲᠡᠨ ᠢ ᠡᠰᠡᠷᠭᠦᠴᠡᠭᠰᠡᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠩᠬᠠᠳᠤᠭᠠᠷ ᠤᠳᠠᠭ᠎ᠠ ᠶᠢᠨ ᠶᠡᠭᠡ ᠬᠤᠪᠢᠰᠬᠠᠯ ᠡᠭᠦᠰᠴᠦ᠂ ᠭᠤᠮᠢᠨᠳᠠᠩ ᠡᠪ ᠬᠠᠮᠲᠤ ᠨᠠᠮ ᠬᠤᠶᠠᠷ ᠨᠠᠮ ᠠᠩᠬᠠᠳᠤᠭᠠᠷ ᠤᠳᠠᠭ᠎ᠠ ᠶᠢᠨ ᠬᠠᠮᠲᠤᠷᠠᠯᠴᠠᠭ᠎ᠠ ᠶᠢ ᠬᠡᠷᠡᠭᠵᠢᠭᠦᠯᠵᠦ᠂ ᠬᠤᠪᠢᠰᠬᠠᠯᠲᠤ ᠨᠢᠭᠡᠳᠦᠮᠡᠯ ᠹᠷᠣᠨᠲ ᠢ ᠪᠠᠶᠢᠭᠤᠯᠵᠤ᠂ ᠡᠨᠡ ᠤᠳᠠᠭ᠎ᠠ ᠶᠢᠨ ᠬᠤᠪᠢᠰᠬᠠᠯᠲᠤ ᠬᠥᠳᠡᠯᠭᠡᠭᠡᠨ ᠤ ᠬᠥᠭᠵᠢᠯᠲᠡ ᠶᠢ ᠬᠦᠴᠦᠲᠡᠢ ᠠᠬᠢᠭᠤᠯᠪᠠ᠃ ᠡᠨᠡ ᠤᠳᠠᠭ᠎ᠠ ᠶᠢᠨ ᠶᠡᠭᠡ ᠬᠤᠪᠢᠰᠬᠠᠯ ᠤᠨ ᠳᠤᠮᠳᠠ᠂ ᠮᠠᠨ ᠤ ᠨᠠᠮ ᠳᠤᠮᠳᠠᠳᠤ ᠤᠯᠤᠰ ᠤᠨ ᠬᠤᠪᠢᠰᠬᠠᠯ ᠤᠨ ᠣᠨᠴᠠᠯᠢᠭ ᠢ ᠦᠨᠳᠦᠰᠦᠯᠡᠨ᠂ ᠵᠡᠪᠰᠡᠭᠲᠦ ᠲᠡᠮᠡᠴᠡᠯ ᠤᠨ ᠴᠢᠬᠤᠯᠠ ᠴᠢᠨᠠᠷ ᠢ ᠲᠠᠨᠢᠵᠤ᠂ ᠭᠤᠮᠢᠨᠳᠠᠩ ᠲᠠᠢ ᠬᠠᠮᠲᠤᠷᠠᠨ ᠬᠤᠪᠢᠰᠬᠠᠯᠲᠤ ᠴᠡᠷᠢᠭ ᠠᠩᠬ᠋ᠢ ᠶᠢ ᠵᠣᠬᠢᠶᠠᠨ ᠪᠠᠶᠢᠭᠤᠯᠬᠤ ᠶᠠᠪᠤᠴᠠ ᠳᠠᠭᠠᠨ ᠵᠦ᠋ᠪᠯᠡᠯᠳᠦ ᠬᠤᠯᠪᠣᠭᠠᠲᠤ ᠤᠯᠤᠰ ᠤᠨ ᠤᠯᠠᠭᠠᠨ ᠴᠡᠷᠢᠭ ᠢᠶᠠᠷ ᠦᠯᠢᠬ᠋ᠡᠷ ᠳᠠᠭᠤᠷᠢᠶᠠᠯ ᠪᠣᠯᠭᠠᠵᠤ᠂ ᠴᠡᠷᠢᠭ ᠠᠩᠬ᠋ᠢ ᠶᠢᠨ ᠤᠯᠤᠰ ᠳᠣᠷᠣ ᠶᠢᠨ ᠠᠵᠢᠯ ᠢ ᠡᠭᠦᠳᠦᠨ ᠪᠠᠶᠢᠭᠤᠯᠤᠨ ᠵᠢᠯᠤᠭᠤᠳᠴᠤ᠂ ᠡᠵᠡᠷᠬᠡᠭ ᠲᠦ᠋ᠷᠢᠮᠡᠬ᠋ᠡᠶᠢᠳᠡᠨ ᠢ ᠡᠰᠡᠷᠭᠦᠴᠡᠬᠦ ᠹᠧᠣᠳᠠᠯ ᠶᠣᠰᠣ ᠶᠢ ᠡᠰᠡᠷᠭᠦᠴᠡᠬᠦ ᠬᠤᠪᠢᠰᠬᠠᠯ ᠤᠨ ᠬᠠᠷᠠᠯᠲᠠ ᠪᠠᠷ ᠵᠡᠪᠰᠡᠭᠲᠦ ᠴᠡᠷᠢᠭ ᠠᠩᠬ᠋ᠢ ᠶᠢ ᠥᠭᠡᠷᠡᠴᠢᠯᠡᠵᠦ᠂ ᠬᠤᠵᠢᠮ ᠤᠨ ᠬᠤᠶᠠᠷ ᠢ ᠬᠦᠷᠢᠶᠡᠯᠡᠬᠦ ᠠᠵᠢᠯ ᠤᠨ ᠪᠦᠷᠢᠯᠳᠦᠵᠦ ᠬᠥᠭᠵᠢᠬᠦ ᠳᠤ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶᠢᠨ᠎ᠠ᠃      ᠭᠠᠵᠠᠷ ᠰᠢᠷᠣᠢ ᠶᠢᠨ ᠬᠤᠪᠢᠰᠬᠠᠯ ᠤᠨ ᠦᠶ᠎ᠡ ︱ ᠬᠤᠶᠠᠷ ᠢ ᠬᠦᠷᠢᠶᠡᠯᠡᠬᠦ ᠠᠵᠢᠯ ᠪᠠᠶᠢᠭᠤᠯᠤᠭᠳᠠᠭᠰᠠᠨ ᠨᠢ      ᠮᠠᠨ ᠤ ᠨᠠᠮ 1927 ᠣᠨ ᠤ 8 ᠰᠠᠷ᠎ᠠ ᠶᠢᠨ 1 ᠤ ᠡᠳᠦᠷ ᠨᠠᠨᠴᠠᠩ ᠤᠨ ᠪᠣᠰᠣᠯᠭ᠎ᠠ ᠭᠠᠷᠭᠠᠵᠤ᠂ ᠵᠡᠪᠰᠡᠭᠲᠦ ᠬᠦᠴᠦᠨ ᠢᠶᠠᠷ ᠭᠤᠮᠢᠨᠳᠠᠩ ᠤᠨ ᠲᠡᠷᠰᠯᠡᠭᠦᠴᠦᠳ ᠢ ᠡᠰᠡᠷᠭᠦᠴᠡᠬᠦ ᠠᠩᠬᠠᠨ ᠤ ᠫᠤᠤ ᠶᠢ ᠲᠠᠯᠪᠢᠪᠠ᠃ ᠲᠤᠰ ᠵᠢᠯ ᠤᠨ 9 ᠰᠠᠷ᠎ᠠ ᠶᠢᠨ 9 ᠤ ᠡᠳᠦᠷ᠂ ᠮᠠᠤ ᠽᠧ ᠳ᠋ᠦᠩ ᠪᠠᠰᠠ ᠬᠤᠨᠠᠨ ᠵᠢᠶᠠᠩᠰᠢ ᠶᠢᠨ ᠬᠢᠵᠠᠭᠠᠷ ᠣᠷᠣᠨ ᠳᠤ ᠨᠠᠮᠤᠷ ᠤᠨ ᠬᠤᠷᠢᠶᠠᠯᠲᠠ ᠶᠢᠨ ᠪᠣᠰᠣᠯᠭ᠎ᠠ ᠭᠠᠷᠭᠠᠵᠤ᠂ ᠪᠣᠰᠣᠯᠭ᠎ᠠ ᠶᠢᠨ ᠴᠡᠷᠢᠭ ᠠᠩᠭᠢ  ᠶᠢ ᠳᠠᠶᠢᠴᠢᠯᠠᠨ ᠵᠢᠩᠭᠠᠩᠱᠠᠨ ᠠᠭᠤᠯᠠᠨ ᠳᠤ ᠭᠠᠷᠪᠠ᠃ ᠲᠡᠭᠦᠨ ᠠᠴᠠ ᠠᠪᠤᠭᠠᠳ ᠮᠠᠨ ᠤ ᠨᠠᠮ ᠥᠪᠡᠷ ᠤᠨ ᠬᠤᠪᠢᠰᠬᠠᠯᠲᠤ ᠴᠡᠷᠢᠭ ᠲᠠᠢ ᠪᠣᠯᠵᠤ᠂ ᠬᠤᠪᠢᠰᠬᠠᠯᠲᠤ ᠵᠡᠪᠰᠡᠭᠲᠦ ᠲᠡᠮᠡᠴᠡᠯ ᠢ ᠪᠡᠶ᠎ᠡ ᠪᠠᠨ ᠳᠠᠭᠠᠭᠠᠵᠤ ᠤᠳᠤᠷᠢᠳᠬᠤ ᠰᠢᠨ᠎ᠡ ᠦᠶ᠎ᠡ ᠳᠤ ᠣᠷᠣᠭᠰᠠᠨ ᠪᠠᠶᠢᠨ᠎ᠠ᠃ ᠡᠨᠡ ᠬᠦ ᠴᠣ᠋ ᠰᠢᠨ᠎ᠡ ᠠᠷᠠᠳ ᠤᠨ ᠴᠡᠷᠢᠭ ᠠᠩᠭᠢ ᠶᠢᠨ ᠮᠡᠨᠳᠦᠯᠡᠬᠦ ᠶᠢ ᠳᠠᠭᠠᠯᠳᠤᠨ᠂ ᠬᠤᠶᠠᠷ ᠢ ᠬᠦᠷᠢᠶᠡᠯᠡᠬᠦ ᠠᠵᠢᠯ ᠴᠤ ᠡᠯ᠎ᠡ ᠰᠠᠭᠤᠷᠢᠨ ᠭᠠᠵᠠᠷ ᠲᠤ ᠡᠬᠢᠯᠡᠨ ᠪᠠᠶᠢᠭᠤᠯᠤᠭᠳᠠᠵᠠᠢ᠃      ᠶᠠᠫᠤᠨ ᠢ ᠡᠰᠡᠷᠭᠦᠴᠡᠬᠦ ᠳᠠᠶᠢᠨ ᠪᠠ ᠴᠢᠯᠦᠭᠡᠯᠡᠬᠦ ᠳᠠᠶᠢᠨ ᠤ ᠦᠶ᠎ᠡ ᡺ ᠬᠤᠶᠠᠷ ᠢ ᠬᠦᠷᠢᠶᠡᠯᠡᠬᠦ ᠠᠵᠢᠯ ᠤᠨ ᠪᠦᠷᠢᠯᠳᠦᠭᠰᠡᠨ ᠨᠢ      1937 ᠣᠨ ᠤ 7 ᠰᠠᠷ᠎ᠠ ᠶᠢᠨ 7 ᠤ ᠡᠳᠦᠷ᠂ ᠶᠠᠫᠤᠨ ᠤ ᠲᠦᠷᠢᠮᠡᠬᠡᠢ ᠴᠡᠷᠢᠭ ᠪᠸᠢᠢᠫᠢᠡᠭ ᠬᠤᠲᠠ ᠶᠢᠨ ᠲᠡᠭᠦᠷᠭᠡ ᠶᠢᠨ ᠯᠦ ᠭᠧᠦ ᠴᠢᠶᠣᠤ ᠬᠥᠭᠦᠷᠭᠡ ᠵᠦᠭ ᠵᠡᠪᠰᠡᠭᠲᠦ ᠳᠠᠭᠠᠷᠢᠯᠲᠠ ᠶᠠᠪᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠯᠬᠢᠴᠡ ᠪᠠ ᠪᠦᠬᠦ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠬᠢᠯᠢᠩ ᠤᠨ ᠨᠥᠯᠥᠭᠡᠯᠡᠯ ᠢᠶᠠᠷ᠂ ᠶᠠᠫᠤᠨ ᠢ ᠡᠰᠡᠷᠭᠦᠴᠡᠬᠦ ᠳᠠᠶᠢᠨ ᠡᠭᠦᠰᠴᠦ᠂ ᠳᠤᠮᠳᠠᠳᠤ ᠤᠯᠤᠰ ᠤᠨ ᠬᠤᠪᠢᠰᠬᠠᠯ ᠦᠨᠳᠦᠰᠦᠲᠡᠨ ᠤ ᠴᠢᠯᠦᠭᠡᠯᠡᠬᠦ ᠳᠠᠶᠢᠨ ᠢ ᠲᠡᠮᠡᠴᠡᠨ ᠣᠯᠬᠤ ᠰᠢᠨ᠎ᠡ ᠱᠠᠲᠤᠨ ᠳᠤ ᠣᠷᠣᠭᠰᠠᠨ ᠪᠠᠶᠢᠨ᠎ᠠ᠃      ᠡᠨᠡ ᠬᠦ ᠬᠤᠭᠤᠴᠠᠭᠠᠨ ᠳᠤ᠂ ᠠᠷᠠᠳ ᠤᠨ ᠴᠡᠷᠢᠭ ᠠᠩᠭᠢ ᠶᠢᠨ ᠴᠡᠷᠢᠭ ᠪᠠᠶᠢᠭᠤᠯᠬᠤ ᠵᠠᠷᠴᠢᠮ ᠵᠢᠴᠢ ᠤᠯᠠᠨ ᠵᠢᠯ ᠤᠨ ᠲᠤᠷᠰᠢᠬᠢ ᠤᠯᠠᠨ ᠲᠦᠮᠡᠨ ᠤ ᠠᠵᠢᠯ ᠤᠨ ᠠᠮᠢᠳᠤᠯᠢᠭ ᠦᠢᠯᠡᠳᠦᠯᠭᠡ ᠶᠢ ᠲᠣᠭᠲᠠᠭᠠᠭᠰᠠᠨ ᠠᠴᠠ ᠬᠤᠶᠠᠷ ᠢ ᠬᠦᠷᠢᠶᠡᠯᠡᠬᠦ ᠠᠵᠢᠯ ᠴᠢᠬᠤᠯᠠ ᠶᠡᠭᠡ ᠬᠥᠭᠵᠢᠯᠲᠡ ᠲᠠᠢ ᠪᠣᠯᠪᠠ᠃      ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠠᠴᠠ ᠰᠣᠶᠣᠯ ᠤᠨ ᠶᠡᠭᠡ ᠬᠤᠪᠢᠰᠬᠠᠯ ᠤᠨ ᠡᠬᠢᠨ ᠤ ᠦᠶ᠎ᠡ ᠬᠦᠷᠲᠡᠯ᠎ᠡ — ᠬᠤᠶᠠᠷ ᠢ ᠬᠦᠷᠢᠶᠡᠯᠡᠬᠦ ᠠᠵᠢᠯ ᠤᠨ ᠬᠥᠭᠵᠢᠯᠲᠡ      1949 ᠣᠨ ᠤ 10 ᠰᠠᠷ᠎ᠠ ᠶᠢᠨ 1 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠨᠢ ᠮᠠᠨ ᠤ ᠤᠯᠤᠰ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠲᠠᠢ ᠪᠠᠷ ᠲᠡᠭᠦᠰᠦᠭᠰᠡᠨ ᠢ ᠬᠠᠷᠠᠭᠤᠯᠵᠤ ᠪᠠᠶᠢᠨ᠎ᠠ᠃ ᠬᠤᠶᠠᠷ ᠢ ᠬᠦᠷᠢᠶᠡᠯᠡᠬᠦ ᠠᠵᠢᠯ ᠤᠨ ᠲᠡᠦᠬᠡᠨ ᠣᠷᠴᠢᠨ ᠨᠥᠬᠦᠴᠡᠯ ᠳᠤ ᠴᠦ ᠴᠢᠬᠤᠯᠠ ᠬᠤᠪᠢᠷᠠᠯᠲᠠ ᠭᠠᠷᠴᠠᠢ᠃ ᠬᠤᠪᠢᠷᠠᠯᠲᠠ ᠶᠢᠨ ᠨᠢᠭᠡ ᠨᠢ ᠠᠷᠠᠳ ᠤᠨ ᠴᠢᠯᠦᠭᠡᠯᠡᠬᠦ ᠴᠡᠷᠢᠭ ᠤᠨ ᠡᠭᠦᠷᠭᠡ ᠳᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ᠵᠠᠰᠠᠭ ᠤᠨ ᠡᠷᠬᠡ ᠶᠢ ᠪᠤᠯᠢᠶᠠᠨ ᠠᠪᠴᠤ ᠪᠠᠶᠢᠭᠰᠠᠨ ᠠᠴᠠ ᠪᠠᠨ ᠨᠠᠮ ᠤᠨ ᠤᠳᠤᠷᠢᠳᠤᠯᠭ᠎ᠠ ᠳᠣᠣᠷ᠎ᠠ ᠵᠠᠰᠠᠭ ᠤᠨ ᠡᠷᠬᠡ ᠶᠢ ᠬᠠᠮᠠᠭᠠᠯᠠᠬᠤ ᠵᠡᠪᠰᠡᠭᠲᠦ ᠬᠦᠴᠦᠨ ᠪᠣᠯᠣᠨ ᠬᠤᠪᠢᠷᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠴᠢᠩᠭᠠᠳᠬᠠᠬᠤ᠂ ᠲᠦᠷᠢᠮᠡᠬᠡᠶᠢᠯᠡᠯ ᠢ ᠡᠰᠡᠷᠭᠦᠴᠡᠨ ᠬᠤᠷᠢᠭᠯᠠᠬᠤ ᠪᠠ ᠤᠯᠤᠰ ᠣᠷᠣᠨ ᠤ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠣᠷᠣᠯᠴᠠᠬᠤ ᠬᠦᠨᠳᠦ ᠡᠭᠦᠷᠭᠡ ᠶᠢ ᠡᠭᠦᠷᠭᠡᠯᠡᠭᠰᠡᠨ ᠶᠠᠪᠤᠳᠠᠯ ᠪᠣᠯᠣᠨ᠎ᠠ︔ ᠡᠭᠦᠨ ᠤ ᠬᠤᠶᠠᠷ ᠲᠤ ᠪᠦᠬᠦ ᠤᠯᠤᠰ ᠤᠨ ᠡᠯ᠎ᠡ ᠴᠢᠯᠦᠭᠡᠯᠡᠭᠳᠡᠭᠰᠡᠨ ᠣᠷᠣᠨ ᠢ ᠨᠢᠭᠡᠳᠬᠡᠵᠦ᠂ ᠪᠦᠬᠦ ᠤᠯᠤᠰ ᠤᠨ ᠴᠢᠨᠠᠷᠲᠠᠢ ᠵᠠᠰᠠᠭ ᠤᠨ ᠣᠷᠳᠣᠨ ᠢ ᠪᠠᠶᠢᠭᠤᠯᠤᠭᠰᠠᠨ ᠠᠴᠠ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠶᠢᠨ ᠳᠣᠣᠷ᠎ᠠ ᠵᠣᠬᠢᠶᠠᠨ ᠪᠠᠶᠢᠭᠤᠯᠤᠯᠲᠠ ᠲᠠᠢ᠂ ᠲᠥᠯᠥᠪᠯᠡᠭᠡ ᠲᠠᠢ ᠪᠠᠷ ᠬᠢᠭᠰᠡᠨ ᠶᠠᠪᠤᠳᠠᠯ ᠪᠣᠯ ᠬᠤᠪᠢᠷᠠᠯᠲᠠ ᠶᠢᠨ ᠬᠤᠶᠠᠷ ᠪᠣᠯᠣᠨ᠎ᠠ᠃ ᠬᠡᠳᠦᠶᠢᠪᠡᠷ ᠲᠡᠦᠬᠡᠨ ᠨᠥᠬᠦᠴᠡᠯ ᠳᠤ ᠬᠤᠪᠢᠷᠠᠯᠲᠠ ᠭᠠᠷᠤᠭᠰᠠᠨ ᠪᠣᠯᠪᠠᠴᠤ ᠡᠨᠡ ᠬᠦ ᠬᠤᠭᠤᠴᠠᠭᠠᠨ ᠤ ᠬᠤᠶᠠᠷ ᠢ ᠬᠦᠷᠢᠶᠡᠯᠡᠬᠦ ᠠᠵᠢᠯ ᠨᠢ ᠳᠠᠶᠢᠨ ᠤ ᠣᠨ ᠵᠢᠯ ᠤᠳ ᠤᠨ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠤᠭᠰᠠᠨ ᠰᠠᠭᠤᠷᠢᠨ ᠳᠡᠭᠡᠷ᠎ᠡ ᠬᠡᠯᠪᠡᠷᠢ ᠠᠴᠠ ᠠᠭᠤᠯᠭ᠎ᠠ ᠬᠦᠷᠲᠡᠯ᠎ᠡ ᠴᠥᠮ ᠰᠢᠨ᠎ᠡ ᠬᠥᠭᠵᠢᠯᠲᠡ ᠲᠠᠢ ᠪᠣᠯᠵᠠᠢ      ᠰᠣᠶᠣᠯ ᠤᠨ ᠶᠡᠭᠡ ᠬᠤᠪᠢᠰᠬᠠᠯ ᠤᠨ ᠦᠶ᠎ᠡ ᠳᠤ ︱ ᠬᠤᠶᠠᠷ ᠢ ᠬᠦᠷᠢᠶᠡᠯᠡᠬᠦ ᠠᠵᠢᠯ ᠬᠠᠷᠰᠢᠯᠠᠭᠳᠠᠪᠠ      1966 ᠣᠨ ᠤ 5 ᠰᠠᠷ᠎ᠠ ᠠᠴᠠ 1976 ᠣᠨ ᠤ 10 ᠰᠠᠷ᠎ᠠ ᠪᠣᠯᠲᠠᠯ᠎ᠠ ᠳᠤᠮᠳᠠᠳᠤ ᠤᠯᠤᠰ ᠲᠤ ᠡᠭᠦᠰᠦᠭᠰᠡᠨ ︽ᠰᠣᠶᠣᠯ ᠤᠨ ᠶᠡᠭᠡ ᠬᠤᠪᠢᠰᠬᠠᠯ︾ ᠪᠣᠯ ᠤᠳᠤᠷᠢᠳᠤᠭᠴᠢ ᠶᠢᠨ ᠪᠤᠷᠤᠭᠤ ᠳᠠᠶᠢᠴᠢᠯᠠᠭᠰᠠᠨ᠂ ᠬᠤᠪᠢᠰᠬᠠᠯ ᠤᠨ ᠡᠰᠡᠷᠭᠦᠦ ᠪᠦᠯᠦᠭ ᠲᠤ ᠠᠰᠢᠭᠯᠠᠭᠳᠠᠭᠰᠠᠨ᠂ ᠨᠠᠮ ᠪᠠ ᠤᠯᠤᠰ ᠲᠤ ᠬᠦᠨᠳᠦ ᠨᠣᠴᠢᠲᠠᠢ ᠭᠠᠢ ᠭᠠᠮᠰᠢᠭ ᠤᠴᠠᠷᠠᠭᠤᠯᠤᠭᠰᠠᠨ ᠳᠣᠲᠣᠭᠠᠳᠤ ᠶᠢᠨ ᠰᠠᠮᠠᠭᠤᠷᠠᠯ ᠪᠣᠯᠣᠨ᠎ᠠ᠃      1967 ᠣᠨ ᠳᠤ᠂ ︽ᠰᠣᠶᠣᠯ ᠤᠨ ᠶᠡᠭᠡ ᠬᠤᠪᠢᠰᠬᠠᠯ︾ ︽ᠡᠷᠬᠡ ᠪᠤᠯᠢᠶᠠᠬᠤ ᠱᠠᠲᠤᠨ︾ ᠳᠤ ᠣᠷᠣᠵᠤ᠂ ᠪᠦᠬᠦ ᠤᠯᠤᠰ ᠢᠶᠠᠷ ᠢᠶᠠᠨ ︽ᠠᠯᠢᠪᠠ ᠶᠢ ᠴᠣᠬᠢᠨ ᠤᠨᠠᠭᠠᠬᠤ︾᠂ ︽ᠪᠦᠬᠦ ᠲᠠᠯ᠎ᠠ ᠶᠢᠨ ᠳᠣᠲᠣᠭᠠᠳᠤ ᠶᠢᠨ ᠲᠠᠶᠢᠨ︾ ᠤ ᠰᠠᠮᠠᠭᠤᠨ ᠪᠠᠶᠢᠳᠠᠯ ᠳᠤ ᠣᠷᠣᠵᠠᠢ᠃ ᠡᠶᠢᠮᠦᠷᠬᠦᠦ ᠬᠦᠨᠳᠦ ᠨᠣᠴᠢᠲᠠᠢ ᠪᠠᠶᠢᠳᠠᠯ ᠤᠨ ᠳᠣᠣᠷ᠎ᠠ᠂ ᠠᠷᠠᠳ ᠤᠨ ᠴᠢᠯᠦᠭᠡᠯᠡᠬᠦ ᠴᠡᠷᠢᠭ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ ᠡᠬᠡ ᠣᠷᠣᠨ ᠢᠶᠠᠨ ᠬᠠᠮᠠᠭᠠᠯᠠᠬᠤ ᠶᠢᠨ ᠬᠠᠮᠲᠤ᠂ ᠨᠠᠮ ᠤᠨ ᠲᠥᠪ ᠬᠤᠷᠢᠶᠠᠨ ᠤ ᠵᠢᠭᠠᠪᠤᠷᠢ ᠶᠢ ᠵᠢᠷᠤᠮᠯᠠᠨ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠬᠤᠷᠠᠯ ︱ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠭᠠᠷᠤᠭ᠎ᠠ ᠪᠦᠷᠢᠯᠳᠦᠵᠡᠢ᠃      1991 ᠣᠨ ᠤ 5 ᠳ᠋ᠤᠭᠠᠷ ᠰᠠᠷ᠎ᠠ ᠶᠢᠨ 10 ᠤ ᠡᠳᠦᠷ ᠠᠴᠠ 16 ᠤ ᠡᠳᠦᠷ ᠪᠣᠯᠲᠠᠯ᠎ᠠ᠂ ᠰᠢᠨ᠎ᠡ ᠪᠠᠶᠢᠳᠠᠯ ᠤᠨ ᠳᠣᠣᠷ᠎ᠠ ᠬᠤᠶᠠᠷ ᠢ ᠬᠦᠷᠢᠶᠡᠯᠡᠬᠦ ᠠᠵᠢᠯ ᠢ ᠴᠢᠩᠭᠠᠳᠬᠠᠬᠤ ᠶᠢ ᠰᠤᠳᠤᠯᠤᠨ ᠰᠦᠪᠡᠭᠴᠢᠯᠡᠵᠦ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠬᠤ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ ᠪᠣᠯᠣᠨ ᠴᠢᠯᠦᠭᠡᠯᠡᠬᠦ ᠴᠡᠷᠢᠭ ᠤᠨ ᠤᠯᠤᠰ ᠲᠦᠷᠦ ᠶᠢᠨ ᠶᠡᠷᠦᠩᠬᠡᠢ ᠬᠡᠯᠲᠡᠰ ᠹᠦᠵᠧᠦ ᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠠᠩᠬᠠᠳᠤᠭᠠᠷ ᠤᠳᠠᠭᠠᠨ ᠤ ᠪᠦᠬᠦ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠬᠤᠷᠠᠯᠳᠤᠭᠠᠨ ᠢ ᠬᠤᠷᠠᠯᠳᠤᠭᠤᠯᠪᠠ᠃ ᠬᠤᠷᠠᠯᠳᠤᠭᠠᠨ ᠠᠴᠠ 1987 ᠣᠨ ᠤ ᠪᠦᠬᠦ ᠤᠯᠤᠰ ᠤᠨ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠵᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠲᠤᠷᠰᠢᠯᠭ᠎ᠠ ᠰᠣᠯᠢᠯᠴᠠᠬᠤ ᠬᠤᠷᠠᠯ ᠠᠴᠠ ᠨᠠᠰᠢᠬᠢ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠢ ᠰᠢᠰᠲ᠋ᠧᠮ ᠲᠠᠢ ᠪᠠᠷ ᠳ᠋ᠦᠩᠨᠡᠪᠡ᠃ ᠡᠶᠢᠮᠦ ᠠᠴᠠ᠂ ᠬᠤᠶᠠᠷ ᠢ ᠬᠦᠷᠢᠶᠡᠯᠡᠬᠦ ᠠᠵᠢᠯ ᠰᠢᠨ᠎ᠡ ᠭᠠᠷᠤᠭ᠎ᠠ ᠲᠡᠰᠢ ᠠᠬᠢᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1