ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ | ᠳᠡᠯᠭᠡᠭᠦᠷ ᠲᠦᠷᠭᠡᠨ ᠢᠶᠠᠷ ᠬᠥᠭᠵᠢᠵᠦ᠂ ᠠᠷᠠᠳ ᠣᠯᠠᠨ ᠤ ᠶᠠᠪᠤᠵᠤ ᠰᠠᠭᠤᠬᠤ ᠴᠠᠬᠢᠯᠭᠠᠨ ᠴᠡᠨᠡᠭᠯᠡᠬᠦ ᠬᠡᠷᠡᠭᠴᠡᠭᠡ | ᠶᠡᠭᠡ ᠪᠠᠷ ᠨᠡᠮᠡᠭᠳᠡᠵᠦ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠨᠠᠩ | ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠨᠡ ᠵᠢᠯ ᠤᠨ 4 ᠳ᠋ᠤᠭᠡᠷ ᠰᠠᠷ᠎ᠠ ᠶᠢᠨ ᠰᠡᠭᠦᠯᠴᠢ ᠪᠠᠷ | ᠬᠤᠷᠠᠯᠳᠤᠭᠰᠠᠨ ᠳᠣᠮᠳᠠᠳᠪ᠊ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠤᠯᠤᠰ ᠳᠣᠶᠢᠷᠪ᠊ ᠶᠢᠨ | ᠲᠣᠪᠴᠢᠶᠠᠨ ᠤ ᠬᠤᠷᠠᠯᠳᠤᠭᠠᠨ ᠠᠴᠠ᠄ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠳᠠᠪᠠᠭᠤᠯᠢᠭ | ᠢ ᠪᠠᠬᠢᠵᠢᠭᠦᠯᠦᠨ ᠥᠷᠭᠡᠳᠬᠡᠵᠦ᠂ ᠴᠠᠬᠢᠯᠭᠠᠨ ᠴᠡᠨᠡᠭᠯᠡᠬᠦ ᠪᠠᠭᠠᠨ᠎ᠠ᠂ ᠡᠨᠧᠷᠭᠢ ᠬᠠᠳᠠᠭᠠᠯᠠᠬᠤ ᠵᠡᠷᠭᠡ ᠲᠥᠬᠦᠭᠡᠷᠦᠮᠵᠢ | ᠶᠢᠨ ᠪᠦᠲᠦᠭᠡᠨ ᠪᠠᠶᠢᠭᠤᠯᠤᠯᠲᠠ ᠪᠣᠯᠣᠨ ᠢᠵᠢ ᠪᠦᠷᠢᠳᠦᠭᠦᠯᠬᠦ ᠴᠠᠬᠢᠯᠭᠠᠨ ᠲᠣᠣᠷ ᠤᠨ ᠥᠭᠡᠷᠡᠴᠢᠯᠡᠯᠲᠡ ᠶᠢ | ᠲᠦᠷᠭᠡᠪᠴᠢᠯᠡᠨ ᠲᠦᠯᠬᠢᠨ ᠠᠬᠢᠭᠤᠯᠤᠨ᠎ᠠ ᠭᠡᠵᠦ ᠲᠤᠷᠠᠳᠤᠨ ᠭᠠᠷᠭᠠᠵᠠᠢ᠃ ᠲᠦᠷᠦᠭᠦᠬᠡᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠢ | ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ᠂ ᠵᠣᠬᠢᠰᠲᠠᠢ ᠪᠠᠷ ᠤᠷᠢᠳᠴᠢᠯᠠᠭᠤᠯᠬᠤ᠂ | ᠰᠢᠨ᠎ᠡ ᠶᠢ ᠡᠭᠦᠳᠦᠨ ᠠᠭᠤᠰᠤᠯᠴᠠᠭᠤᠯᠬᠤ᠂ ᠠᠮᠤᠷ ᠲᠦᠪᠰᠢᠨ ᠪᠥᠭᠡᠳ ᠳᠥᠭᠦᠮ ᠳᠥᠲᠡ ᠪᠠᠶᠢᠬᠤ ᠦᠨᠳᠦᠰᠦᠨ | ᠵᠠᠷᠴᠢᠮ ᠶᠣᠰᠣᠭᠠᠷ᠂ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠤᠯᠠᠮ | ᠨᠢᠭᠡ ᠠᠯᠬᠤᠮ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ ᠴᠠᠬᠢᠯᠭᠠᠨ | ᠴᠡᠨᠡᠭᠯᠡᠵᠦ ᠴᠡᠨᠡᠭᠯᠡᠭᠦᠷ ᠰᠣᠯᠢᠬᠤ ᠦᠢᠯᠡᠴᠢᠯᠡᠭᠡ ᠬᠠᠩᠭᠠᠵᠤ᠂ ᠴᠢᠬᠤᠯᠠ ᠵᠠᠮ ᠬᠠᠷᠢᠯᠴᠠᠭᠠᠨ ᠤ ᠡᠨᠧᠷᠭᠢ ᠶᠢᠨ | ᠠᠭᠤᠰᠤᠯᠴᠠᠯ ᠤᠨ ᠲᠥᠷᠥᠯ ᠤᠨ ᠰᠠᠭᠤᠷᠢ ᠲᠥᠬᠦᠭᠡᠷᠦᠮᠵᠢ ᠪᠣᠯᠣᠨ᠎ᠠ᠃ ᠣᠳᠣᠬᠠᠨ ᠳᠤ᠂ ᠮᠠᠨ ᠤ ᠤᠯᠤᠰ ᠨᠢᠭᠡᠨᠲᠡ | ᠳᠡᠯᠡᠬᠡᠢ ᠳᠡᠭᠡᠷᠡᠬᠢ ᠲᠤᠭ᠎ᠠ ᠬᠡᠮᠵᠢᠶ᠎ᠡ ᠪᠠᠷ ᠬᠠᠮᠤᠭ ᠤᠨ ᠣᠯᠠᠨ᠂ ᠦᠢᠯᠡᠴᠢᠯᠡᠭᠡᠨ ᠤ ᠬᠡᠪᠴᠢᠶ᠎ᠡ ᠪᠠᠷ ᠬᠠᠮᠤᠭ ᠤᠨ ᠶᠡᠭᠡ | ᠂ ᠲᠥᠷᠥᠯ ᠵᠦᠢᠯ ᠢᠶᠠᠷ ᠬᠠᠮᠤᠭ ᠤᠨ ᠪᠦᠷᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ | ᠪᠠᠶᠢᠭᠤᠯᠤᠭᠰᠠᠨ ᠪᠠᠶᠢᠨ᠎ᠠ᠃ ᠭᠡᠪᠡᠴᠦ ᠡᠭᠦᠨ ᠤ ᠵᠡᠷᠭᠡ ᠳᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠳᠤ | ᠮᠥᠨ ᠬᠦ ᠪᠠᠶᠢᠷᠢᠰᠢᠭᠤᠯᠤᠯᠲᠠ ᠲᠡᠭᠦᠯᠳᠡᠷ ᠪᠤᠰᠤ᠂ ᠪᠦᠲᠦᠴᠡ ᠨᠢ ᠵᠦᠢ ᠵᠣᠬᠢᠰ ᠦᠭᠡᠢ᠂ ᠦᠢᠯᠡᠴᠢᠯᠡᠭᠡ ᠨᠢ | ᠲᠡᠩᠴᠡᠭᠦᠷᠢ ᠦᠭᠡᠢ᠂ ᠡᠵᠡᠩᠨᠡᠯᠲᠡ ᠨᠢ ᠵᠢᠷᠤᠮᠵᠢᠭᠤᠨ ᠪᠤᠰᠤ ᠵᠡᠷᠭᠡ ᠠᠰᠠᠭᠤᠳᠠᠯ ᠣᠷᠣᠰᠢᠵᠤ᠂ ︽ᠳᠡᠭᠡᠳᠦ | ᠬᠤᠷᠳᠤᠴᠠᠲᠤ ᠦᠢᠯᠡᠴᠢᠯᠡᠭᠡᠨ ᠤ ᠲᠣᠭᠤᠷᠢᠭ ᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠴᠠᠬᠢᠯᠭᠠᠨ | ᠴᠡᠨᠡᠭᠯᠡᠬᠦ ᠣᠷᠳᠣ ᠡᠩᠨᠡᠭᠡ︾ ︽ᠵᠢᠵᠢᠭ ᠲᠣᠭᠤᠷᠢᠭ ᠤᠨ ᠬᠤᠪᠢ ᠬᠥᠮᠥᠨ ᠤ ᠴᠠᠬᠢᠯᠭᠠᠨ ᠴᠡᠨᠡᠭᠯᠡᠬᠦ ᠱᠤᠩ | ᠤᠭᠰᠠᠷᠠᠬᠤ ᠳᠤ ᠬᠦᠴᠢᠷ︾ ︽ᠴᠠᠬᠢᠯᠭᠠᠨ ᠴᠡᠨᠡᠭᠯᠡᠬᠦ ᠱᠤᠩ ᠡᠷᠢᠬᠦ ᠳᠤ ᠪᠡᠷᠬᠡ ᠬᠡᠮᠳᠦᠯ ᠤᠨ ᠨᠣᠷᠮ᠎ᠠ ᠪᠠᠷ ᠥᠨᠳᠥᠷ︾ | ᠵᠡᠷᠭᠡ ᠠᠰᠠᠭᠤᠳᠠᠯ ᠨᠢ ᠬᠥᠮᠥᠰ ᠲᠤ ᠲᠦᠪᠡᠭ ᠤᠴᠠᠷᠠᠭᠤᠯᠵᠤ ᠪᠠᠶᠢᠨ᠎ᠠ᠃ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠨᠢ ᠠᠷᠠᠳ ᠤᠯᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ | ᠬᠤᠳᠠᠯᠳᠤᠨ ᠠᠪᠬᠤ ᠪᠠ ᠬᠡᠷᠡᠭᠯᠡᠬᠦ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠳᠤ ᠲᠤᠰᠠᠲᠠᠢ︔ ᠠᠯᠤᠰ ᠬᠡᠲᠦ ᠠᠴᠠ ᠠᠪᠴᠤ | ᠦᠵᠡᠪᠡᠯ ᠪᠠᠰᠠ ᠵᠠᠮ ᠲᠡᠭᠡᠭᠡᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠣᠷᠭᠢᠯ ᠳᠤ ᠬᠦᠷᠬᠦ | ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠭᠤᠯᠬᠤ ᠪᠠ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠰᠢᠭᠲᠠᠢ | ᠶᠤᠮ᠃ | ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠳᠤ᠂ ᠡᠩ | ᠲᠡᠷᠢᠭᠦᠨ ᠳᠤ ᠲᠤᠤᠷ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠳᠠᠯᠢ ᠪᠤᠰᠤ ᠬᠦᠷᠢᠶ᠎ᠡ᠂ | ᠠᠳᠠᠯᠢ ᠪᠤᠰᠤ ᠲᠠᠯᠠᠪᠤᠷ ᠤᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠳᠤ ᠪᠤᠢ᠃ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠳᠤᠮᠳᠠ ᠬᠤᠯᠠ ᠵᠠᠮ ᠤᠨ ᠠᠶᠠᠯᠠᠯ ᠤᠨ ᠬᠡᠷᠡᠭᠴᠡᠭᠡ ᠶᠢ ᠪᠦᠲᠦᠮᠵᠢᠲᠡᠶ ᠬᠠᠩᠭᠠᠬᠤ | ᠬᠤᠲᠠ ᠶᠢᠨ ᠬᠤᠭᠤᠷᠣᠨᠳᠣᠬᠢ ᠴᠠᠬᠢᠯᠭᠠᠨ ᠴᠡᠨᠡᠭᠯᠡᠬᠦ ᠲᠣᠣᠷ ᠢ ᠪᠠᠶᠢᠭᠤᠯᠬᠤ ᠬᠡᠷᠡᠭᠲᠡᠢ᠃ ᠢᠯᠠᠩᠭᠤᠶ᠎ᠠ ᠳᠡᠭᠡᠳᠦ | ᠬᠤᠷᠳᠤᠴᠠᠳᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠶᠡᠭᠡ ᠬᠦᠴᠦᠳᠦᠯᠳᠦ ᠴᠠᠬᠢᠯᠭᠠᠨ ᠴᠡᠨᠡᠭᠯᠡᠬᠦ | ᠮᠡᠷᠭᠡᠵᠢᠯ ᠢ ᠬᠡᠷᠡᠭᠯᠡᠭᠰᠡᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ | ᠬᠥᠳᠡᠭᠡ ᠲᠣᠰᠬᠤᠨ ᠤ ᠭᠠᠵᠠᠷ ᠣᠷᠣᠨ ᠳᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠰᠢᠨ᠎ᠡ | ᠡᠨᠧᠷᠭᠢ ᠮᠠᠰᠢᠨ ᠲᠡᠷᠭᠡ ᠶᠢ ᠬᠡᠷᠡᠭᠯᠡᠬᠦ ᠳᠤ ᠲᠣᠬᠢᠷᠠᠮᠵᠢᠲᠠᠢ ᠣᠷᠣᠨ ᠪᠦᠰᠡ ᠳᠤ ᠪᠦᠲᠦᠮᠵᠢᠲᠡᠶ ᠪᠦᠷᠬᠦᠭᠦᠯᠬᠦ ᠶᠢ ᠦᠨᠡᠨ | ᠬᠦ ᠪᠠᠲᠤᠯᠠᠬᠤ ᠬᠡᠷᠡᠭᠲᠡᠢ᠃ ᠬᠡᠰᠡᠭ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ | ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠷᠠᠳᠢᠦ᠋ᠰ ᠨᠢ ᠲᠣᠰᠣ ᠨᠡᠮᠡᠬᠦ ᠥᠷᠲᠡᠭᠡ ᠲᠠᠢ | ᠠᠳᠠᠯᠢᠪᠲᠤᠷ ᠪᠣᠯᠤᠭᠰᠠᠨ ᠪᠣᠯᠪᠠᠴᠤ ᠬᠤᠲᠠ ᠶᠢᠨ ᠡᠷᠬᠢᠨ ᠲᠣᠭᠤᠷᠢᠨ᠂ ᠬᠦᠷᠢᠶᠡᠯᠡᠯ ᠲᠠᠢ ᠴᠡᠴᠡᠷᠯᠢᠭ ᠤᠨ | ᠦᠵᠡᠮᠵᠢ ᠶᠢᠨ ᠣᠷᠣᠨ ᠵᠡᠷᠭᠡ ᠳᠤ ᠮᠥᠨ ᠬᠦ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ | ᠴᠢᠬᠤᠯᠠᠲᠠᠢ ᠪᠠᠶᠢᠨ᠎ᠠ᠃ ᠬᠤᠳᠠ ᠶᠢᠨ ᠭᠠᠳᠠᠷᠭᠤ᠂ ᠵᠠᠰᠠᠮᠠᠯ ᠵᠠᠮ᠂ ᠬᠥᠳᠡᠭᠡ ᠲᠣᠰᠬᠤᠨ ᠤ ᠴᠡᠭ ᠤᠨ | ᠪᠠᠶᠢᠷᠢᠰᠢᠭᠤᠯᠤᠯᠲᠠ ᠶᠢᠨ ᠴᠠᠬᠢᠯᠭᠠᠨ ᠴᠡᠨᠡᠭᠯᠡᠬᠦ ᠲᠣᠣᠷ ᠢ ᠪᠠᠶᠢᠭᠤᠯᠪᠠᠯ ᠰᠠᠢᠢ ᠴᠠᠬᠢᠯᠭᠠᠨ ᠴᠡᠨᠡᠭᠯᠡᠬᠦ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ | ᠬᠦᠴᠦᠲᠡᠢ ᠲᠤᠯᠭᠠᠭᠤᠷᠢᠯᠠᠬᠤ ᠶᠢ ᠪᠠᠲᠤᠯᠠᠵᠤ᠂ ᠠᠷᠠᠳ ᠤᠯᠠᠨ ᠤ ᠶᠠᠪᠤᠵᠤ ᠰᠠᠭᠤᠬᠤ ᠴᠠᠬᠢᠯᠭᠠᠨ ᠴᠡᠨᠡᠭᠯᠡᠬᠦ | ᠬᠡᠷᠡᠭᠴᠡᠭᠡ ᠶᠢ ᠪᠦᠲᠦᠮᠵᠢᠲᠡᠢ ᠬᠠᠩᠭᠠᠵᠤ ᠴᠢᠳᠠᠨ᠎ᠠ᠃ | ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ︽ᠪᠠᠶᠢᠬᠤ ᠡᠰᠡᠬᠦ︾ | ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ︽ᠰᠠᠶᠢᠨ ᠡᠰᠡᠬᠦ︾ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ᠃ ᠴᠥᠭᠡᠨ ᠪᠤᠰᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠴᠢ ᠴᠥᠮ ᠴᠠᠬᠢᠯᠭᠠᠨ ᠴᠡᠨᠡᠭᠯᠡᠬᠦ | ᠪᠠᠶᠢᠷᠢ ᠡᠵᠡᠯᠡᠭᠳᠡᠬᠦ᠂ ᠳᠡᠭᠡᠳᠦ ᠬᠤᠷᠳᠤᠴᠠᠲᠤ ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠨᠢ ᠤᠳᠠᠭᠠᠨ | ᠂ ᠴᠠᠬᠢᠯᠭᠠᠨ ᠴᠡᠨᠡᠭᠯᠡᠬᠦ ᠱᠣᠩ ᠳᠤ ᠮᠡᠷᠭᠡᠵᠢᠯ ᠤᠨ ᠰᠠᠭᠠᠳ ᠭᠠᠷᠬᠤ᠂ ᠡᠵᠡᠩᠨᠡᠯᠲᠡ ᠶᠢᠨ ᠬᠤᠳᠠᠯᠳᠤᠭᠠᠴᠢᠨ ᠤ | APP ᠶᠢᠨ ᠠᠵᠢᠯᠯᠠᠭ᠎ᠠ ᠶᠠᠷᠰᠢᠭ ᠲᠦᠪᠡᠭᠲᠡᠢ ᠪᠠᠶᠢᠳᠠᠭ᠃ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠠᠵᠤ | ᠠᠬᠤᠢ ᠶᠢᠨ ᠴᠢᠨᠠᠷ ᠪᠠ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ | ᠶᠠᠩᠵᠤᠴᠢᠯᠠᠭᠰᠠᠨ ᠪᠦᠲᠦᠮᠵᠢᠲᠡᠢ ᠬᠠᠩᠭᠠᠯᠭ᠎ᠠ ᠶᠢ ᠥᠷᠭᠡᠳᠬᠡᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ | ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠢ ᠪᠠᠶᠢᠭᠤᠯᠬᠤ ᠶᠢᠨ ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ ᠲᠣᠰ ᠤᠳᠠᠭ᠎ᠠ ᠨᠡᠶᠢᠲᠡᠯᠡᠭᠰᠡᠨ | ᠵᠢᠯᠤᠭᠤᠳᠬᠤ ᠰᠠᠨᠠᠯ ᠳᠤ᠂ ᠮᠡᠳᠡᠭᠡ ᠵᠠᠩᠭᠢ ᠶᠢᠨ ᠰᠦᠯᠵᠢᠶᠡᠨ ᠤ ᠲᠠᠪᠴᠠᠩ ᠢ ᠪᠠᠶᠢᠭᠤᠯᠵᠤ᠂ ᠤᠯᠤᠰ ᠤᠨ ᠴᠠᠬᠢᠯᠭᠠᠨ | ᠴᠡᠨᠡᠭᠯᠡᠬᠦ ᠲᠥᠬᠦᠭᠡᠷᠦᠮᠵᠢ ᠶᠢᠨ ᠬᠢᠨᠠᠨ ᠬᠡᠮᠵᠢᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ ᠭᠡᠵᠦ ᠳᠤᠷᠠᠳᠤᠨ ᠭᠠᠷᠭᠠᠵᠠᠢ᠃ | ᠢᠷᠡᠭᠡᠳᠦᠢ ᠳᠤ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ︽ᠨᠢᠭᠡ | ᠰᠦᠯᠵᠢᠶ᠎ᠡ ᠪᠠᠷ ᠰᠢᠭᠤᠳ ᠨᠡᠪᠲᠡᠷᠡᠬᠦ︾᠂ ᠴᠠᠬᠢᠯᠭᠠᠨ ᠴᠡᠨᠡᠭᠯᠡᠬᠦ ᠱᠣᠩ ᠬᠢᠭᠡᠳ ᠰᠢᠨ᠎ᠡ ᠡᠨᠧᠷᠭᠢ ᠶᠢᠨ ᠮᠠᠰᠢᠨ ᠲᠡᠷᠭᠡ | ᠂ ᠬᠤᠲᠠ ᠪᠠ ᠵᠠᠰᠠᠮᠠᠯ ᠵᠠᠮ ᠤᠨ ᠠᠶᠠᠯᠠᠯ ᠤᠨ ᠦᠢᠯᠡᠴᠢᠯᠡᠭᠡᠨ ᠤ ᠰᠦᠯᠵᠢᠶ᠎ᠡ ᠵᠡᠷᠭᠡ ᠲᠤᠭ᠎ᠠ ᠪᠠᠷᠢᠮᠲᠠ ᠶᠢ | ᠬᠤᠯᠪᠣᠯᠳᠤᠭᠤᠯᠤᠨ ᠨᠡᠪᠲᠡᠷᠡᠯᠴᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠬᠡᠷᠡᠭᠯᠡᠯᠲᠡ ᠶᠢᠨ ᠪᠡᠶᠡᠴᠢ | ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ | ᠣᠳᠣᠬᠠᠨ ᠳᠤ᠂ ᠵᠧᠵᠢᠶᠠᠩ᠂ ᠭᠤᠸᠠᠩᠳᠦ᠋ᠩ ᠤᠨ ᠵᠠᠷᠢᠮ ᠬᠤᠲᠠ ᠰᠢᠶᠠᠨ ︽ᠲᠠᠪᠤᠨ ᠮᠢᠨᠦ᠋ᠲ ᠤᠨ ᠴᠠᠬᠢᠯᠭᠠᠨ | ᠴᠡᠨᠡᠭᠯᠡᠬᠦ ᠴᠠᠭᠠᠷᠢᠭ︾ ᠢ ᠪᠠᠶᠢᠭᠤᠯᠵᠤ᠂ ᠪᠣᠬᠢᠷᠲᠤᠯ ᠦᠭᠡᠢ ᠠᠶᠠᠯᠠᠯ ᠢ ᠬᠠᠮᠠᠭᠠᠯᠠᠵᠤ ᠪᠠᠶᠢᠨ᠎ᠠ᠃ ᠭᠡᠲᠡᠯ᠎ᠡ᠂ | ᠴᠠᠬᠢᠯᠭᠠᠨ ᠴᠡᠨᠡᠭᠯᠡᠬᠦ ᠲᠥᠬᠦᠭᠡᠷᠦᠮᠵᠢ ᠨᠢ ᠪᠡᠯᠡ ᠣᠷᠣᠭᠤᠯᠤᠨ ᠡᠵᠡᠩᠨᠡᠬᠦ ᠥᠪᠡᠷ ᠤᠨ ᠥᠷᠲᠡᠭ ᠢᠶᠠᠷ ᠥᠨᠳᠥᠷ᠂ | ᠠᠰᠢᠭ ᠣᠯᠬᠤ ᠴᠢᠳᠠᠪᠤᠷᠢ ᠪᠠᠷ ᠪᠠᠭᠤᠷᠠᠢ᠂ ᠬᠥᠷᠥᠩᠭᠡ ᠶᠢ ᠬᠤᠷᠢᠶᠠᠨ ᠠᠪᠴᠢᠷᠠᠬᠤ ᠦᠶᠡᠯᠡᠯ ᠤᠨ ᠬᠤᠭᠤᠴᠠᠭ᠎ᠠ | ᠣᠷᠳᠣ ᠵᠡᠷᠭᠡ ᠣᠨᠴᠠᠯᠢᠭ ᠲᠠᠢ ᠪᠠᠶᠢᠬᠤ ᠶᠢᠨ ᠳᠡᠭᠡᠷ᠎ᠡ ᠬᠡᠰᠡᠭ ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ | ᠬᠦᠴᠦᠨ ᠤ ᠥᠭᠡᠷᠡᠴᠢᠯᠡᠯᠲᠡ ᠶᠢᠨ ᠬᠦᠴᠢᠷᠳᠡᠯ ᠶᠡᠭᠡ ᠪᠠᠶᠢᠳᠠᠭ᠂ ᠡᠨᠡ ᠨᠢ ᠡᠵᠡᠩᠨᠡᠯᠲᠡ ᠶᠢᠨ ᠭᠤᠣᠯ ᠴᠣᠭᠴᠠ ᠳᠤ | ᠠᠪᠴᠤ ᠬᠡᠯᠡᠪᠡᠯ ᠪᠠᠭ᠎ᠠ ᠪᠤᠰᠤ ᠥᠷᠢᠰᠦᠯᠳᠦᠭᠡᠨ ᠪᠣᠯᠣᠨ᠎ᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠡᠷᠳᠡᠮ | ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠪᠡᠯ ᠰᠠᠶ᠋ᠢ | ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ︽ᠲᠦᠷᠭᠡᠨ ᠪᠠᠶᠢᠭᠤᠯᠵᠤ︾ ︽ᠰᠠᠶᠢᠨ | ᠪᠠᠶᠢᠭᠤᠯᠵᠤ︾ ᠴᠢᠳᠠᠨ᠎ᠠ᠃ | ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠭᠵᠢᠭᠦᠯᠬᠦ ᠪᠣᠯ ᠮᠠᠨ ᠤ ᠤᠯᠤᠰ ᠤᠨ ᠮᠠᠰᠢᠨ ᠲᠡᠷᠭᠡᠨ ᠤ ᠲᠣᠮᠣ | ᠤᠯᠤᠰ ᠠᠴᠠ ᠮᠠᠰᠢᠨ ᠲᠡᠷᠭᠡᠨ ᠤ ᠬᠦᠴᠦᠷᠬᠡᠭ ᠤᠯᠤᠰ ᠲᠡᠰᠢ ᠤᠷᠤᠭᠰᠢᠯᠠᠬᠤ ᠳᠤ ᠵᠠᠪᠠᠯ ᠶᠠᠪᠤᠬᠤ ᠵᠠᠮ ᠮᠥᠨ᠂ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠶᠢᠯᠳᠤᠬᠤ | ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠃ ᠢᠷᠡᠭᠡᠳᠦᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠭᠡᠨ ᠢᠶᠠᠷ | ᠨᠡᠮᠡᠭᠳᠡᠬᠦ ᠬᠠᠨᠳᠤᠰᠢ ᠶᠢ ᠪᠣᠳᠣᠯᠬᠢᠯᠠᠨ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠡᠵᠡᠩᠨᠡᠯᠲᠡ᠂ ᠬᠠᠮᠠᠭᠠᠯᠠᠯᠲᠠ ᠵᠡᠷᠭᠡ ᠭᠤᠭᠴᠤᠭ᠎ᠠ ᠠᠴᠠ ᠨᠢᠭᠡᠳᠦᠯᠲᠡᠢ ᠲᠥᠯᠥᠪᠵᠢᠭᠦᠯᠵᠦ᠂ | ᠰᠦᠯᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠨᠢ ᠵᠠᠮ | ᠲᠡᠭᠡᠭᠡᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ᠂ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠳᠤ ᠨᠡᠩ ᠶᠡᠭᠡ ᠠᠬᠢᠭᠤᠯᠬᠤ | ᠦᠢᠯᠡᠳᠦᠯ ᠦᠵᠡᠭᠦᠯᠬᠦ ᠪᠣᠯᠣᠨ᠎ᠠ᠃ | ᠢᠷᠡᠯᠲᠡ᠄ ᠠᠷᠠᠳ ᠤᠨ ᠡᠳᠦᠷ ᠤᠨ ᠰᠣᠨᠢᠨ | |