ᠭᠡᠷ ᠪᠦᠯᠢ ᠶᠢᠨ ᠵᠠᠰᠠᠯ ᠴᠢᠮᠡᠭᠯᠡᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠣᠯᠠᠨ ᠲᠦᠮᠡᠨ ᠰᠠᠨᠠᠭ᠎ᠠ ᠠᠮᠤᠷ ᠂ ᠲᠠᠭᠠᠯᠠᠮᠵᠢᠲᠠᠢ ᠠᠮᠢᠳᠤᠷᠠᠭᠤᠯᠦᠶ᠎ᠠ
ᠨᠡᠶᠢᠲᠡᠯᠡᠭᠰᠡᠨ ᠴᠠᠭ᠄
2023/7/14
           ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠭᠡᠷ ᠪᠦᠯᠢ ᠶᠢᠨ ᠵᠠᠰᠠᠯ ᠴᠢᠮᠡᠭᠯᠡᠯ ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠡᠢ᠂ ᠡᠭᠦᠨ ᠤ ᠳᠠᠭᠠᠤ ᠳᠤ ᠪᠠᠰᠠ  ᠴᠥᠭᠡᠨ ᠪᠤᠰᠤ ᠠᠰᠠᠭᠤᠳᠠᠯ ᠭᠠᠷᠴᠠᠢ᠄ ᠵᠠᠰᠠᠯ ᠴᠢᠮᠡᠭᠯᠡᠯ ᠤᠨ ᠺᠣᠮᠫᠠᠨᠢ ᠮᠡᠳᠡᠭᠡ ᠵᠠᠩᠭᠢ ᠶᠢᠨ ᠵᠥᠷᠢᠶ᠎ᠡ ᠶᠢ ᠠᠰᠢᠭᠯᠠᠨ ᠵᠦᠢ ᠵᠣᠬᠢᠰ ᠦᠭᠡᠢ ᠦᠨ᠎ᠡ ᠶᠢᠨ ᠵᠥᠷᠢᠶ᠎ᠡ ᠶᠢ ᠬᠤᠨᠵᠢᠵᠤ᠂ ᠪᠠᠷᠢᠯᠭ᠎ᠠ ᠶᠢᠨ ᠲᠠᠯ᠎ᠠ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠪᠠᠷ ᠪᠠᠷᠢᠯᠭ᠎ᠠ ᠪᠠᠷᠢᠭᠰᠠᠨ ᠦᠭᠡᠢ᠂ ᠭᠡᠷ ᠤᠨ ᠵᠠᠰᠠᠯ ᠴᠢᠮᠡᠭᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠭᠤᠷᠪᠠᠳᠠᠭᠢ ᠡᠲᠡᠭᠡᠳ ᠤᠨ ᠬᠢᠨᠠᠯᠲᠠ ᠬᠠᠮᠢᠶᠠᠷᠤᠯᠲᠠ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠭᠠᠷᠴᠠᠢ᠃ ᠡᠭᠦᠨ ᠤ ᠲᠤᠬᠠᠢ ᠲᠤᠰᠬᠠᠢ ᠮᠡᠷᠭᠡᠵᠢᠯᠲᠡᠨ ᠪᠣᠯᠣᠨ ᠤᠩᠰᠢᠭᠴᠢᠳ ᠰᠠᠨᠠᠭᠤᠯᠬᠤ ᠳᠠᠭᠠᠨ᠂ ᠭᠡᠷ ᠪᠦᠯᠢ ᠶᠢᠨ ᠵᠠᠰᠠᠯ ᠴᠢᠮᠡᠭᠯᠡᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠤ ᠭᠤᠤᠯ ᠴᠣᠭᠴᠠ ᠶᠢᠨ ᠬᠠᠤᠯᠢ ᠴᠠᠭᠠᠵᠠ ᠶᠢᠨ ᠤᠬᠠᠮᠰᠠᠷ ᠪᠣᠯᠣᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠭᠡᠷ ᠪᠠᠶᠢᠰᠢᠩ ᠤᠨ ᠵᠠᠰᠠᠯ ᠴᠢᠮᠡᠭᠯᠡᠯ  ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠣᠯᠠᠨ ᠲᠦᠮᠡᠨ ᠢ ᠰᠠᠨᠠᠭ᠎ᠠ ᠠᠮᠤᠷ᠂ ᠲᠠᠭᠠᠯᠠᠮᠵᠢᠲᠠᠢ ᠠᠮᠢᠳᠤᠷᠠᠭᠤᠯᠬᠤ ᠬᠡᠷᠡᠭᠲᠡᠢ ᠭᠡᠵᠡᠢ᠃      ᠵᠠᠷᠢᠮ ᠵᠠᠰᠠᠯ ᠴᠢᠮᠡᠭᠯᠡᠯ ᠤᠨ ᠺᠣᠮᠫᠠᠨᠢ ᠮᠡᠳᠡᠭᠡ ᠵᠠᠩᠭᠢ ᠶᠢᠨ ᠵᠦᠷᠢᠶ᠎ᠡ ᠶᠢ ᠠᠰᠢᠭᠯᠠᠨ ᠬᠡᠷᠡᠭᠯᠡᠭᠴᠢᠳ ᠢ ᠮᠡᠬᠡᠯᠡᠵᠦ ᠪᠠᠶᠢᠨ᠎ᠠᠭᠡᠷ ᠪᠠᠶᠢᠰᠢᠩ ᠢ ᠵᠠᠰᠠᠵᠤ ᠴᠢᠮᠡᠭᠯᠡᠬᠦ ᠨᠢ ᠭᠡᠷ ᠪᠦᠯᠢ ᠳᠤ ᠠᠪᠴᠤ ᠬᠡᠯᠡᠪᠡᠯ ᠨᠢᠭᠡᠨ ᠪᠤᠳᠤᠯᠢᠶᠠᠨᠲᠠᠢ ᠢᠨᠵᠧᠨᠧᠷᠢᠩ ᠪᠠᠶᠢᠵᠤ᠂ ᠣᠯᠠᠨ ᠭᠤᠭᠴᠤᠭ᠎ᠠ ᠳᠤ ᠬᠤᠯᠪᠣᠭᠳᠠᠵᠤ᠂ ᠴᠠᠭ ᠪᠠ ᠬᠦᠴᠦ ᠴᠢᠳᠠᠯ ᠢᠶᠠᠨ ᠪᠠᠷᠠᠵᠤ ᠰᠡᠳᠬᠢᠯ ᠰᠠᠨᠠᠭ᠎ᠠ ᠪᠠᠨ ᠵᠦᠳᠡᠭᠡᠳᠡᠭ᠃ ᠭᠡᠲᠡᠯ᠎ᠡ ᠵᠠᠷᠢᠮ ᠵᠠᠰᠠᠯ ᠴᠢᠮᠡᠭᠯᠡᠯ ᠤᠨ ᠺᠣᠮᠫᠠᠨᠢ ᠨᠢ ᠮᠡᠳᠡᠭᠡ ᠵᠠᠩᠭᠢ ᠶᠢᠨ ᠵᠥᠷᠢᠶ᠎ᠡ ᠶᠢ ᠠᠰᠢᠭᠯᠠᠨ ᠪᠠᠶᠢᠳᠠᠯ ᠢ ᠣᠶᠢᠯᠠᠭᠠᠬᠤ ᠦᠭᠡᠢ ᠬᠡᠷᠡᠭᠯᠡᠭᠴᠢᠳ ᠢ ︽ᠮᠡᠭᠡ︾  ᠳᠡᠭᠡᠨ ᠣᠷᠣᠭᠤᠯᠳᠠᠭ᠃      ᠭᠤᠸᠠᠩᠰᠢ ᠶᠢᠨ ᠭᠦᠢᠯᠢᠨ ᠬᠤᠳᠠ ᠶᠢᠨ ᠤᠩᠰᠢᠭᠴᠢ ᠰᠢᠦᠢ ᠠᠪᠤᠭᠠᠢ ᠭᠡᠷ ᠢᠶᠠᠨ ᠵᠠᠰᠠᠵᠤ ᠴᠢᠮᠡᠭᠯᠡᠬᠦ ᠦᠶ᠎ᠡ ᠳᠤ᠂   ᠵᠠᠰᠠᠯ ᠴᠢᠮᠡᠭᠯᠡᠯ ᠤᠨ ᠺᠣᠮᠫᠠᠨᠢ ᠶᠢᠨ ᠵᠢᠷᠤᠭ ᠲᠥᠯᠥᠪᠯᠡᠭᠴᠢ ᠶᠢᠨ ᠬᠡᠯᠡᠬᠦ ᠪᠠᠷ ᠴᠤᠯᠤ ᠮᠣᠳᠣᠨ ᠱᠠᠯᠠ ᠳᠡᠭᠡᠷᠡᠬᠢ ᠮᠧᠲ᠋ᠢᠯ ᠠᠯᠳᠧᠭᠢᠳ᠋ ᠤᠨ ᠠᠭᠤᠯᠤᠭᠳᠠᠴᠠ ᠥᠨᠳᠥᠷ᠂ ᠣᠷᠴᠢᠨ ᠠᠬᠤᠢ ᠶᠢ ᠬᠠᠮᠠᠭᠠᠯᠠᠬᠤ ᠦᠭᠡᠢ ᠮᠥᠷᠲᠡᠭᠡᠨ ᠪᠦᠬᠦᠶᠢᠯᠡ ᠬᠡᠪ ᠨᠠᠮᠪᠠ ᠲᠠᠢ ᠪᠠᠨ ᠳᠡᠮᠡᠢ ᠲᠣᠬᠢᠷᠠᠯᠴᠠᠬᠤ ᠦᠭᠡᠢ ᠭᠡᠨ᠎ᠡ᠂ ᠭᠠᠵᠠᠷ ᠤᠨ ᠭᠠᠳᠠᠷᠭᠤ ᠳᠤ ᠴᠥᠮ ᠱᠠᠭᠠᠵᠠᠩ ᠲᠣᠭᠤᠰᠬ᠎ᠠ ᠬᠡᠷᠡᠭᠯᠡᠬᠦ ᠶᠢ ᠰᠠᠨᠠᠭᠠᠴᠢᠯᠠᠵᠠᠢ᠃ ︽ᠵᠢᠷᠤᠭ ᠲᠥᠯᠥᠪᠯᠡᠭᠡᠴᠢ ᠶᠢᠨ ᠲᠤᠰᠬᠠᠢ ᠮᠡᠷᠭᠡᠵᠢᠯ ᠭᠡᠰᠡᠨ ᠰᠠᠨᠠᠭᠤᠯᠭ᠎ᠠ ᠶᠢ ᠰᠣᠨᠣᠰᠬᠤ ᠦᠭᠡᠢ ᠪᠠᠶᠢᠬᠤ ᠶᠢᠨ ᠠᠷᠭ᠎ᠠ ᠦᠭᠡᠢ  ᠪᠣᠯᠵᠠᠢ᠂ ᠪᠢ ᠲᠡᠳᠡᠨ ᠤ ᠲᠠᠨᠢᠯᠴᠠᠭᠤᠯᠤᠭᠰᠠᠨ ᠭᠤᠯᠭᠤᠬᠤ ᠠᠴᠠ ᠰᠡᠷᠭᠡᠶᠢᠯᠡᠬᠦ ᠱᠠᠭᠠᠵᠠᠩ ᠲᠣᠭᠤᠰᠬ᠎ᠠ ᠪᠠᠷ ᠭᠠᠵᠠᠷ ᠳᠡᠪᠢᠰᠦᠭᠰᠡᠨ ᠪᠣᠯᠬᠤᠷ ᠵᠠᠰᠠᠵᠤ ᠴᠢᠮᠡᠭᠯᠡᠬᠦ ᠥᠪᠡᠷ ᠤᠨ ᠥᠷᠲᠡᠭ ᠨᠢ ᠲᠥᠰᠥᠪ ᠠᠴᠠ ᠨᠢᠭᠡ ᠳᠠᠬᠢᠨ ᠢᠯᠡᠭᠦᠦ ᠪᠣᠯᠵᠠᠢ︾᠃ ᠰᠢᠦᠢ ᠠᠪᠤᠭᠠᠢ  ᠰᠡᠭᠦᠯᠡᠷ ᠨᠢ ᠰᠠᠶ᠋ᠢ ᠮᠡᠳᠡᠭᠰᠡᠨ ᠨᠢ᠂ ᠤᠤᠯ ᠨᠢ ᠱᠠᠭᠠᠵᠠᠩ ᠲᠣᠭᠤᠰᠬ᠎ᠠ ᠶᠢᠨ ᠪᠤᠴᠠᠯᠲᠠ ᠶᠢᠨ ᠴᠡᠭ ᠨᠢ ᠥᠨᠳᠥᠷ ᠪᠠᠶᠢᠵᠤ᠂ ᠵᠠᠰᠠᠯ ᠴᠢᠮᠡᠭᠯᠡᠯ ᠤᠨ ᠺᠣᠮᠫᠠᠨᠢ ᠨᠢ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠭᠠᠷ ᠠᠴᠠ ᠨᠡᠯᠢᠶᠡᠳ ᠠᠷᠪᠢᠨ ᠰᠠᠭᠤᠳᠬᠠᠯ ᠣᠯᠵᠤ ᠪᠣᠯᠣᠨ᠎ᠠ᠂ ᠡᠶᠢᠮᠦ ᠠᠴᠠ ᠰᠠᠶ᠋ᠢ ᠡᠯ᠎ᠡ ᠵᠦᠢᠯ ᠤᠨ ᠰᠢᠯᠲᠠᠭ ᠢᠶᠠᠷ ᠥᠮᠴᠢᠲᠡᠨ ᠳᠤ ᠥᠨᠳᠥᠷ ᠦᠨ᠎ᠡ ᠲᠠᠢ ᠱᠠᠭᠠᠵᠠᠩ  ᠲᠣᠭᠤᠰᠬ᠎ᠠ ᠶᠢ ᠰᠣᠩᠭᠤᠬᠤ ᠶᠢ ᠲᠠᠨᠢᠯᠴᠠᠭᠤᠯᠵᠤ ᠥᠭᠭᠦᠭᠰᠡᠨ ᠪᠠᠶᠢᠨ᠎ᠠ᠃      ︽ᠣᠳᠣᠬᠠᠨ ᠳᠤ ᠬᠠᠩᠭᠠᠯᠭ᠎ᠠ ᠶᠢᠨ ᠬᠤᠳᠠᠯᠳᠤᠭᠠᠴᠢᠨ ᠠᠴᠠ ᠰᠠᠭᠤᠳᠬᠠᠯ ᠠᠪᠬᠤ ᠨᠢ ᠵᠠᠰᠠᠯ ᠴᠢᠮᠡᠭᠯᠡᠯ ᠤᠨ ᠠᠵᠢᠯ ᠲᠥᠷᠥᠯ ᠤᠨ ᠳᠠᠯᠳᠠ ᠳᠦᠷᠢᠮ ᠪᠣᠯᠵᠤ ᠪᠠᠶᠢᠭ᠎ᠠ ᠪᠣᠯᠬᠤᠷ ᠡᠩ ᠤᠨ ᠬᠡᠷᠡᠭᠯᠡᠭᠴᠢᠳ ᠡᠭᠦᠨ ᠤ ᠳᠣᠲᠣᠷᠠᠬᠢ ᠳᠠᠯᠳᠠ ᠪᠠᠶᠢᠳᠠᠯ ᠢ ᠣᠶᠢᠯᠠᠭᠠᠬᠤ ᠳᠤ ᠪᠡᠷᠬᠡ ᠪᠠᠶᠢᠨ᠎ᠠ︾ ᠭᠡᠵᠦ ᠰᠢᠦᠢ ᠠᠪᠤᠭᠠᠢ ᠬᠡᠯᠡᠪᠡ᠃      ᠵᠠᠷᠢᠮ ᠵᠠᠰᠠᠯ ᠴᠢᠮᠡᠭᠯᠡᠯ ᠤᠨ ᠺᠣᠮᠫᠠᠨᠢ ᠬᠡᠯᠡᠯᠴᠡᠭᠡᠷ ᠲᠣᠭᠲᠠᠭᠠᠬᠤ ᠳᠠᠭᠠᠨ ᠶᠡᠷᠦ ᠨᠢ ᠵᠢᠷᠤᠭ ᠲᠥᠯᠥᠪᠯᠡᠭᠴᠢ ᠶᠢᠨ ᠨᠡᠷ᠎ᠡ ᠶᠢ ᠠᠰᠢᠭᠯᠠᠨ ᠶᠡᠭᠡ ᠬᠡᠮᠵᠢᠶᠡᠨ ᠤ ᠵᠢᠷᠤᠭ ᠲᠥᠯᠥᠪᠯᠡᠭᠡ ᠶᠢᠨ ᠰᠦᠢᠳᠬᠡᠯ ᠬᠤᠷᠢᠶᠠᠳᠠᠭ᠂ ᠦᠨᠡᠨ ᠳᠡᠭᠡᠨ ᠵᠠᠷᠢᠮ ︽ᠨᠡᠷᠡᠲᠦ ᠵᠢᠷᠤᠭ ᠲᠥᠯᠥᠪᠯᠡᠭᠴᠢ︾ ᠭᠡᠳᠡᠭ ᠨᠢ ᠴᠢᠨᠠᠭᠰᠢᠯᠠᠭᠠᠳ ᠵᠣᠬᠢᠬᠤ ᠰᠠᠭᠤᠷᠢ ᠮᠡᠷᠭᠡᠵᠢᠯ ᠴᠢᠳᠠᠪᠤᠷᠢ ᠴᠦ ᠦᠭᠡᠢ ᠪᠠᠶᠢᠳᠠᠭ᠃ ︽ᠮᠠᠨ ᠤ ᠭᠡᠷ ᠤᠨ ᠵᠢᠷᠤᠭ ᠲᠥᠯᠥᠪᠯᠡᠭᠴᠢ ᠶᠢᠨ ᠬᠢᠷᠢ ᠲᠦᠪᠰᠢᠨ ᠬᠥᠮᠥᠰ ᠲᠤ ᠶᠡᠭᠡ ᠰᠡᠵᠢᠭ ᠲᠥᠷᠥᠭᠦᠯᠦᠨ᠎ᠡ᠃ ᠵᠠᠰᠠᠯ ᠴᠢᠮᠡᠭᠯᠡᠯ ᠤᠨ ᠺᠣᠮᠫᠠᠨᠢ ᠠᠴᠠ ᠲᠠᠨᠢᠯᠴᠠᠭᠤᠯᠬᠤ ᠳᠠᠭᠠᠨ ᠲᠡᠭᠦᠨ ᠢ ᠡᠷᠬᠢᠯᠡᠭᠴᠢ ᠵᠢᠷᠤᠭ ᠲᠥᠯᠥᠪᠯᠡᠭᠡᠴᠢ ᠭᠡᠵᠦ ᠬᠡᠯᠡᠵᠡᠢ᠂ ᠲᠡᠭᠡᠭᠡᠳ ᠪᠢ ᠵᠡᠷᠭᠡᠯᠡᠳᠡᠭᠡ ᠠᠶᠢᠯ ᠤᠨ ᠵᠠᠰᠠᠯ ᠴᠢᠮᠡᠭᠯᠡᠯ ᠢ ᠦᠵᠡᠬᠦ ᠪᠠᠷ ᠣᠴᠢᠬᠤ ᠳᠤ ᠥᠪᠡᠷ ᠤᠨ ᠭᠡᠷ ᠤᠨ ᠵᠢᠷᠤᠭ ᠲᠥᠯᠥᠪᠯᠡᠭᠡ ᠶᠢᠨ ᠬᠡᠪ ᠨᠠᠮᠪᠠ ᠲᠠᠢ ᠪᠠᠨ ᠪᠠᠷᠤᠭ ᠡᠭᠡᠭᠡ ᠠᠳᠠᠯᠢ ᠪᠠᠶᠢᠬᠤ ᠶᠢ ᠣᠯᠵᠤ ᠮᠡᠳᠡᠪᠡ᠃ ᠵᠡᠷᠭᠡᠯᠡᠳᠡᠭᠡ ᠠᠶᠢᠯ ᠤᠨ ᠬᠢᠨ ᠤ ᠬᠡᠯᠡᠬᠦ ᠪᠠᠷ᠂ ᠡᠮᠦᠨ᠎ᠡ ᠬᠡᠰᠡᠭ ᠬᠤᠭᠤᠴᠠᠭᠠᠨ ᠳᠤ ᠵᠠᠷᠢᠮ ᠬᠥᠮᠥᠨ ᠡᠳᠦᠷ ᠪᠦᠷᠢ ᠲᠡᠳᠡᠨ ᠤ ᠪᠠᠷᠢᠯᠭ᠎ᠠ ᠶᠢᠨ ᠭᠠᠵᠠᠷ ᠲᠤ ᠢᠷᠡᠵᠤ᠂ ᠲᠡᠳᠡᠨ ᠤ ᠵᠢᠷᠤᠭ ᠲᠥᠯᠥᠪᠯᠡᠭᠴᠢ ᠠᠴᠠ ᠵᠢᠷᠤᠭ ᠲᠥᠯᠥᠪᠯᠡᠭᠡ ᠠᠪᠬᠤ ᠭᠡᠪᠡ᠃ ᠮᠢᠨᠤ ᠲᠠᠭᠠᠮᠠᠭᠯᠠᠬᠤ ᠪᠠᠷ ᠮᠠᠨ ᠤ ᠭᠡᠷ ᠤᠨ ᠵᠢᠷᠤᠭ ᠲᠥᠯᠥᠪᠯᠡᠭᠡᠴᠢ ᠬᠠᠭᠤᠯᠵᠤ ᠪᠠᠶᠢᠨ᠎ᠠ︾ ᠭᠡᠵᠦ ᠵᠢᠶᠠᠩᠰᠤ ᠶᠢᠨ ᠶᠠᠨᠴᠧᠩ ᠬᠤᠲᠠ ᠶᠢᠨ ᠤᠩᠰᠢᠭᠴᠢ ᠰᠢᠶᠠ ᠠᠪᠠᠭ᠋ᠠᠢ  ᠶᠢᠨ ᠬᠡᠯᠡᠬᠦ ᠪᠠᠷ᠂ ᠵᠠᠬ᠎ᠠ  ᠳᠡᠯᠭᠡᠭᠦᠷ ᠤᠨ ᠵᠢᠷᠤᠭ ᠲᠥᠯᠥᠪᠯᠡᠭᠡᠴᠢ ᠡᠯᠳᠡᠪ ᠵᠦᠢᠯ ᠢ ᠬᠤᠳᠬᠤᠯᠳᠤᠭᠤᠯᠵᠤ᠂ ᠵᠠᠷᠢᠮ  ᠨᠢ ᠠᠵᠢᠯ ᠡᠷᠭᠢᠯᠡᠬᠦ ᠬᠢᠷᠢ ᠬᠡᠮ ᠢᠶᠠᠷ ᠳᠤᠲᠠᠮᠠᠭ᠂ ᠵᠠᠷᠢᠮ ᠨᠢ ᠨᠡᠷ᠎ᠡ ᠶᠢᠨ ᠲᠡᠳᠦᠢ ᠶᠤᠮ ᠭᠡᠨ᠎ᠡ᠃      ᠭᠡᠷ᠎ᠡ ᠶᠢᠨ ᠳᠤᠲᠠᠭᠳᠠᠯ ᠢ ᠰᠤᠳᠤᠯᠬᠤ ᠨᠢ ᠨᠢᠭᠡᠨᠲᠡ ᠬᠡᠰᠡᠭ ᠵᠠᠰᠠᠯ ᠴᠢᠮᠡᠭᠯᠡᠯ ᠤᠨ ᠺᠣᠮᠫᠠᠨᠢ ᠶᠢᠨ ᠠᠰᠢᠭ ᠣᠯᠬᠤ ᠠᠷᠭ᠎ᠠ ᠶᠢᠨ ᠨᠢᠭᠡ ᠪᠣᠯᠤᠭᠰᠠᠨ ᠪᠠᠶᠢᠨ᠎ᠠ᠂ ᠵᠢᠱᠢᠶᠡᠯᠡᠪᠡᠯ ᠭᠡᠷ᠎ᠡ ᠳᠤ ᠪᠠᠯᠠᠷᠬᠠᠢ ᠦᠭᠡ ᠶᠠᠷᠢᠬᠤ᠂ ᠪᠠᠷᠢᠯᠭ᠎ᠠ ᠶᠢᠨ ᠮᠠᠲ᠋ᠧᠷᠢᠶᠠᠯ ᠤᠨ ᠪᠣᠳᠠᠲᠠᠢ ᠬᠡᠯᠪᠡᠷᠢ ᠮᠠᠶ᠋ᠢᠭ ᠢ ᠲᠣᠳᠣᠷᠬᠠᠶᠢᠯᠠᠬᠤ ᠦᠭᠡᠢ ᠵᠡᠷᠭᠡ ᠨᠢ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠳᠤ ᠮᠠᠰᠢ ᠶᠡᠭᠡ ᠬᠦᠴᠢᠷᠳᠡᠯ ᠤᠴᠠᠷᠠᠭᠤᠯᠵᠠᠢ᠃ ︽ᠶᠠᠮᠠᠷ ᠨᠢᠭᠡᠨ ᠪᠠᠷᠢᠯᠭ᠎ᠠ ᠶᠢᠨ ᠮᠠᠲ᠋ᠧᠷᠢᠶᠠᠯ ᠤᠨ ᠨᠡᠷᠡᠳᠤ ᠲᠡᠮᠳᠡᠭ ᠢ ᠬᠡᠷᠡᠭᠯᠡᠨ᠎ᠡ ᠭᠡᠵᠦ ᠭᠡᠷ᠎ᠡ ᠳᠤ ᠲᠣᠳᠣᠷᠬᠠᠢ ᠲᠣᠭᠲᠠᠭᠠᠭᠰᠠᠨ ᠪᠣᠯᠪᠠᠴᠤ ᠪᠣᠳᠠᠲᠠᠢ ᠬᠡᠷᠡᠭᠯᠡᠭᠰᠡᠨ ᠨᠢ ᠴᠥᠮ ᠳᠤᠮᠳᠠ ᠳᠣᠣᠷ᠎ᠠ ᠲᠡᠰ ᠤᠨ ᠦᠢᠯᠡᠳᠬᠦᠨ ᠪᠣᠯᠬᠤ ᠶᠢ ᠪᠢ ᠠᠵᠢᠯ ᠲᠤᠰᠢᠶᠠᠬᠤ ᠦᠶ᠎ᠡ ᠳᠤ ᠰᠠᠶ᠋ᠢ ᠣᠯᠵᠤ ᠮᠡᠳᠡᠭᠰᠡᠨ ᠶᠤᠮ︾᠃ ᠲᠢᠶᠠᠨᠵᠢᠨ ᠤ ᠪᠦᠦ ᠳ᠋ᠢ ᠲᠣᠭᠤᠷᠢᠭ ᠤᠨ ᠤᠩᠰᠢᠭᠴᠢ ᠮᠠ ᠠᠪᠤᠭᠠᠢ ᠬᠡᠯᠡᠬᠦ ᠳᠡᠭᠡᠨ᠂ ᠲᠡᠷᠡ ᠵᠠᠰᠠᠯ ᠴᠢᠮᠡᠭᠯᠡᠯ ᠤᠨ ᠺᠣᠮᠫᠠᠨᠢ ᠲᠠᠢ ᠭᠡᠷ᠎ᠡ ᠲᠣᠭᠲᠠᠭᠠᠬᠤ ᠦᠶ᠎ᠡ ᠳᠤ᠂ ᠲᠤᠰ ᠺᠣᠮᠫᠠᠨᠢ ᠨᠢ ᠱᠠᠯᠠ᠂ ᠬᠡᠷᠡᠮ ᠤᠨ ᠰᠢᠷ᠂ ᠱᠠᠭᠠᠵᠠᠩ ᠲᠣᠭᠤᠰᠬ᠎ᠠ ᠵᠡᠷᠭᠡ ᠶᠢ ᠪᠠᠭᠲᠠᠭᠠᠭᠰᠠᠨ ᠳᠡᠭᠡᠳᠦ ᠲᠡᠰ ᠤᠨ ᠢᠵᠢ ᠦᠢᠯᠡᠴᠢᠯᠡᠭᠡ ᠶᠢ ᠬᠡᠷᠡᠭᠯᠡᠨ᠎ᠡ ᠭᠡᠵᠦ ᠠᠮᠠᠨ ᠳᠡᠭᠡᠷ᠎ᠡ ᠪᠠᠨ ᠠᠮᠠᠯᠠᠵᠠᠢ᠂ ︽ᠭᠡᠪᠡᠴᠦ ᠰᠡᠭᠦᠯᠡᠷ ᠨᠢ ᠪᠢ  ᠠᠮᠠᠯᠠᠯᠳᠠ ᠳᠠᠭᠠᠨ ᠲᠡᠭᠰᠢ ᠳᠥᠷᠪᠡᠯᠵᠢᠨ ᠮᠧᠲᠷ ᠪᠦᠷᠢ ᠳᠤ 538 ᠲᠥᠭᠦᠷᠢᠭ ᠤᠨ ᠱᠠᠯᠠ ᠶᠢ ᠲᠡᠭᠰᠢ ᠳᠥᠷᠪᠡᠯᠵᠢᠨ ᠮᠧᠲᠷ ᠪᠦᠷᠢ ᠳᠤ 239 ᠲᠥᠭᠦᠷᠢᠭ ᠤᠨ ᠱᠠᠯᠠ ᠪᠠᠷ ᠰᠤᠯᠢᠵᠠᠢ᠂ ᠵᠥᠪᠬᠡᠨ ᠱᠠᠯᠠ ᠶᠢᠨ ᠦᠨ᠎ᠡ ᠶᠢᠨ ᠵᠥᠷᠢᠶ᠎ᠡ ᠨᠢ ᠳᠠᠷᠤᠢ 4 ᠲᠦᠮᠡ ᠭᠠᠷᠤᠢ ᠲᠥᠭᠦᠷᠢᠭ ᠪᠠᠶᠢᠵᠤ᠂ ᠪᠤᠰᠤᠳ ᠮᠠᠲ᠋ᠧᠷᠢᠶᠠᠯ ᠲᠣᠭᠠᠴᠠᠭᠳᠠᠬᠤ ᠦᠭᠡᠢ ᠪᠠᠶᠢᠬᠤ ᠶᠢ ᠣᠯᠵᠤ ᠮᠡᠳᠡᠪᠡ︾ ᠮᠠ ᠠᠪᠤᠭᠠᠢ ᠵᠠᠰᠠᠯ ᠴᠢᠮᠡᠭᠯᠡᠯ ᠤᠨ ᠺᠣᠮᠫᠠᠨᠢ ᠶᠢ ᠡᠷᠢᠵᠦ ᠬᠡᠯᠡᠯᠴᠡᠭᠰᠡᠨ ᠳᠤ᠂ ᠨᠦᠬᠦᠭᠡ ᠡᠲᠡᠭᠡᠳ ᠨᠢ ᠬᠠᠷᠢᠨ ᠭᠡᠷ᠎ᠡ ᠪᠠᠨ ᠭᠠᠷᠭᠠᠵᠤ᠂ ᠭᠡᠷ᠎ᠡ ᠳᠤ ᠵᠥᠪᠬᠡᠨ ᠨᠡᠷᠡᠳᠤ ᠲᠡᠮᠳᠡᠭ ᠢ ᠲᠣᠳᠣᠷᠬᠠᠶᠢᠯᠠᠭᠰᠠᠨ ᠠᠴᠠ ᠪᠢᠰᠢ᠂ ᠪᠣᠳᠠᠲᠠᠢ ᠦᠢᠯᠡᠳᠬᠦᠨ ᠢ ᠲᠣᠳᠣᠷᠬᠠᠶᠢᠯᠠᠭᠰᠠᠨ ᠦᠭᠡᠢ᠂ ᠺᠣᠮᠫᠠᠨᠢ ᠶᠢᠨ ᠬᠢᠳᠡᠯ ᠨᠢ ᠭᠡᠷ᠎ᠡ ᠶᠢ ᠵᠥᠷᠢᠴᠡᠭᠰᠡᠨ ᠦᠭᠡᠢ ᠭᠡᠵᠦ ᠢᠯᠡᠷᠬᠡᠶᠢᠯᠡᠪᠡ᠃      ᠡᠭᠦᠨ ᠠᠴᠠ ᠭᠠᠳᠠᠨ᠎ᠠ᠂ ᠭᠡᠷ ᠤᠨ ᠵᠠᠰᠠᠯ ᠴᠢᠮᠡᠭᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠭᠤᠷᠪᠠᠳᠠᠭᠢ ᠡᠲᠡᠭᠡᠳ ᠤᠨ ᠬᠢᠨᠠᠯᠲᠠ ᠬᠠᠮᠢᠶᠠᠷᠤᠯᠲᠠ ᠳᠤᠲᠠᠭᠳᠠᠭᠰᠠᠨ ᠠᠴᠠ ᠪᠣᠯᠵᠤ᠂ ᠵᠠᠷᠢᠮ ᠬᠡᠷᠡᠭᠯᠡᠭᠴᠢᠳ ᠪᠠᠰᠠ ᠬᠠᠷᠠᠭᠠᠯᠵᠠᠯ ᠲᠠᠢ ᠪᠠᠷ ᠲᠠᠯᠠᠪᠠᠶ ᠳᠤ ᠣᠷᠣᠬᠤ᠂ ᠪᠠᠷᠢᠯᠭ᠎ᠠ ᠶᠢᠨ ᠬᠤᠭᠤᠴᠠᠭᠠᠨ ᠳᠤ ᠭᠡᠨᠡᠳᠲᠡ ᠦᠨ᠎ᠡ ᠥᠰᠬᠦ ᠵᠡᠷᠭᠡ ᠪᠠᠶᠢᠳᠠᠯ ᠳᠤ ᠲᠤᠯᠭᠠᠷᠠᠵᠤ ᠪᠠᠶᠢᠨ᠎ᠠ᠃ ᠬᠤᠪᠧᠢ  ᠶᠢᠨ ᠵᠢᠩᠵᠧᠦ ᠬᠤᠳᠠ ᠶᠢᠨ ᠤᠩᠰᠢᠭᠴᠢ ᠯᠢᠦ ᠠᠪᠤᠭᠠᠢ ᠡᠶᠢᠮᠦᠷᠬᠦᠦ ᠪᠠᠶᠢᠳᠠᠯ ᠳᠤ ᠲᠤᠯᠭᠠᠷᠠᠵᠤ᠂ ᠵᠠᠰᠠᠵᠤ ᠴᠢᠮᠡᠭᠯᠡᠬᠦ ᠣᠶᠢᠷᠠᠳᠬᠤ ᠦᠶ᠎ᠡ ᠳᠤ ᠵᠠᠰᠠᠯ ᠴᠢᠮᠡᠭᠯᠡᠯ ᠤᠨ ᠺᠣᠮᠫᠠᠨᠢ ᠶᠢᠨ ᠠᠵᠢᠯᠲᠠᠨ ᠭᠡᠷ ᠲᠤᠨᠢ ᠬᠦᠷᠴᠦ ᠬᠡᠮᠵᠢᠯᠲᠡ ᠬᠢᠵᠦ᠂ ᠨᠢᠭᠡᠨ ᠢᠵᠢ ᠵᠢᠷᠤᠭ ᠲᠥᠯᠥᠪᠯᠡᠭᠡ ᠶᠢᠨ ᠲᠥᠰᠥᠯ ᠵᠢᠴᠢ ᠵᠠᠷᠤᠳᠠᠯ ᠤᠨ ᠲᠥᠰᠥᠪ ᠭᠠᠷᠭᠠᠵᠤ᠂ ᠶᠡᠷᠦᠩᠬᠡᠢ ᠦᠨ᠎ᠡ ᠨᠢ ᠤᠤᠯ ᠤᠨ ᠬᠡᠯᠡᠯᠴᠡᠭᠡᠷ ᠤᠨ ᠪᠢᠴᠢᠭ‌‍ᠦᠨ ᠰᠠᠭᠤᠷᠢᠨ ᠳᠡᠭᠡᠷ᠎ᠡ ᠪᠠᠰᠠ 13% ᠪᠠᠷ ᠨᠡᠮᠡᠭᠳᠡᠵᠡᠢ᠃ ︽ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠦᠶ᠎ᠡ ᠳᠤ ᠺᠣᠮᠫᠠᠨᠢ ᠶᠢᠨ 10 ᠵᠢᠯ ᠤᠨ ᠤᠢ ᠶᠢᠨ ᠪᠠᠶᠠᠷ ᠲᠤ ᠲᠣᠬᠢᠶᠠᠯᠳᠤᠵᠤ᠂ ᠶᠡᠷᠦᠩᠬᠡᠢ ᠦᠨ᠎ᠡ ᠨᠢ 6000 ᠲᠥᠭᠦᠷᠢᠭ ᠬᠢᠮᠳᠠᠷᠠᠨ᠎ᠠ  ᠭᠡᠵᠡᠢ᠂ ᠪᠢ ᠭᠡᠷ ᠤᠨ ᠳᠣᠲᠣᠷᠠᠬᠢ ᠵᠢᠷᠤᠭ ᠲᠥᠯᠥᠪᠯᠡᠭᠡ ᠶᠢᠨ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠭᠰᠠᠨ ᠪᠥᠭᠡᠳ 1 ᠲᠦᠮᠡᠨ ᠲᠥᠭᠦᠷᠢᠭ ᠤᠷᠢᠳᠴᠢᠯᠠᠨ ᠲᠤᠰᠢᠶᠠᠵᠠᠢ︾᠃ ᠯᠢᠦ ᠠᠪᠤᠭᠠᠢ᠂ ᠰᠡᠭᠦᠯᠡᠷ  ᠨᠢ ᠵᠠᠰᠠᠯ ᠴᠢᠮᠡᠭᠯᠡᠯ ᠤᠨ ᠺᠣᠮᠫᠠᠨᠢ ᠠᠴᠠ ᠬᠡᠯᠡᠯᠴᠡᠭᠡᠷ ᠤᠨ ᠦᠨ᠎ᠡ ᠶᠢ ᠵᠥᠪᠬᠡᠨ ᠵᠢᠱᠢᠨ ᠪᠤᠳᠤᠭᠰᠠᠨ ᠲᠡᠳᠦᠢ ᠭᠡᠵᠦ ᠢᠯᠡᠷᠬᠡᠶᠢᠯᠡᠵᠡᠢ᠂ ᠤᠳᠤ ᠪᠣᠳᠠᠲᠠᠢ ᠭᠠᠵᠠᠷ ᠠᠴᠠ ᠨᠢ ᠦᠵᠡᠪᠡᠯ ᠵᠦᠢᠯᠡᠰ ᠤᠨ ᠨᠡᠮᠡᠭᠳᠡᠯ ᠪᠣᠯᠣᠨ᠎ᠠ᠂ ᠢᠯᠡᠭᠦᠦ ᠭᠠᠷᠭᠠᠭᠰᠠᠨ ᠵᠣᠭᠤᠰ ᠤᠨ ᠲᠤᠭ᠎ᠠ ᠨᠢ ᠤᠤᠯ ᠤᠨ ᠢᠵᠢ ᠦᠢᠯᠡᠴᠢᠯᠡᠭᠡ ᠠᠴᠠ ᠭᠠᠳᠠᠨᠠᠬᠢ ᠦᠨ᠎ᠡ ᠶᠢᠨ ᠵᠥᠷᠢᠶ᠎ᠡ ᠪᠣᠯᠣᠨ᠎ᠠ᠂ ᠲᠡᠷᠡ ᠮᠥᠷᠲᠡᠭᠡᠨ ᠬᠠᠮᠤᠭ ᠡᠴᠦᠰ ᠤᠨ ᠦᠨ᠎ᠡ ᠨᠢ ᠪᠠᠰᠠ ᠭᠡᠷ ᠪᠠᠶᠢᠰᠢᠩ ᠤᠨ ᠪᠦᠲᠦᠴᠡ᠂ ᠵᠣᠴᠢᠨ ᠡᠷᠦᠬᠡ ᠶᠢᠨ ᠬᠡᠷᠡᠭᠴᠡᠭᠡ ᠠᠳᠠᠯᠢ ᠦᠭᠡᠢ ᠠᠴᠠ ᠪᠣᠯᠵᠤ ᠲᠣᠬᠢᠷᠠᠭᠤᠯᠤᠯᠲᠠ ᠬᠢᠬᠦ ᠪᠣᠯᠣᠨ᠎ᠠ ᠭᠡᠵᠡᠢ᠃      ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠲᠣᠳᠣᠷᠬᠠᠶᠢᠯᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠵᠠᠰᠠᠵᠤ ᠴᠢᠮᠡᠭᠯᠡᠬᠦ ᠠᠵᠢᠯ ᠲᠥᠷᠥᠯ ᠢ ᠵᠢᠷᠤᠮᠵᠢᠭᠤᠯᠤᠨ᠎ᠠ      ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2022 ᠣᠨ ᠳᠤ᠂ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠭᠡᠷ ᠪᠠᠶᠢᠰᠢᠩ ᠤᠨ ᠵᠠᠰᠠᠯ ᠴᠢᠮᠡᠭᠯᠡᠯ ᠵᠢᠴᠢ ᠠᠳᠠᠯ ᠠᠬᠤᠢ ᠶᠢᠨ ᠦᠢᠯᠡᠴᠢᠯᠡᠭᠡ ᠶᠢᠨ ᠬᠤᠯᠪᠣᠭᠳᠠᠯ ᠪᠦᠬᠦᠢ ᠵᠠᠭᠠᠯᠳᠤᠯᠭ᠎ᠠ ᠶᠢ ᠨᠡᠶᠢᠲᠡ 2.28 ᠲᠦᠮᠡᠨ ᠬᠤᠪᠢ ᠭᠥᠯᠢᠶᠡᠨ ᠠᠪᠴᠤ᠂ ᠲᠤᠭ᠎ᠠ ᠬᠡᠮᠵᠢᠶ᠎ᠡ ᠨᠢ ᠪᠣᠶ ᠪᠦᠬᠦᠢ ᠦᠢᠯᠡᠴᠢᠯᠡᠭᠡᠨ ᠤ ᠶᠡᠭᠡ ᠲᠥᠷᠥᠯ ᠤᠨ ᠵᠠᠭᠠᠯᠳᠤᠯᠭ᠎ᠠ ᠳᠤ ᠨᠠᠢᠮᠠᠳᠤᠭᠠᠷ ᠲᠤ ᠵᠭᠰᠠᠭᠠᠭᠳᠠᠵᠠᠢ᠃ ᠡᠭᠦᠨ ᠳᠤ᠂ ᠣᠯᠠᠩᠬᠢ ᠵᠠᠭᠠᠯᠳᠤᠯᠭ᠎ᠠ ᠨᠢ ᠠᠵᠢᠯ ᠲᠦᠷᠦᠯ ᠤᠨ ᠳᠣᠲᠣᠷᠠᠬᠢ ᠬᠡᠰᠡᠭ ᠵᠠᠰᠠᠯ ᠴᠢᠮᠡᠭᠯᠡᠯ ᠤᠨ ᠺᠣᠮᠫᠠᠨᠢ ᠶᠢᠨ ᠬᠢᠷᠢ ᠬᠡᠮ  ᠨᠢ ᠳᠤᠲᠠᠮᠠᠭ᠂ ᠭᠡᠷ᠎ᠡ ᠠᠴᠠ ᠵᠥᠷᠢᠴᠡᠭᠰᠡᠨ᠂ ᠭᠡᠷ ᠪᠠᠶᠢᠰᠢᠩ ᠤᠨ ᠵᠠᠰᠠᠯ ᠴᠢᠮᠡᠭᠯᠡᠯ ᠤᠨ ᠶᠠᠰᠤ ᠴᠢᠨᠠᠷ ᠨᠢ ᠳᠤᠲᠠᠮᠠᠭ ᠵᠡᠷᠭᠡ ᠠᠰᠠᠭᠤᠳᠠᠯ ᠳᠤ ᠴᠢᠭᠯᠡᠭᠦᠯᠦᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠵᠠᠰᠠᠵᠤ ᠴᠢᠮᠡᠭᠯᠡᠬᠦ ᠶᠠᠪᠤᠴᠠ ᠳᠤ᠂ ᠪᠠᠷᠢᠯᠭ᠎ᠠ ᠶᠢᠨ ᠲᠠᠯ᠎ᠠ ᠨᠢ ᠪᠠᠷᠢᠯᠭ᠎ᠠ ᠶᠢᠨ ᠪᠦᠲᠦᠭᠡᠨ  ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠪᠠᠷ ᠪᠠᠷᠢᠯᠭ᠎ᠠ ᠶᠢᠨ ᠠᠵᠢᠯ ᠢ ᠬᠢᠭᠰᠡᠨ ᠦᠭᠡᠢ ᠠᠴᠠ ᠪᠣᠯᠵᠤ᠂ ᠭᠡᠷ ᠪᠠᠶᠢᠰᠢᠩ ᠳᠤ ᠠᠮᠤᠷ ᠲᠦᠪᠰᠢᠨ ᠤ ᠲᠠᠯᠳᠠ ᠭᠡᠮ ᠣᠷᠣᠰᠢᠵᠤ ᠪᠠᠶᠢᠬᠤ ᠪᠠᠶᠢᠳᠠᠯ ᠴᠤ ᠦᠷᠭᠦᠯᠵᠢ ᠬᠠᠷᠠᠭᠳᠠᠳᠠᠭ ᠶᠤᠮ᠃ ᠪᠡᠭᠡᠵᠢᠩ‌‍ᠦᠨ ᠪᠠᠭᠰᠢ ᠶᠢᠨ ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠵᠠᠩ ᠱᠧᠩ ᠵᠢᠶᠦ᠋ᠨ ᠢᠯᠡᠷᠬᠡᠶᠢᠯᠡᠬᠦ ᠳᠡᠭᠡᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠪᠠᠷ ᠪᠠᠷᠢᠯᠭ᠎ᠠ ᠪᠠᠷᠢᠵᠤ ᠳᠡᠶᠢᠯᠦᠭᠰᠡᠨ ᠦᠭᠡᠢ ᠪᠠᠶᠢᠳᠠᠯ ᠳᠤ ᠤᠤᠯ ᠤᠨ ᠵᠢᠷᠤᠵᠤ ᠲᠥᠯᠥᠪᠯᠡᠭᠰᠡᠨ ᠨᠢᠭᠡᠴᠢ ᠪᠤᠶᠤ ᠵᠣᠬᠢᠴᠠᠩᠭᠤᠢ ᠬᠢᠷᠢ ᠬᠡᠮ ᠤᠨ ᠵᠡᠷᠭᠡ ᠳᠡᠰ ᠲᠠᠢ ᠵᠢᠷᠤᠵᠤ ᠲᠥᠯᠥᠪᠯᠡᠭᠰᠡᠨ ᠨᠢᠭᠡᠴᠢ ᠠᠴᠠ ᠵᠢᠷᠤᠭ ᠲᠥᠯᠥᠪᠯᠡᠭᠡ ᠶᠢᠨ ᠲᠥᠰᠥᠯ ᠳᠤᠷᠠᠳᠤᠭᠰᠠᠨ ᠦᠭᠡᠢ᠂ ᠪᠠᠷᠢᠯᠭ᠎ᠠ ᠶᠢᠨ ᠭᠤᠣᠯ ᠴᠣᠭᠴᠠ ᠪᠠ ᠳᠠᠭᠠᠭᠠᠴᠠ ᠶᠢᠨ ᠪᠦᠲᠦᠴᠡ ᠶᠢ ᠬᠤᠪᠢᠷᠠᠭᠤᠯᠤᠭᠰᠠᠨ ᠪᠤᠶᠤ ᠵᠢᠷᠤᠵᠤ ᠲᠥᠯᠥᠪᠯᠡᠭᠰᠡᠨ ᠪᠠᠷᠢᠮᠵᠢᠶ᠎ᠠ ᠠᠴᠠ ᠳᠠᠪᠠᠭᠤᠯᠤᠭᠰᠠᠨ ᠪᠤᠶᠤ ᠳᠦᠷᠢᠮᠵᠢᠯ ᠠᠴᠠ ᠳᠠᠪᠠᠭᠤᠯᠤᠭᠰᠠᠨ ᠦᠭᠡᠢ᠂ ᠠᠰᠠᠷ ᠤᠨ ᠳᠠᠭᠠᠭᠠᠴᠠ ᠶᠢ ᠨᠡᠮᠡᠭᠳᠡᠭᠦᠯᠦᠭᠰᠡᠨ︔ ᠲᠠᠭᠠᠭᠠᠴᠠᠳᠤ ᠬᠡᠷᠡᠮ ᠳᠡᠭᠡᠷᠡᠬᠢ ᠤᠤᠯ ᠤᠨ ᠪᠠᠶᠢᠭᠰᠠᠨ ᠡᠭᠦᠳᠡ ᠴᠣᠩᠬᠤᠨ ᠤ ᠬᠡᠮᠵᠢᠶ᠎ᠡ ᠶᠢ ᠥᠷᠭᠡᠳᠬᠡᠨ᠎ᠡ︔ ᠨᠠᠷᠠᠪᠴᠢ ᠲᠠᠢ ᠬᠤᠯᠪᠣᠭᠰᠠᠨ ᠲᠣᠭᠤᠰᠬ᠎ᠠ᠂ ᠪᠧᠲ᠋ᠣᠨ ᠬᠡᠷᠡᠮ ᠵᠡᠷᠭᠡ ᠶᠢ ᠨᠤᠷᠠᠭᠠᠨ᠎ᠠ᠃      ︽ᠣᠳᠣᠬᠠᠨ ᠳᠤ ᠭᠡᠷ ᠪᠦᠯᠢ ᠶᠢᠨ ᠵᠠᠰᠠᠯ ᠴᠢᠮᠡᠭᠯᠡᠯ ᠤᠨ ᠠᠵᠢᠯ ᠲᠥᠷᠥᠯ ᠤᠨ ︿ᠵᠢᠩᠬᠢᠨᠢ ᠴᠡᠷᠢᠭ﹀ ᠤᠨ ᠡᠩᠨᠡᠭᠡ ᠴᠢᠩᠭ᠎ᠠ ᠪᠢᠰᠢ᠂ ᠵᠠᠰᠠᠯ ᠴᠢᠮᠡᠭᠯᠡᠯ ᠤᠨ ᠺᠣᠮᠫᠠᠨᠢ ᠡᠯᠳᠡᠪ ᠵᠦᠢᠯ ᠤᠨ ᠪᠠᠶᠢᠵᠤ᠂ ᠡᠯᠳᠡᠪ ᠵᠦᠢᠯ ᠤᠨ ᠠᠵᠢᠯ ᠲᠥᠷᠥᠯ ᠬᠤᠯᠢᠯᠳᠤᠵᠤ᠂ ᠪᠠᠰᠠ ᠨᠢᠭᠡ ᠪᠦᠯᠦᠭ ᠨᠢ ᠪᠠᠷᠢᠯᠭ᠎ᠠ ᠪᠠᠷᠢᠬᠤ ᠬᠢᠷᠢ ᠬᠡᠮ ᠦᠭᠡᠢ᠂ ᠬᠠᠮᠢᠶᠠᠷᠤᠯᠲᠠ ᠰᠤᠯᠠ ᠵᠠᠳᠠᠭᠠᠢ ᠪᠠᠶᠢᠭ᠎ᠠ ᠵᠠᠰᠠᠯ ᠴᠢᠮᠡᠭᠯᠡᠯ ᠤᠨ ᠡᠩᠨᠡᠭᠡ ᠪᠠᠶᠢᠨ᠎ᠠ︾᠃ ᠬᠤᠸᠠᠳᠦ᠋ᠩ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠰᠤᠳᠤᠯᠬᠤ ᠭᠠᠵᠠᠷ ᠤᠨ ᠳᠠᠷᠤᠭ᠎ᠠ ᠶᠠᠩ ᠴᠢᠨ ᠹᠠ ᠢᠯᠡᠷᠬᠡᠶᠢᠯᠡᠬᠦ ᠳᠡᠭᠡᠨ᠂ ᠡᠳᠡᠭᠡᠷ ᠬᠤᠯᠪᠣᠭᠳᠠᠯ ᠪᠦᠬᠦᠢ ᠬᠢᠷᠢ ᠬᠡᠮ ᠦᠭᠡᠢ ᠵᠠᠰᠠᠯ ᠴᠢᠮᠡᠭᠯᠡᠯ ᠤᠨ ᠠᠵᠢᠯᠲᠠᠨ ᠤ ᠰᠢᠯᠵᠢᠮᠡᠯ ᠴᠢᠨᠠᠷ ᠢᠶᠠᠷ ᠶᠡᠭᠡ᠂ ᠺᠣᠮᠫᠠᠨᠢ ᠲᠣᠭᠲᠠᠮᠠᠯ ᠲᠠᠯᠠᠪᠤᠷ ᠭᠠᠵᠠᠷ ᠦᠭᠡᠢ᠂ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠪᠦᠲᠦᠮᠵᠢᠲᠡᠶ ᠪᠠᠷ ᠡᠭᠦᠷᠭᠡᠯᠡᠬᠦ ᠴᠢᠳᠠᠪᠤᠷᠢ ᠪᠠᠷ ᠳᠤᠲᠠᠮᠠᠭ ᠪᠠᠶᠢᠵᠤ᠂ ᠵᠠᠰᠠᠯ ᠴᠢᠮᠡᠭᠯᠡᠯ ᠤᠨ ᠶᠠᠰᠤ ᠴᠢᠨᠠᠷ ᠨᠢ ᠵᠣᠬᠢᠴᠠᠩᠭᠤᠢ ᠪᠠᠲᠤᠯᠠᠭ᠎ᠠ ᠦᠭᠡᠢ ᠪᠠᠶᠢᠬᠤ ᠪᠠᠷ ᠪᠠᠷᠠᠬᠤ ᠦᠭᠡᠢ ᠪᠠᠰᠠ ᠭᠡᠷ ᠪᠠᠶᠢᠰᠢᠩ ᠤᠨ ᠪᠦᠬᠦᠯᠢ ᠴᠣᠭᠴᠠ ᠶᠢᠨ ᠪᠦᠲᠦᠴᠡ ᠶᠢ ᠡᠪᠳᠡᠬᠦ᠂ ᠭᠡᠷ ᠪᠠᠶᠢᠰᠢᠩ ᠤᠨ ᠠᠶᠤᠯᠭᠦᠢ ᠶᠢᠨ ᠴᠢᠳᠠᠪᠬᠢ ᠶᠢ ᠬᠤᠬᠢᠷᠠᠭᠤᠯᠬᠤ ᠯᠤᠲᠤ ᠶᠡᠭᠡ ᠠᠶᠤᠯ ᠲᠦᠭᠰᠢᠭᠦᠷᠢ ᠣᠷᠣᠰᠢᠵᠤ ᠪᠠᠶᠢᠨ᠎ᠠ᠃      ᠵᠠᠰᠠᠵᠤ ᠴᠢᠮᠡᠭᠯᠡᠬᠦ ᠠᠵᠢᠯ ᠲᠥᠷᠥᠯ ᠢ ᠵᠢᠷᠤᠮᠵᠢᠭᠤᠯᠬᠤ ᠲᠠᠯ᠎ᠠ ᠪᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ︽ᠣᠷᠣᠨ ᠰᠠᠭᠤᠴᠠ ᠶᠢᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠠᠪᠬᠤ ᠵᠢᠷᠤᠮᠵᠢᠯ︾ ︽ᠭᠡᠷ ᠤᠨ ᠬᠡᠷᠡᠭᠰᠡᠯ ᠤᠨ ᠠᠵᠢᠯ ᠲᠥᠷᠥᠯ ᠤᠨ ᠡᠵᠡᠩᠨᠡᠯᠲᠡ ᠦᠢᠯᠡᠴᠢᠯᠡᠭᠡᠨ ᠤ ᠵᠢᠷᠤᠮᠵᠢᠯ︾ ᠵᠡᠷᠭᠡ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠨ ᠬᠡᠷᠡᠭᠵᠢᠭᠦᠯᠵᠦ᠂ ᠭᠡᠷ ᠤᠨ ᠬᠡᠷᠡᠭᠰᠡᠯ ᠤᠨ ᠬᠠᠮᠢᠶ᠎ᠠ ᠪᠦᠬᠦᠢ ᠨᠠᠷᠢᠨ ᠵᠦᠢᠯᠡᠰ ᠲᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠲᠦᠷᠦᠭᠦᠬᠡᠨ᠂ ᠬᠤᠲᠠ ᠶᠢᠨ ᠭᠡᠷ ᠪᠠᠶᠢᠰᠢᠩ ᠤᠨ ᠭᠡᠷ ᠲᠤᠳᠤᠷᠠᠬᠢ ᠵᠠᠰᠠᠯ ᠴᠢᠮᠡᠭᠯᠡᠯ ᠤᠨ ᠠᠵᠢᠯᠯᠠᠭ᠎ᠠ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠢᠵᠠᠭᠠᠷᠯᠠᠬᠤ ᠶᠢᠨ ᠲᠦᠯᠦᠭᠡ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠦᠨ ︽ᠬᠤᠲᠠ ᠶᠢᠨ ᠭᠡᠷ ᠪᠠᠶᠢᠰᠢᠩ ᠤᠨ ᠭᠡᠷ ᠲᠤᠳᠤᠷᠠᠬᠢ ᠵᠠᠰᠠᠯ ᠴᠢᠮᠡᠭᠯᠡᠯ ᠤᠨ ᠠᠮᠦᠷ ᠲᠦᠪᠰᠢᠨ ᠤ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠦ ᠲᠤᠬᠠᠢ ᠮᠡᠳᠡᠭᠳᠡᠯ︾ ᠢ ᠲᠠᠷᠤᠮᠠᠯᠯᠠᠨ ᠲᠠᠷᠬᠠᠭᠠᠵᠦ᠂ ᠬᠤᠲᠠ ᠶᠢᠨ ᠭᠡᠷ ᠪᠠᠶᠢᠰᠢᠩ ᠤᠨ ᠭᠡᠷ ᠲᠤᠳᠤᠷᠠᠬᠢ ᠵᠠᠰᠠᠯ ᠴᠢᠮᠡᠭᠯᠡᠯ ᠤᠨ ᠠᠵᠢᠯᠯᠠᠭ᠎ᠠ ᠲᠤᠮᠳᠠᠬᠢ ᠡᠯ᠎ᠡ ᠡᠳᠦᠭᠡᠳ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠵᠠᠢ᠃      ︽ᠵᠠᠰᠠᠵᠤ ᠴᠢᠮᠡᠭᠯᠡᠬᠦ ᠨᠢ ᠣᠷᠣᠨ ᠰᠠᠭᠤᠴᠠ ᠪᠠ ᠭᠡᠷ ᠪᠠᠶᠢᠰᠢᠩ ᠤᠨ ᠬᠠᠮᠢᠶᠠᠷᠤᠯᠲᠠ᠂ ᠲᠥᠯᠦᠪᠵᠢᠭᠦᠯᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠣᠯᠠᠨ ᠰᠠᠯᠠᠭ᠎ᠠ ᠮᠥᠴᠢᠷ ᠲᠤ ᠬᠤᠯᠪᠣᠭᠳᠠᠬᠤ ᠪᠣᠯᠬᠤᠷ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠲᠤᠰ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ︾︔ ᠵᠠᠩ ᠱᠧᠩ ᠵᠢᠶᠦ᠋ᠨ  ᠢᠯᠡᠷᠬᠡᠶᠢᠯᠡᠬᠦ ᠳᠡᠭᠡᠨ᠂ ᠵᠠᠰᠠᠯ ᠴᠢᠮᠡᠭᠯᠡᠯ ᠤᠨ ᠠᠵᠢᠯ ᠲᠥᠷᠥᠯ ᠳᠤ ᠮᠥᠨ ᠬᠦ ᠴᠢᠩᠭ᠎ᠠ ᠬᠦᠴᠦᠲᠡᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠳᠤᠲᠠᠭᠳᠠᠵᠤ ᠪᠠᠶᠢᠨ᠎ᠠ᠂ ︽ᠬᠠᠮᠢᠶᠠᠷᠤᠯᠲᠠ ᠶᠢᠨ ᠲᠠᠯ᠎ᠠ ᠪᠠᠷ ᠠᠯᠢ ᠨᠢᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ  ᠨᠢ ᠭᠤᠣᠯ ᠬᠠᠷᠢᠭᠤᠴᠠᠬᠤ ᠶᠢ ᠡᠷᠬᠡᠪᠰᠢ ᠲᠣᠳᠣᠷᠬᠠᠢ ᠲᠣᠭᠲᠠᠭᠠᠵᠤ᠂ ᠪᠤᠰᠤᠳ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢᠳᠡᠪᠬᠢᠲᠡᠢ ᠬᠠᠮᠵᠢᠯᠴᠠᠪᠠᠯ ᠰᠠᠶ᠋ᠢ ᠬᠢᠨᠠᠯᠲᠠ ᠬᠠᠮᠢᠶᠠᠷᠤᠯᠲᠠ ᠶᠢᠨ ᠬᠤᠭᠤᠰᠤᠨ ᠢ ᠰᠡᠷᠭᠡᠶᠢᠯᠡᠵᠦ ᠴᠢᠳᠠᠨ᠎ᠠ︾ ᠭᠡᠵᠡᠢ᠃      ᠡᠭᠦᠨ ᠠᠴᠠ ᠭᠠᠳᠠᠨ᠎ᠠ᠂ ᠭᠡᠷ ᠤᠨ ᠵᠠᠰᠠᠯ ᠴᠢᠮᠡᠭᠯᠡᠯ ᠤᠨ ᠠᠵᠢᠯ ᠲᠥᠷᠥᠯ ᠳᠤ ᠴᠦ ᠠᠵᠢᠯ ᠲᠥᠷᠥᠯ ᠤᠨ ᠥᠪᠡᠷ ᠢ  ᠪᠠᠨ ᠱᠠᠭᠠᠷᠳᠠᠬᠤ ᠶᠢ ᠴᠢᠩᠭᠠᠳᠬᠠᠨ᠎ᠠ᠃ ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠣᠳᠣᠬᠠᠨ ᠳᠤ ᠭᠡᠷ ᠤᠨ ᠵᠠᠰᠠᠯ ᠴᠢᠮᠡᠭᠯᠡᠯ ᠤᠨ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠬᠦᠷᠦᠯᠴᠡᠬᠦ ᠦᠭᠡᠢ ᠪᠠᠶᠢᠵᠤ᠂ ᠠᠵᠢᠯ ᠲᠥᠷᠥᠯ ᠤᠨ ᠳᠣᠲᠣᠭᠠᠳᠤ ᠶᠢᠨ ᠪᠦᠲᠦᠮᠵᠢᠲᠡᠶ ᠪᠡᠶ᠎ᠡ ᠪᠠᠨ ᠱᠠᠭᠠᠷᠳᠠᠬᠤ ᠪᠠ ᠬᠢᠵᠠᠭᠠᠷᠯᠠᠬᠤ ᠲᠣᠭᠲᠠᠴᠠ ᠬᠠᠷᠠᠬᠠᠨ ᠪᠦᠷᠢᠯᠳᠦᠭᠡᠳᠦᠢ ᠪᠠᠶᠢᠨ᠎ᠠ᠃ ᠭᠡᠷ ᠤᠨ ᠵᠠᠰᠠᠯ ᠴᠢᠮᠡᠭᠯᠡᠯ ᠤᠨ ᠡᠵᠡᠩᠨᠡᠭᠴᠢ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠵᠦᠢ ᠶᠣᠰᠣᠨ ᠤ ᠥᠷᠢᠰᠦᠯᠳᠦᠭᠡᠨ ᠲᠠᠢ᠂ ᠭᠡᠷ ᠤᠨ ᠵᠠᠰᠠᠯ ᠴᠢᠮᠡᠭᠯᠡᠯ ᠤᠨ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠡᠮᠬᠢ ᠵᠢᠷᠤᠮ ᠲᠠᠢ ᠪᠣᠯᠪᠠᠯ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠰᠠᠶ᠋ᠢ ᠪᠠᠲᠤᠯᠠᠭ᠎ᠠ ᠲᠠᠢ ᠪᠣᠯᠵᠤ ᠴᠢᠳᠠᠨ᠎ᠠ᠃ ︽ᠪᠠᠷᠢᠯᠭ᠎ᠠ ᠶᠢᠨ ᠠᠵᠢᠯ ᠤᠨ ᠶᠠᠪᠤᠴᠠ ᠳᠤ ᠶᠠᠮᠠᠷ ᠶᠠᠮᠠᠷ ᠠᠵᠢᠯ ᠤᠨ ᠳᠠᠷᠠᠭᠠᠯᠠᠯ ᠨᠢ ᠴᠢᠬᠤᠯᠠᠲᠠᠢ ᠪᠠᠶᠢᠳᠠᠭ ᠪᠣᠢ︖ ᠵᠠᠰᠠᠵᠤ ᠴᠢᠮᠡᠭᠯᠡᠬᠦ ᠶᠢ ᠬᠡᠷᠬᠢᠨ ᠬᠠᠮᠤᠭ ᠤᠨ ᠶᠡᠭᠡ ᠬᠡᠮᠵᠢᠶᠡᠨ ᠳᠤ ᠭᠤᠶᠤ ᠰᠠᠶᠢᠬᠠᠨ᠂ ᠪᠥᠬᠡᠯᠢᠭ ᠪᠣᠯᠭᠠᠬᠤ ᠲᠠᠯ᠎ᠠ ᠪᠠᠷ ᠲᠤᠰᠬᠠᠢ ᠮᠡᠷᠭᠡᠵᠢᠯ ᠤᠨ ᠪᠤᠰᠤ ᠬᠥᠮᠥᠰ ᠶᠡᠷᠦ ᠨᠢ ᠠᠷᠭ᠎ᠠ ᠵᠠᠮ ᠢ ᠨᠢ ᠣᠯᠬᠤ ᠦᠭᠡᠢ ᠪᠠᠶᠢᠳᠠᠭ︾ ᠶᠠᠩ ᠴᠢᠨ ᠹᠠ ᠢᠯᠡᠷᠬᠡᠶᠢᠯᠡᠬᠦ ᠳᠡᠭᠡᠨ᠂ ᠮᠡᠳᠡᠭᠡ ᠵᠠᠩᠭᠢ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢᠨ ᠲᠡᠩᠴᠡᠭᠦᠷᠢ ᠦᠭᠡᠢ ᠪᠠᠶᠢᠬᠤ ᠨᠢ ᠨᠠᠩ ᠴᠤ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠤᠨ ᠰᠠᠶᠢᠨ ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ ᠪᠠ ᠨᠡᠪᠲᠡᠷᠡᠯᠴᠡᠬᠦ ᠴᠢᠳᠠᠪᠤᠷᠢ ᠶᠢ ᠪᠦᠷᠢᠯᠳᠦᠭᠦᠯᠬᠦ ᠶᠢ ᠱᠠᠭᠠᠷᠳᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠠᠷ ᠳᠠᠮᠵᠢᠭᠤᠯᠤᠨ᠂ ᠮᠡᠳᠡᠭᠡ ᠵᠠᠩᠭᠢ ᠶᠢᠨ ᠪᠠᠬᠢᠯᠡᠯᠲᠡ ᠠᠴᠠ ᠪᠣᠯᠤᠭᠰᠠᠨ ᠶᠡᠬᠡᠩᠬᠢ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠬᠡᠷᠡᠭᠲᠡᠢ᠃      ᠵᠠᠰᠠᠯ ᠴᠢᠮᠡᠭᠯᠡᠯ ᠤᠨ ᠺᠣᠮᠫᠠᠨᠢ ᠶᠢ ᠣᠶᠤᠨᠴᠢ ᠪᠠᠷ ᠰᠣᠩᠭᠤᠵᠤ᠂ ᠵᠠᠰᠠᠯ ᠴᠢᠮᠡᠭᠯᠡᠯ ᠤᠨ ᠭᠡᠷ᠎ᠡ ᠲᠣᠭᠲᠠᠭᠠᠬᠤ ᠶᠢ ᠬᠢᠴᠢᠶᠡᠵᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠨ᠎ᠠ      ᠮᠠ ᠠᠪᠤᠭᠠᠢ ᠥᠪᠡᠷ ᠤᠨ ᠵᠠᠰᠠᠵᠤ ᠴᠢᠮᠡᠭᠯᠡᠭᠰᠡᠨ ᠲᠤᠷᠰᠢᠯᠭ᠎ᠠ ᠰᠤᠷᠭᠠᠮᠵᠢ ᠪᠠᠨ ᠳ᠋ᠦᠩᠨᠡᠭᠰᠡᠨ ᠤ ᠳᠠᠷᠠᠭ᠎ᠠ᠂ ᠵᠠᠰᠠᠯ ᠴᠢᠮᠡᠭᠯᠡᠯ ᠤᠨ ᠺᠣᠮᠫᠠᠨᠢ ᠶᠢ ᠰᠣᠩᠭᠤᠬᠤ ᠳᠠᠭᠠᠨ ᠬᠡᠷᠡᠭᠯᠡᠭᠴᠢᠳ ᠵᠠᠰᠠᠯ ᠴᠢᠮᠡᠭᠯᠡᠯ ᠤᠨ ᠺᠣᠮᠫᠠᠨᠢ ᠶᠢᠨ ᠦᠨᠳᠦᠰᠦᠨ ᠪᠠᠶᠢᠳᠠᠯ᠂ ᠠᠵᠢᠯ ᠲᠦᠷᠦᠯ ᠤᠨ ᠨᠡᠷ᠎ᠡ ᠬᠦᠨᠳᠦ ᠶᠢ ᠨᠠᠷᠢᠨ ᠣᠶᠢᠯᠠᠭᠠᠵᠤ᠂ ᠵᠠᠰᠠᠯ ᠴᠢᠮᠡᠭᠯᠡᠯ ᠤᠨ ᠺᠣᠮᠫᠠᠨᠢ ᠶᠢᠨ ᠲᠤᠰᠬᠠᠢ ᠮᠡᠷᠭᠡᠵᠢᠯ ᠤᠨ ᠪᠣᠳᠠᠲᠤ ᠬᠦᠴᠦᠨ᠂ ᠪᠠᠷᠢᠯᠭ᠎ᠠ ᠶᠢᠨ ᠶᠠᠰᠤ ᠴᠢᠨᠠᠷ ᠪᠠ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠢᠳᠠᠬᠤ ᠶᠢᠨ ᠳᠣᠲᠣᠷ᠎ᠠ ᠪᠠᠷᠠᠭ᠎ᠠ ᠬᠠᠷᠢᠯᠴᠠᠨ ᠬᠠᠷᠢᠴᠠᠭᠤᠯᠵᠤ᠂ ᠢᠲᠡᠭᠡᠯ ᠬᠦᠨᠳᠦᠲᠡᠢ᠂ ᠬᠢᠷᠢ ᠬᠡᠮ ᠲᠠᠢ᠂ ᠪᠣᠳᠠᠲᠤ ᠬᠦᠴᠦᠨ ᠲᠠᠢ ᠵᠠᠰᠠᠯ ᠴᠢᠮᠡᠭᠯᠡᠯ ᠤᠨ ᠺᠣᠮᠫᠠᠨᠢ ᠶᠢ ᠰᠣᠩᠭᠤᠬᠤ ᠬᠡᠷᠡᠭᠲᠡᠢ᠃ ᠵᠠᠰᠠᠯ ᠴᠢᠮᠡᠭᠯᠡᠯ ᠤᠨ ᠦᠨ᠎ᠡ ᠬᠠᠩᠰᠢ ᠳᠤ ᠣᠶᠤᠨᠴᠢ ᠪᠠᠷ ᠬᠠᠨᠳᠤᠵᠤ᠂ ᠬᠢᠮᠳᠠ ᠦᠨ᠎ᠡ᠂ ᠪᠥᠬᠦᠳᠡ ᠶᠢ ᠳᠠᠭᠠᠭᠠᠴᠢᠯᠠᠬᠤ ᠤᠬᠠᠭᠤᠯᠭ᠎ᠠ ᠶᠢ ᠰᠣᠬᠤᠷ ᠪᠠᠯᠠᠢ ᠪᠠᠷ ᠢᠲᠡᠭᠡᠵᠦ ᠪᠣᠯᠬᠤ ᠦᠭᠡᠢ᠂ ᠵᠠᠷᠢᠮ ᠵᠠᠰᠠᠯ ᠴᠢᠮᠡᠭᠯᠡᠯ ᠤᠨ ᠺᠣᠮᠫᠠᠨᠢ ᠶᠢᠨ ᠬᠢᠮᠳᠠ ᠦᠨ᠎ᠡ ᠪᠠᠷ ᠥᠭᠶᠥᠭᠡ ᠪᠣᠯᠭᠠᠵᠤ ᠠᠵᠢᠯ ᠢ ᠳᠥᠭᠦᠮᠴᠢᠯᠡᠨ ᠮᠠᠲ᠋ᠧᠷᠢᠶᠠᠯ ᠢ ᠬᠤᠯᠠᠭᠠᠶᠢᠯᠠᠵᠤ᠂ ᠮᠠᠭᠤ ᠪᠠᠷ ᠰᠠᠶᠢᠨ ᠢ ᠣᠷᠣᠯᠠᠭᠤᠯᠬᠤ ᠶᠢ ᠰᠡᠷᠭᠡᠶᠢᠯᠡᠬᠦ ᠬᠡᠷᠡᠭᠲᠡᠢ︾ ᠭᠡᠪᠡ᠃      ᠤᠷᠢᠳ ᠢᠶᠠᠷ ᠪᠣᠯᠵᠣᠭᠠᠨ ᠤ ᠮᠥᠩᠭᠦ ᠲᠤᠰᠢᠶᠠᠵᠤ᠂ ᠲᠠᠷᠠᠭ᠎ᠠ ᠨᠢ ᠦᠯᠡᠳᠡᠭᠰᠡᠨ ᠵᠣᠭᠤᠰ ᠢ ᠨᠢ ᠥᠭᠬᠦ ᠨᠢ ᠨᠢᠭᠡᠨᠲᠡ ᠴᠥᠭᠡᠨ ᠪᠤᠰᠤ ᠵᠠᠰᠠᠯ ᠴᠢᠮᠡᠭᠯᠡᠯ ᠤᠨ ᠺᠣᠮᠫᠠᠨᠢ ᠶᠢᠨ ᠲᠥᠯᠥᠬᠦ ᠠᠷᠭ᠎ᠠ ᠮᠠᠶ᠋ᠢᠭ ᠪᠣᠯᠵᠠᠢ᠃ ᠬᠡᠷᠡᠭᠯᠡᠭᠴᠢᠳ ᠭᠡᠷ ᠤᠨ ᠬᠡᠷᠡᠭᠰᠡᠯ ᠤᠨ ᠪᠠᠷᠢᠯᠭ᠎ᠠ ᠶᠢᠨ ᠮᠠᠲ᠋ᠧᠷᠢᠶᠠᠯ ᠪᠤᠶᠤ ᠵᠠᠰᠠᠯ ᠴᠢᠮᠡᠭᠯᠡᠯ ᠤᠨ ᠦᠢᠯᠡᠴᠢᠯᠡᠭᠡ ᠶᠢ ᠬᠤᠳᠠᠯᠳᠤᠨ ᠠᠪᠬᠤ ᠰᠠᠨᠠᠭ᠎ᠠ ᠲᠠᠢ ᠦᠶ᠎ᠡ ᠳᠤ᠂ ᠵᠠᠰᠠᠯ ᠴᠢᠮᠡᠭᠯᠡᠯ ᠤᠨ ᠺᠣᠮᠫᠠᠨᠢ ᠪᠤᠶᠤ ᠪᠠᠷᠢᠯᠭ᠎ᠠ ᠶᠢᠨ ᠮᠠᠲ᠋ᠧᠷᠢᠶᠠᠯ ᠤᠨ ᠬᠤᠳᠠᠯᠳᠤᠭᠠᠨ ᠤ ᠡᠪᠯᠡᠯ ᠠᠴᠠ ᠬᠡᠷᠡᠭᠯᠡᠭᠴᠢᠳ ᠢ ᠤᠷᠢᠳᠴᠢᠯᠠᠨ ᠵᠣᠬᠢᠬᠤ ᠲᠣᠭᠠᠨ ᠤ ᠪᠤᠶᠤ ᠬᠠᠷᠢᠴᠠᠯ ᠤᠨ ᠪᠣᠯᠵᠣᠭᠠᠨ ᠤ ᠮᠥᠩᠭᠦ᠂ ᠤᠷᠢᠳᠴᠢᠯᠠᠨ ᠥᠭᠬᠦ ᠮᠥᠩᠭᠦ ᠶᠢ ᠥᠭᠭᠦᠭᠦᠯᠬᠦ ᠪᠠᠷ ᠱᠠᠭᠠᠷᠳᠠᠳᠠᠭ᠂ ᠭᠡᠲᠡᠯ᠎ᠡ ᠬᠡᠷᠡᠭᠯᠡᠭᠴᠢᠳ ᠵᠠᠰᠠᠯ ᠴᠢᠮᠡᠭᠯᠡᠯ ᠤᠨ ᠦᠷ᠎ᠡ ᠳ᠋ᠦᠩ ᠳᠤ ᠬᠠᠨᠤᠮᠵᠢ ᠦᠭᠡᠢ ᠪᠤᠶᠤ ᠬᠤᠳᠠᠯᠳᠤᠨ ᠠᠪᠤᠭᠰᠠᠨ ᠪᠠᠷᠢᠯᠭ᠎ᠠ ᠶᠢᠨ ᠮᠠᠲ᠋ᠧᠷᠢᠶᠠᠯ ᠤᠨ ᠶᠠᠰᠤ ᠴᠢᠨᠠᠷ ᠤᠨ ᠶᠠᠩᠵᠤ ᠬᠡᠯᠪᠡᠷᠢ ᠨᠢ ᠪᠣᠯᠵᠤᠭ᠎ᠠ ᠲᠠᠢ ᠪᠠᠨ ᠵᠥᠷᠢᠶ᠎ᠡ ᠲᠠᠢ ᠦᠶ᠎ᠡ ᠳᠤ᠂ ᠡᠵᠡᠩᠨᠡᠭᠴᠢᠳ ᠶᠡᠷᠦ ᠨᠢ ᠪᠣᠯᠵᠣᠭᠠᠨ ᠤ ᠮᠥᠩᠭᠦ ᠶᠢ ᠪᠤᠴᠠᠭᠠᠬᠤ ᠦᠭᠡᠢ ᠭᠡᠳᠡᠭ ᠢᠶᠠᠷ ᠰᠢᠯᠲᠠᠭᠯᠠᠵᠤ ᠵᠣᠭᠤᠰ ᠢ ᠪᠤᠴᠠᠭᠠᠬᠤ ᠶᠢ ᠲᠡᠪᠴᠢᠳᠡᠭ᠃      ︽ᠵᠠᠬᠢᠶᠠᠯᠠᠭ᠎ᠠ ᠶᠢᠨ ᠮᠥᠩᠭᠦ ᠶᠢ ᠪᠤᠴᠠᠭᠠᠵᠤ ᠪᠣᠯᠬᠤ ᠠᠮᠠᠯᠠᠯᠲᠠ ᠶᠢ ᠬᠡᠷᠡᠭᠯᠡᠭᠴᠢᠳ ᠬᠢᠯᠪᠠᠷᠬᠠᠨ ᠢᠶᠠᠷ ᠢᠲᠡᠭᠡᠵᠦ ᠪᠣᠯᠬᠤ ᠦᠭᠡᠢ᠂ ᠵᠠᠬᠢᠶᠠᠯᠠᠭ᠎ᠠ ᠶᠢᠨ ᠮᠥᠩᠭᠦ ᠪᠠᠨ ᠲᠤᠰᠢᠶᠠᠬᠤ ᠳᠠᠭᠠᠨ ᠬᠢᠴᠢᠶᠡᠵᠦ᠂ ᠡᠷᠬᠡᠪᠰᠢ ᠳᠦᠷᠢᠮᠵᠢᠭᠰᠡᠨ ᠭᠡᠷ᠎ᠡ ᠲᠣᠭᠲᠠᠭᠠᠵᠤ᠂ ᠵᠠᠬᠢᠶᠠᠯᠠᠭ᠎ᠠ ᠶᠢᠨ ᠮᠥᠩᠭᠦ ᠶᠢ ᠪᠤᠴᠠᠭᠠᠵᠤ ᠪᠣᠯᠬᠤ ᠵᠡᠷᠭᠡ ᠠᠮᠠᠯᠠᠯᠲᠠ ᠪᠠᠨ ᠭᠡᠷ᠎ᠡ ᠳᠡᠭᠡᠨ ᠲᠣᠳᠣᠷᠬᠠᠶᠢᠯᠠᠬᠤ ᠬᠡᠷᠡᠭᠲᠡᠢ︾᠃ ᠭᠤᠸᠠᠩᠳᠦ᠋ᠩ ᠤᠨ ᠱᠧᠨᠵᠧᠨ ᠬᠤᠲᠠ ᠶᠢᠨ ᠬᠡᠷᠡᠭᠯᠡᠭᠴᠢᠳ ᠤᠨ ᠵᠥᠪᠯᠡᠯ ᠤᠨ ᠵᠠᠭᠠᠯᠳᠤᠯᠭ᠎ᠠ ᠶᠢᠨ ᠯᠠᠪᠯᠠᠯᠲᠠ ᠶᠢᠨ ᠬᠡᠯᠲᠡᠰ ᠤᠨ ᠳᠠᠷᠤᠭ᠎ᠠ ᠬᠥ᠋ ᠲᠤᠸ ᠢᠯᠡᠷᠬᠡᠶᠢᠯᠡᠬᠦ ᠳᠡᠭᠡᠨ᠂ ᠵᠠᠰᠠᠯ ᠴᠢᠮᠡᠭᠯᠡᠯ ᠤᠨ ᠵᠣᠭᠤᠰ ᠢ ᠲᠥᠯᠥᠬᠦ ᠳᠡᠭᠡᠨ ᠵᠠᠰᠠᠯ ᠴᠢᠮᠡᠭᠯᠡᠯ ᠤᠨ ᠵᠦᠢᠯᠡᠰ ᠢ ᠪᠡᠶᠡᠯᠡᠭᠦᠯᠦᠭᠰᠡᠨ ᠠᠬᠢᠴᠠ ᠪᠠᠷ ᠵᠦᠢᠯ ᠳᠠᠷᠠᠭᠠᠯᠠᠨ ᠲᠥᠯᠥᠬᠦ ᠬᠡᠷᠡᠭᠲᠡᠢ᠂ ᠵᠠᠰᠠᠯ ᠴᠢᠮᠡᠭᠯᠡᠯ ᠤᠨ ᠪᠥᠬᠦ ᠵᠣᠭᠤᠰ ᠢ ᠨᠢᠭᠡ ᠯᠡ   ᠤᠳᠠᠭ᠎ᠠ ᠳᠤ ᠲᠥᠯᠥᠬᠦ ᠠᠴᠠ ᠵᠠᠶᠢᠯᠠᠰᠬᠢᠬᠦ ᠬᠡᠷᠡᠭᠲᠡᠢ᠂ ᠵᠠᠰᠠᠯ ᠴᠢᠮᠡᠭᠯᠡᠯ ᠤᠨ ᠠᠵᠢᠯ ᠢ ᠪᠥᠬᠦ ᠲᠠᠯ᠎ᠠ ᠪᠠᠷ ᠳᠠᠭᠤᠰᠬᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠦᠯᠡᠳᠡᠭᠰᠡᠨ ᠵᠣᠭᠤᠰ ᠢ ᠲᠥᠯᠥᠬᠦ ᠬᠡᠷᠡᠭᠲᠡᠢ᠃ ᠡᠭᠦᠨ ᠤ ᠵᠡᠷᠭᠡᠴᠡᠭᠡᠪᠡᠷ᠂ ᠠᠮᠠ ᠪᠠᠷ ᠠᠮᠠᠯᠠᠬᠤ᠂ ᠪᠣᠯᠵᠣᠨ ᠲᠣᠭᠲᠠᠬᠤ ᠶᠢ ᠠᠮᠠᠷᠬᠠᠨ ᠢᠲᠡᠭᠡᠵᠦ ᠪᠣᠯᠬᠤ ᠦᠭᠡᠢ᠂ ᠵᠠᠰᠠᠯ ᠴᠢᠮᠡᠭᠯᠡᠯ ᠤᠨ ᠵᠣᠭᠤᠰ ᠢ ᠪᠠᠷᠢᠯᠭ᠎ᠠ ᠶᠢᠨ ᠠᠬᠢᠴᠠ ᠪᠠᠷ ᠬᠤᠭᠤᠴᠠᠭ᠎ᠠ ᠬᠤᠪᠢᠶᠠᠨ ᠥᠭᠬᠦ ᠠᠭᠤᠯᠭ᠎ᠠ ᠶᠢ ᠭᠡᠷ᠎ᠡ ᠳᠤ ᠴᠦ ᠨᠢᠭᠡᠳ ᠨᠢᠭᠡ ᠪᠠᠷ ᠲᠣᠳᠣᠷᠬᠠᠶᠢᠯᠠᠵᠤ᠂ ᠨᠠᠷᠢᠯᠢᠭᠵᠢᠭᠤᠯᠬᠤ ᠬᠡᠷᠡᠭᠲᠡᠢ ᠭᠡᠵᠡᠢ᠃      ᠵᠠᠰᠠᠯ ᠴᠢᠮᠡᠭᠯᠡᠯ ᠤᠨ ᠭᠡᠷ᠎ᠡ ᠲᠣᠭᠲᠠᠭᠠᠬᠤ ᠦᠶ᠎ᠡ ᠳᠤ᠂ ᠬᠡᠷᠡᠭᠯᠡᠭᠴᠢᠳ ᠭᠡᠷ᠎ᠡ ᠶᠢᠨ ᠠᠭᠤᠯᠭ᠎ᠠ ᠪᠠ ᠬᠠᠷᠢᠭᠤᠴᠠᠯᠭ᠎ᠠ  ᠶᠢᠨ ᠬᠤᠪᠢᠶᠠᠷᠢᠯᠠᠯ ᠢ ᠲᠣᠳᠣᠷᠬᠠᠢ ᠪᠣᠯᠭᠠᠬᠤ ᠬᠡᠷᠡᠭᠲᠡᠢ᠃ ︽ᠵᠠᠰᠠᠯ ᠴᠢᠮᠡᠭᠯᠡᠯ ᠤᠨ ᠺᠣᠮᠫᠠᠨᠢ ᠶᠢᠨ ᠪᠣᠯᠵᠤᠭ᠎ᠠ ᠶᠢ ᠵᠥᠷᠢᠴᠡᠭᠰᠡᠨ ᠠᠴᠠ ᠪᠣᠯᠵᠤ ᠬᠡᠷᠡᠭᠯᠡᠭᠴᠢᠳ ᠤᠨ ᠡᠷᠬᠡ ᠠᠰᠢᠭ ᠲᠤ ᠤᠴᠠᠷᠠᠭᠤᠯᠤᠭᠰᠠᠨ ᠬᠤᠬᠢᠷᠠᠯ ᠠᠴᠠ ᠵᠠᠶᠢᠯᠠᠰᠬᠢᠵᠦ᠂ ᠲᠡᠭᠦᠨ ᠢ ᠪᠠᠭᠠᠰᠬᠠᠬᠤ ᠶᠢᠨ ᠲᠥᠯᠥᠭᠡ᠂ ᠬᠡᠷᠡᠭᠯᠡᠭᠴᠢᠳ ᠭᠡᠷ᠎ᠡ ᠲᠣᠭᠲᠠᠭᠠᠬᠤ ᠳᠠᠭᠠᠨ ᠪᠠᠷᠢᠯᠭ᠎ᠠ ᠶᠢᠨ ᠬᠤᠭᠤᠴᠠᠭ᠎ᠠ ᠠᠴᠠ ᠬᠡᠲᠦᠷᠡᠭᠰᠡᠨ᠂ ᠵᠠᠰᠠᠯ ᠴᠢᠮᠡᠭᠯᠡᠯ ᠤᠨ ᠮᠠᠲ᠋ᠧᠷᠢᠶᠠᠯ ᠤᠨ ᠮᠠᠭᠤ ᠪᠠᠷ ᠰᠠᠶᠢᠨ ᠢ ᠣᠷᠣᠯᠠᠭᠤᠯᠤᠭᠰᠠᠨ᠂ ᠪᠠᠷᠢᠯᠭ᠎ᠠ ᠶᠢᠨ ᠶᠠᠰᠤ ᠴᠢᠨᠠᠷ ᠨᠢ ᠪᠣᠯᠵᠤᠭ᠎ᠠ ᠳᠤ ᠨᠡᠶᠢᠴᠡᠬᠦ ᠦᠭᠡᠢ ᠵᠡᠷᠭᠡ ᠦᠷᠭᠦᠯᠵᠢ ᠲᠣᠬᠢᠶᠠᠯᠳᠤᠳᠠᠭ ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠶᠢᠨ ᠵᠦᠢᠯ ᠵᠤᠷᠪᠤᠰ ᠢ ᠲᠣᠳᠣᠷᠬᠠᠶᠢᠯᠠᠬᠤ ᠶᠢᠨ ᠬᠠᠮᠲᠤ ᠪᠣᠯᠵᠤᠭ᠎ᠠ ᠶᠢ ᠵᠥᠷᠢᠴᠡᠭᠰᠡᠨ ᠮᠥᠩᠭᠦ ᠶᠢᠨ ᠲᠥᠯᠥᠬᠦ ᠬᠠᠷᠢᠴᠠᠯ᠂ ᠲᠥᠯᠥᠬᠦ ᠵᠣᠭᠤᠰ ᠤᠨ ᠲᠤᠭ᠎ᠠ᠂ ᠲᠥᠯᠥᠬᠦ ᠬᠤᠭᠤᠴᠠᠭ᠎ᠠ᠂ ᠲᠥᠯᠥᠬᠦ ᠠᠷᠭ᠎ᠠ ᠮᠠᠶ᠋ᠢᠭ ᠵᠡᠷᠭᠡ ᠵᠦᠢᠯ ᠵᠤᠷᠪᠤᠰ ᠢ ᠴᠤ ᠪᠣᠯᠵᠣᠨ ᠲᠣᠭᠲᠠᠭᠠᠬᠤ ᠬᠡᠷᠡᠭᠲᠡᠢ᠃ ᠪᠠᠷᠢᠯᠭ᠎ᠠ ᠪᠠᠷᠢᠬᠤ ᠶᠠᠪᠤᠴᠠ ᠳᠤ ᠵᠠᠰᠠᠯ ᠴᠢᠮᠡᠭᠯᠡᠯ ᠤᠨ ᠵᠦᠢᠯᠡᠰ ᠲᠤ ᠬᠤᠪᠢᠷᠠᠯᠲᠠ ᠭᠠᠷᠤᠭᠰᠠᠨ ᠪᠠᠶᠢᠪᠠᠯ᠂ ᠨᠥᠬᠦᠪᠦᠷᠢ ᠬᠡᠯᠡᠯᠴᠡᠭᠡᠷ ᠲᠣᠭᠲᠠᠭᠠᠵᠤ᠂ ᠬᠤᠶᠠᠷ ᠲᠠᠯ᠎ᠠ  ᠪᠠᠷ ᠢᠶᠠᠨ ᠨᠤᠲᠠᠯᠠᠭᠰᠠᠨ ᠤ ᠲᠠᠷᠠᠭ᠎ᠠ ᠭᠠᠷ ᠤᠨ ᠦᠰᠦᠭ ᠵᠢᠷᠤᠬᠤ ᠬᠡᠷᠡᠭᠲᠡᠢ︾᠃ ᠶᠠᠩ ᠴᠢᠨ ᠹᠠ ᠢᠯᠡᠷᠬᠡᠶᠢᠯᠡᠭ᠊ ᠳᠡᠭᠡᠨ᠂ ᠭᠡᠷ᠎ᠡ ᠲᠣᠭᠲᠠᠭᠠᠬᠤ ᠳᠠᠭᠠᠨ ᠠᠯᠢ ᠴᠢᠳᠠᠬᠤ ᠪᠠᠷ ᠭᠡᠷ᠎ᠡ ᠶᠢᠨ ᠠᠭᠤᠯᠭ᠎ᠠ ᠶᠢ ᠲᠣᠳᠣᠷᠬᠠᠢ ᠪᠥᠭᠡᠳ ᠨᠠᠷᠢᠨ ᠲᠣᠳᠣᠷᠬᠠᠢ ᠪᠠᠶᠢᠯᠭᠠᠬᠤ ᠬᠡᠷᠡᠭᠲᠡᠢ᠃ ᠪᠣᠯᠵᠣᠭᠠᠨ ᠤ ᠮᠥᠩᠭᠦ ᠲᠤᠰᠢᠶᠠᠵᠤ ᠭᠠᠷ ᠤᠨ ᠥᠰᠥᠭ ᠵᠢᠷᠤᠵᠦ ᠨᠤᠲᠠᠯᠠᠬᠤ ᠠᠴᠠ ᠡᠮᠦᠨ᠎ᠡ᠂ ᠬᠤᠶᠠᠷ ᠲᠠᠯ᠎ᠠ ᠪᠠᠷ ᠢᠶᠠᠨ ᠥᠰᠥᠭ ᠪᠢᠴᠢᠭ ᠤᠨ ᠬᠡᠯᠪᠡᠷᠢ ᠪᠠᠷ ᠪᠦᠲᠦᠭᠡᠭᠳᠡᠬᠦᠨ ᠤ ᠬᠡᠯᠪᠡᠷᠢ ᠮᠠᠶ᠋ᠢᠭ ᠬᠡᠪ ᠪᠠᠷᠢᠮᠵᠢᠶ᠎ᠠ᠂ ᠥᠩᠭᠡ ᠪᠤᠳᠤᠭ᠂ ᠨᠠᠷᠠᠲᠤ ᠲᠡᠮᠳᠡᠭ᠂ ᠪᠦᠬᠦᠯᠢ ᠴᠣᠭᠴᠠ ᠶᠢᠨ ᠪᠡᠶᠡᠯᠡᠭᠦᠯᠦᠭᠰᠡᠨ ᠦᠷ᠎ᠡ ᠪᠦᠲᠦᠮᠵᠢ᠂ ᠪᠥᠬᠦ ᠵᠣᠭᠤᠰ ᠢᠶᠠᠷ ᠲᠥᠯᠥᠬᠦ ᠪᠤᠶᠤ ᠰᠡᠭᠦᠯ ᠤᠨ ᠵᠣᠭᠤᠰ ᠢᠶᠠᠷ ᠲᠥᠯᠥᠬᠦ ᠴᠠᠭ᠂ ᠲᠤᠰᠢᠶᠠᠬᠤ ᠴᠠᠭ ᠵᠢᠴᠢ ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠶᠢ ᠲᠣᠭᠲᠠᠭᠠᠬᠤ ᠬᠡᠷᠡᠭᠲᠡᠢ᠂ ᠬᠤᠳᠠᠯᠳᠤᠭᠠᠴᠢᠨ ᠤ ᠠᠳᠠᠯᠢ ᠪᠤᠰᠤ ᠪᠣᠯᠵᠤᠭ᠎ᠠ ᠶᠢᠨ ᠬᠠᠭᠤᠳᠠᠰᠤᠨ ᠳᠡᠭᠡᠷ᠎ᠡ ᠭᠠᠷ ᠤᠨ ᠥᠰᠥᠭ ᠵᠢᠷᠤᠵᠤ ᠪᠣᠯᠬᠤ ᠦᠭᠡᠢ᠃ ᠨᠥᠬᠦᠴᠡᠯ ᠲᠠᠢ ᠪᠣᠯ ᠬᠠᠮᠤᠭ ᠰᠠᠶᠢᠨ ᠨᠢ ᠵᠢᠷᠤᠭ ᠤᠨ ᠬᠡᠯᠪᠡᠷᠢ ᠪᠠᠷ ᠨᠤᠲᠠᠯᠠᠨ ᠲᠣᠭᠲᠠᠭᠠᠨ᠎ᠠ᠂ ᠢᠯᠠᠩᠭᠤᠶ᠎ᠠ ᠬᠤᠳᠠᠯᠳᠤᠭᠠᠴᠢᠨ ᠤ ᠬᠠᠩᠭᠠᠭᠰᠠᠨ ᠦᠯᠢᠭᠡᠷ ᠡᠳ᠋ ᠤᠨ ᠥᠩᠭᠡ ᠳᠤ ᠭᠡᠷᠡᠯ ᠵᠢᠷᠤᠭ᠂ ᠥᠩᠭᠡ ᠶᠢᠨ ᠲᠡᠮᠳᠡᠭ ᠢ ᠰᠠᠶᠢᠲᠤᠷ ᠬᠠᠳᠠᠭᠠᠯᠠᠬᠤ ᠪᠠ ᠦᠢᠯᠡᠳᠦᠭᠰᠡᠨ ᠦᠷ᠎ᠡ ᠳ᠋ᠦᠩ ᠢ ᠨᠢ ᠪᠠᠶᠢᠴᠠᠭᠠᠨ ᠦᠵᠡᠬᠦ ᠬᠡᠷᠡᠭᠲᠡᠢ᠃      ᠬᠥ᠋ ᠲᠤᠤ ᠰᠠᠨᠠᠭᠤᠯᠤᠭᠰᠠᠨ ᠨᠢ᠂ ᠵᠠᠰᠠᠯ ᠴᠢᠮᠡᠭᠯᠡᠯ ᠤᠨ ᠶᠠᠪᠤᠴᠠ ᠳᠤ ᠬᠡᠷᠡᠭᠯᠡᠭᠴᠢᠳ ᠵᠠᠰᠠᠯ ᠴᠢᠮᠡᠭᠯᠡᠯ ᠤᠨ ᠮᠠᠲ᠋ᠧᠷᠢᠶᠠᠯ ᠨᠢ ᠭᠡᠷ᠎ᠡ ᠳᠤ ᠪᠣᠯᠵᠣᠨ ᠲᠣᠭᠲᠠᠭᠰᠠᠨ ᠦᠢᠯᠡᠳᠬᠦᠨ ᠤ ᠨᠡᠷᠡᠲᠦ ᠲᠡᠮᠳᠡᠭ᠂ ᠬᠡᠯᠪᠡᠷᠢ ᠮᠠᠶ᠋ᠢᠭ ᠲᠠᠢ ᠨᠡᠶᠢᠴᠡᠵᠦ ᠪᠠᠶᠢᠬᠤ ᠡᠰᠡᠬᠦ ᠶᠢ  ᠪᠠᠶᠢᠴᠠᠭᠠᠬᠤ ᠶᠢ ᠪᠠᠭᠲᠠᠭᠠᠭᠰᠠᠨ ᠵᠠᠰᠠᠯ ᠴᠢᠮᠡᠭᠯᠡᠯ ᠤᠨ ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠬᠤ ᠶᠢ ᠠᠩᠬᠠᠷᠴᠤ᠂ ᠵᠠᠰᠠᠯ ᠴᠢᠮᠡᠭᠯᠡᠯ ᠤᠨ ᠨᠢᠭᠡᠴᠢ ᠶᠢᠨ ᠨᠢᠷᠤᠭᠤ ᠶᠢ ᠨᠢ ᠬᠤᠯᠠᠭᠤᠨ ᠲᠤᠯᠭᠠᠭᠤᠷᠢ ᠶᠢ ᠨᠢ ᠰᠣᠯᠢᠬᠤ ᠶᠢ ᠰᠡᠷᠭᠡᠶᠢᠯᠡᠬᠦ ᠬᠡᠷᠡᠭᠲᠡᠢ᠃ ᠠᠰᠠᠭᠤᠳᠠᠯ ᠢ ᠣᠯᠵᠤ ᠮᠡᠳᠡᠪᠡᠯ ᠲᠡᠷᠡ ᠳᠠᠷᠤᠢ ᠳᠤᠨᠢ ᠰᠡᠭᠦᠳᠡᠷᠯᠡᠵᠦ᠂ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠤᠨ᠂ ᠵᠠᠰᠠᠵᠤ ᠴᠢᠮᠡᠭᠯᠡᠬᠦ ᠨᠢᠭᠡᠴᠢ ᠲᠠᠢ ᠴᠠᠭ ᠲᠤᠬᠠᠢ ᠳᠤᠨᠢ ᠵᠥᠪᠳᠡᠯᠴᠡᠨ ᠰᠢᠢᠳᠪᠦᠷᠢᠯᠡᠬᠦ ᠶᠢᠨ ᠬᠠᠮᠲᠤ ᠭᠡᠷ᠎ᠡ᠂ ᠫᠢᠶᠣᠣ ᠪᠠᠷᠢᠮᠲᠠ᠂ ᠭᠡᠷᠡᠯ ᠵᠢᠷᠤᠭ᠂ ᠸᠢᠳᠢᠤ᠋ ᠵᠡᠷᠭᠡ ᠭᠡᠷᠡᠴᠢ ᠪᠠᠷᠢᠮᠲᠠ ᠶᠢ ᠬᠠᠳᠠᠭᠠᠯᠠᠬᠤ ᠶᠢ ᠠᠩᠬᠠᠷᠴᠤ᠂ ᠴᠢᠬᠤᠯᠠᠲᠠᠢ ᠦᠶ᠎ᠡ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠬᠠᠬᠤ ᠪᠤᠶᠤ ᠰᠢᠭᠦᠬᠦ ᠬᠤᠷᠢᠶᠠᠨ ᠳᠤ ᠵᠠᠭᠠᠯᠳᠤᠵᠤ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠰᠠᠶᠢᠲᠤᠷ  ᠬᠠᠮᠠᠭᠠᠯᠠᠵᠤ ᠪᠣᠯᠣᠨ᠎ᠠ᠃ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1