ᠲᠣᠭᠲᠠᠬᠤ ᠰᠢᠶᠠᠨ ᠤ ᠰᠢᠷᠠᠤᠰᠤ ᠲᠣᠰᠬᠤᠨ᠄ ︽ᠵᠢᠷᠭᠤᠭᠠᠨ ᠠᠷᠭ᠎ᠠ ᠬᠡᠮᠵᠢᠶ᠎ᠡ︾ ᠨᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠶᠢ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠵᠤ ᠦᠢᠯᠡ ᠠᠵᠢᠯᠯᠠᠭ᠎ᠠ ᠳᠤ ᠦᠷ᠎ᠡ ᠪᠦᠲᠦᠮᠵᠢ ᠭᠠᠷᠭᠠᠯᠭᠠᠨ᠎ᠠ
ᠨᠡᠶᠢᠲᠡᠯᠡᠭᠰᠡᠨ ᠴᠠᠭ᠄
2023/7/18
      ᠡᠨᠡ ᠵᠢᠯ ᠠᠴᠠ ᠨᠠᠰᠢ᠂ ᠲᠣᠭᠲᠠᠬᠤ ᠰᠢᠶᠠᠨ ᠤ ᠰᠢᠷᠠᠤᠰᠤ ᠲᠣᠰᠬᠤᠨ ᠤ ᠬᠢᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠠᠷᠠᠯᠲᠠ ᠲᠠᠢ ᠨᠢᠭᠲᠠ ᠤᠶᠠᠯᠳᠤᠭᠤᠯᠵᠤ᠂ ᠵᠢᠷᠭᠤᠭᠠᠨ ᠶᠡᠭᠡ ᠠᠵᠢᠯᠯᠠᠭ᠎ᠠ ᠶᠢ ᠨᠠᠷᠢᠨ ᠨᠢᠮᠪᠠᠢ ᠥᠷᠨᠢᠭᠦᠯᠵᠦ᠂ ︽ᠲᠠᠪᠤᠨ ᠪᠣᠳᠠᠲᠤ ᠶᠠᠪᠤᠳᠠᠯ ᠤᠨ ᠶᠣᠰᠣ ᠤᠴᠢᠷ︾ ᠢ ᠠᠮᠢᠳᠤᠯᠢᠭ ᠢᠶᠠᠷ ᠶᠠᠷᠢᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠢ ᠨᠢᠭᠲᠠᠷᠠᠭᠤᠯᠵᠠᠢ᠃      ︽ᠭᠤᠷᠪᠠᠨ ᠲᠥᠷᠥᠯ ᠤᠨ ᠬᠢᠴᠢᠶᠡᠯ ᠤᠨ ᠲᠠᠩᠬᠢᠮ︾ ᠢ ᠪᠠᠶᠢᠭᠤᠯᠵᠤ ᠤᠬᠠᠭᠤᠯᠤᠨ ᠲᠠᠶᠢᠯᠪᠤᠷᠢᠯᠠᠨ᠎ᠠ᠃ ︽ᠵᠢᠭᠰᠠᠭᠠᠯ ᠤᠨ ᠭᠠᠵᠠᠷ ᠤᠨ ᠬᠢᠴᠢᠶᠡᠯ ᠤᠨ ᠲᠠᠩᠬᠢᠮ᠂ ᠨᠡᠭᠦᠳᠡᠯ ᠬᠢᠴᠢᠶᠡᠯ ᠤᠨ ᠲᠠᠩᠬᠢᠮ᠂ ᠵᠠᠭᠤᠴᠢᠯᠠᠭᠤᠷ ᠤᠨ ᠬᠢᠴᠢᠶᠡᠯ ᠤᠨ ᠲᠠᠩᠬᠢᠮ︾ ᠭᠡᠬᠦ 3 ᠲᠥᠷᠥᠯ ᠤᠨ ᠬᠢᠴᠢᠶᠡᠯ ᠤᠨ ᠲᠠᠩᠬᠢᠮ ᠢ ᠨᠡᠭᠡᠭᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠶᠢ ᠨᠡᠶᠢᠳᠡᠮ ᠪᠦᠷᠬᠦᠭᠦᠯᠵᠦ᠂ ᠬᠡᠯᠪᠡᠶᠢᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠵᠡᠷᠭᠡ ᠰᠠᠯᠠᠭ᠎ᠠ ᠮᠥᠴᠢᠷ ︽ᠲᠠᠪᠤᠨ ᠪᠣᠳᠠᠲᠤ ᠶᠠᠪᠤᠳᠠᠯ ᠤᠨ ᠶᠣᠰᠣ ᠤᠴᠢᠷ︾ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠬᠤ ᠶᠢᠨ ᠲᠣᠭᠤᠷᠢᠨ ᠳᠤ᠂ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠢᠶᠠᠷ ᠭᠤᠣᠯ ᠵᠢᠭᠰᠠᠭᠠᠯ ᠤᠨ ᠭᠠᠵᠠᠷ ᠪᠣᠯᠭᠠᠵᠤ ᠤᠨᠤᠯ ᠤᠨ ᠤᠬᠠᠭᠤᠯᠭ᠎ᠠ ᠲᠠᠶᠢᠯᠪᠤᠷᠢᠯᠠᠯᠲᠠ ᠥᠷᠨᠢᠭᠦᠯᠪᠡ︔      ︽ᠪᠠᠶᠢᠴᠠᠭᠠᠨ ᠰᠤᠳᠤᠯᠤᠯᠲᠠ ᠶᠢᠨ ᠡᠳᠦᠷ ᠤᠨ ᠲᠡᠮᠳᠡᠭᠯᠡᠯ︾ ᠢ ᠪᠠᠶᠢᠭᠤᠯᠤᠨ ᠮᠥᠷᠳᠡᠨ ᠪᠠᠶᠢᠴᠠᠭᠠᠵᠤ ᠰᠤᠷᠪᠤᠯᠵᠢᠯᠠᠪᠠ᠃ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠪᠠᠴᠢᠮ ᠪᠡᠷᠬᠡ ᠵᠣᠪᠠᠨᠢᠯ ᠲᠠᠢ ᠠᠰᠠᠭᠤᠳᠠᠯ ᠤᠨ ᠲᠣᠭᠤᠷᠢᠨ ᠳᠤ ︽ᠡᠳᠦᠷ ᠤᠨ ᠲᠡᠮᠳᠡᠭᠯᠡᠯ ᠤᠨ ᠲᠣᠪᠴᠢ︾ ᠶᠢ ᠲᠣᠭᠲᠠᠭᠠᠵᠤ᠂  ᠪᠠᠯᠭᠠᠰᠤᠨ ᠤ ᠭᠠᠵᠠᠷ ᠤᠨ ᠲᠡᠰ ᠤᠨ ᠺᠠᠳ᠋ᠷ᠂ ᠪᠠᠯᠭᠠᠰᠤᠨ ᠤ ᠺᠠᠳ᠋ᠷ᠂ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ᠂ ᠲᠣᠰᠬᠤᠨ ᠤ ᠠᠷᠠᠳ ᠤᠨ ᠬᠦᠷᠢᠶᠡᠨ ᠳᠤ ᠭᠦᠨᠵᠡᠭᠡᠶᠢᠷᠡᠭᠦᠯᠦᠨ ︽ᠶᠡᠭᠡ ᠰᠣᠷᠪᠤᠯᠵᠢᠯᠠᠭ᠎ᠠ︾᠂ ᠨᠢᠭᠤᠷᠳᠠᠨ ᠶᠠᠷᠢᠯᠴᠠᠵᠤ᠂ ᠰᠡᠳᠬᠢᠯ ᠤᠨ ᠤᠭ ᠠᠴᠠ ᠪᠠᠨ ᠲᠥᠭᠡᠷᠢᠭᠳᠡᠯ ᠢ ᠨᠢ ᠲᠠᠶᠢᠯᠵᠤ᠂ 122 ᠠᠰᠠᠭᠤᠳᠠᠯ ᠢ ᠬᠠᠮᠤᠷᠤᠭᠰᠠᠨ ︽ᠪᠠᠶᠢᠴᠠᠭᠠᠨ ᠰᠤᠳᠤᠯᠤᠯᠲᠠ ᠶᠢᠨ ᠡᠳᠦᠷ ᠤᠨ ᠲᠡᠮᠳᠡᠭᠯᠡᠯ︾ ᠢ ᠴᠤᠭᠯᠠᠭᠤᠯᠤᠨ ᠡᠮᠬᠢᠳᠬᠡᠵᠦ ᠪᠦᠷᠢᠯᠳᠦᠭᠦᠯᠪᠡ᠃ ︽ᠡᠳᠦᠷ ᠤᠨ ᠲᠡᠮᠳᠡᠭᠯᠡᠯ︾ ᠢ ᠭᠦᠨᠵᠡᠭᠡᠢ ᠵᠠᠳᠠᠯᠤᠭᠰᠠᠨ ᠤ ᠳᠠᠷᠠᠭ᠎ᠠ᠂ ᠲᠤᠬᠠᠢ ᠶᠢᠨ ᠦᠶ᠎ᠡ ᠳᠤ ᠰᠢᠢᠳᠪᠦᠷᠢᠯᠡᠵᠦ ᠳᠡᠶᠢᠯᠬᠦ ᠶᠢ ᠨᠢ ᠴᠠᠭ ᠲᠤᠬᠠᠢ ᠳᠤᠨᠢ ᠲᠠᠨᠢᠵᠤ ᠠᠪᠠᠴᠢᠨ ᠰᠢᠢᠳᠪᠦᠷᠢᠯᠡᠵᠦ᠂ ᠨᠡᠯᠢᠶᠡᠳ ᠪᠤᠳᠤᠯᠢᠶᠠᠨᠲᠠᠢ ᠵᠦᠢᠯ ᠢ ᠨᠢ ︽ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠨ ᠨᠠᠷᠢᠨ ᠲᠠᠩᠰᠠ︾ ᠳᠤ ᠵᠢᠭᠰᠠᠭᠠᠨ ᠣᠷᠣᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠰᠢᠢᠳᠪᠦᠷᠢᠯᠡᠨ᠎ᠡ᠃      ︽ᠭᠤᠷᠪᠠᠨ ᠵᠦᠢᠯ ᠤᠨ ᠠᠷᠭ᠎ᠠ ᠮᠠᠶ᠋ᠢᠭ︾ ᠢ ᠬᠡᠷᠡᠭᠯᠡᠨ ᠪᠣᠳᠠᠲᠠᠢ ᠶᠠᠪᠤᠳᠠᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ︽ᠲᠤᠬᠠᠢ ᠶᠢᠨ ᠲᠠᠯᠠᠪᠤᠷ ᠲᠤ ᠰᠤᠳᠤᠯᠤᠨ ᠮᠠᠭᠠᠳᠯᠠᠬᠤ᠂ ᠡᠬᠡ ᠲᠠᠩᠰᠠ ᠶᠢ ᠠᠬᠢᠭᠤᠯᠬᠤ᠂ ᠬᠤᠯᠪᠤᠭᠠᠯᠠᠨ ᠰᠢᠢᠳᠪᠦᠷᠢᠯᠡᠵᠦ ᠳᠠᠭᠤᠰᠬᠠᠬᠤ︾ ᠠᠷᠭ᠎ᠠ ᠮᠠᠶ᠋ᠢᠭ ᠢᠶᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ︽ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠨ ᠨᠠᠷᠢᠨ ᠲᠠᠩᠰᠠ︾ ᠶᠢᠨ ᠲᠣᠭᠤᠷᠢᠨ ᠳᠤ᠂ ᠡᠯ᠎ᠡ ᠪᠦᠷᠢᠯᠳᠦᠭᠦᠨ ᠨᠢᠭᠡᠴᠡ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠷ ᠳᠡᠮᠵᠢᠨ᠂ ᠡᠴᠦᠰ ᠲᠡᠭᠡᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠵᠠᠮ ᠵᠠᠰᠠᠬᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠮᠠᠰᠢᠨ ᠪᠠᠭᠠᠵᠢ ᠨᠡᠮᠡᠬᠦ ᠵᠡᠷᠭᠡ ᠶᠢ ᠪᠠᠭᠲᠠᠭᠠᠭᠰᠠᠨ 11 ᠲᠥᠷᠥᠯ ᠵᠦᠢᠯ ᠢ ᠡᠮᠬᠢᠯᠡᠨ ᠨᠡᠶᠢᠯᠡᠭᠦᠯᠵᠦ ᠲᠣᠭᠲᠠᠭᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠡᠬᠡ ᠲᠠᠩᠰᠠ ᠶᠢ ᠪᠠᠶᠢᠭᠤᠯᠤᠨ ᠡᠯᠭᠦᠭᠡ ᠵᠢᠷᠤᠭ ᠢᠶᠠᠷ ᠪᠠᠶᠢᠯᠳᠤᠵᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠵᠣᠬᠢᠴᠠᠭᠤᠯᠤᠨ ᠬᠦᠴᠦᠯᠡᠵᠦ᠂ ᠬᠤᠯᠪᠤᠭᠠᠯᠠᠨ ᠠᠬᠢᠭᠤᠯᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃      ︽ᠭᠤᠷᠪᠠᠨ ᠲᠠᠯ᠎ᠠ ᠪᠠᠷ ᠢᠶᠠᠨ ᠬᠦᠴᠦᠯᠡᠬᠦ︾ ᠶᠢ ᠪᠠᠷᠢᠮᠲᠠᠯᠠᠵᠤ ᠵᠥᠷᠢᠴᠡᠯ ᠵᠢᠭᠤᠷᠠᠯᠳᠤᠭᠠᠨ ᠢ ᠠᠷᠢᠯᠭᠠᠨ᠎ᠠ᠃ ᠭᠠᠴᠠᠭᠠᠨ ᠤ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠵᠢᠵᠢᠭᠦᠷᠯᠡᠬᠦ ᠳᠤᠭᠤᠶᠢᠯᠠᠩ ᠢ ᠵᠣᠬᠢᠶᠠᠨ ᠪᠠᠶᠢᠭᠤᠯᠵᠤ᠂ ᠴᠤᠭᠯᠠᠭᠤᠯᠤᠭᠰᠠᠨ ᠵᠥᠷᠢᠴᠡᠯ ᠠᠰᠠᠭᠤᠳᠠᠯ ᠤᠨ ᠲᠤᠬᠠᠢ ᠨᠠᠷᠢᠨ ᠲᠣᠳᠣᠷᠬᠠᠢ ᠬᠠᠭᠤᠳᠠᠰᠤ ᠶᠢ ᠪᠦᠷᠢᠯᠳᠦᠭᠦᠯᠵᠦ᠂ ᠲᠤᠰ ᠲᠤᠰ ᠲᠤᠨᠢ ᠵᠣᠬᠢᠴᠠᠭᠤᠯᠤᠨ ᠠᠷᠢᠯᠭᠠᠵᠤ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠵᠠᠬᠢᠳᠠᠯ ᠰᠣᠷᠪᠤᠯᠵᠢᠯᠠᠭ᠎ᠠ ᠳᠤ ᠬᠢᠨᠠᠯᠲᠠ ᠲᠠᠯᠪᠢᠬᠤ ᠳᠤᠭᠤᠶᠢᠯᠠᠩ ᠢ ᠪᠠᠶᠢᠭᠤᠯᠵᠤ᠂ ᠵᠢᠵᠢᠭᠦᠷ ᠤᠨ ᠪᠠᠶᠢᠳᠠᠯ ᠳᠤ ᠬᠢᠨᠠᠯᠲᠠ ᠲᠠᠯᠪᠢᠵᠤ᠂ ᠪᠤᠳᠤᠯᠢᠶᠠᠨᠲᠠᠢ ᠵᠥᠷᠢᠴᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠵᠡᠢ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠵᠦ᠂ ᠣᠷᠣᠯᠠᠨ ᠭᠦᠢᠴᠡᠳᠭᠡᠭᠴᠢ ᠭᠠᠴᠠᠭᠠᠨ ᠤ ᠠᠷᠠᠳ ᠤᠨ ᠭᠤᠮᠣᠳᠠᠯ ᠱᠠᠭᠠᠷᠳᠠᠯᠭ᠎ᠠ ᠶᠢ ᠣᠷᠣᠯᠠᠨ ᠭᠦᠢᠴᠡᠳᠬᠡᠵᠦ᠂ ︽ᠤᠯᠠᠨ ᠲᠦᠮᠡᠨ ᠠᠮᠠ ᠬᠥᠳᠡᠯᠭᠡᠵᠦ᠂ ᠺᠠᠳ᠋ᠷ ᠭᠦᠶᠦᠬᠦ︾ ᠪᠠᠷ ᠳᠠᠮᠵᠢᠭᠤᠯᠤᠨ ᠵᠠᠬᠢᠳᠠᠯ ᠰᠣᠷᠪᠤᠯᠵᠢᠯᠠᠭ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃      ︽ᠨᠤᠲᠤᠭ ᠤᠨ ᠮᠡᠷᠭᠡᠳ ᠤᠨ ᠨᠡᠶᠢᠲᠡᠯᠢᠭ ᠵᠢᠱᠢᠶ᠎ᠡ︾ ᠶᠢ ᠰᠣᠩᠭᠤᠨ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠤᠨ᠎ᠠ᠃ ︽ᠬᠠᠮᠤᠭ ᠤᠨ ᠭᠤᠶᠤ  ᠰᠢᠷᠠᠤᠰᠤ ᠶᠢᠨ ᠬᠥᠮᠥᠨ︾᠂ ︽ᠬᠠᠮᠤᠭ ᠤᠨ ᠭᠤᠶᠤ ᠭᠡᠷ ᠪᠦᠯᠢ︾ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠪᠤᠰᠤᠳ ᠢ ᠬᠠᠪᠰᠤᠷᠬᠤ ᠪᠠᠷ ᠴᠡᠩᠭᠡᠯ ᠢᠶᠠᠨ ᠪᠣᠯᠭᠠᠬᠤ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠵᠡᠷᠭᠡ 6 ᠲᠠᠯ᠎ᠠ ᠪᠠᠷ 5 ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠵᠤ᠂ 2 ︽ᠰᠢᠨ᠎ᠡ ᠨᠤᠲᠤᠭ ᠤᠨ ᠮᠡᠷᠭᠡᠳ︾ ᠢ ᠰᠣᠩᠭᠤᠨ ᠰᠢᠯᠭᠠᠷᠠᠭᠤᠯᠪᠠ︔ ︽ᠨᠤᠲᠤᠭ ᠤᠨ ᠠᠬᠠᠮᠠᠳ ᠮᠡᠷᠭᠡᠳ︾ ᠲᠠᠢ ᠢᠳᠡᠪᠬᠢᠲᠡᠢ ᠪᠠᠷ ᠬᠠᠷᠢᠯᠴᠠᠵᠤ᠂ ᠭᠠᠳᠠᠭᠠᠳᠤ ᠳᠤ ᠠᠮᠵᠢᠯᠲᠠ ᠣᠯᠣᠭᠰᠠᠨ 8 ᠬᠥᠮᠥᠨ ᠢ ᠴᠢᠳᠠᠪᠤᠷᠢᠲᠠᠨ ᠤ ᠬᠥᠮᠥᠷᠭᠡ ᠳᠤ ᠣᠷᠣᠭᠤᠯᠵᠤ᠂ ᠨᠤᠲᠤᠭ ᠤᠰᠤ ᠪᠠᠨ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ ᠡᠭᠦᠨ ᠤ ᠬᠠᠮᠲᠤ᠂ ᠰᠢᠨ᠎ᠡ ᠨᠤᠲᠤᠭ ᠤᠨ ᠠᠬᠠᠮᠠᠳ ᠮᠡᠷᠭᠡᠳ ᠤᠨ ᠲᠡᠷᠢᠭᠦᠨ ᠤ ᠦᠶᠯᠡ ᠠᠵᠢᠯᠯᠠᠭ᠎ᠠ ᠶᠢ ᠴᠠᠭ ᠲᠤᠬᠠᠢ  ᠳᠤᠨᠢ ᠤᠬᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠬᠡᠪ ᠰᠤᠷᠲᠠᠯ ᠢ ᠪᠠᠳᠠᠷᠠᠭᠤᠯᠤᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠤᠲᠤᠭ ᠤᠨ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠭᠤᠯᠵᠤ᠂ ᠵᠢᠱᠢᠶᠡᠴᠢ ᠨᠠᠮ ᠤᠨ ᠭᠡᠰᠢᠭᠦᠨ᠂ ᠵᠢᠱᠢᠶᠡᠴᠢ ᠡᠷᠦᠬᠡ ᠪᠣᠯᠬᠤ ᠪᠠᠷ ᠴᠢᠷᠮᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1