ᠲᠣᠭᠲᠠᠬᠤ ᠰᠢᠶᠠᠨ ᠤ 2023 ᠣᠨ ᠤ ᠪᠥᠵᠢᠭ ᠤᠨ ᠤᠷᠠᠯᠢᠭ ᠤᠨ ᠴᠢᠳᠠᠪᠤᠷᠢᠲᠠᠨ ᠤ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠤᠨ ᠠᠩᠭᠢ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/7/18
      7 ᠰᠠᠷ᠎ᠠ ᠶᠢᠨ 13 ᠤ ᠡᠳᠦᠷ᠂ ᠲᠣᠭᠲᠠᠬᠤ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠶᠠᠨ ᠤ ᠠᠷᠠᠳ ᠤᠨ ᠰᠣᠶᠣᠯ ᠤᠨ ᠪᠡᠶ᠎ᠡ ᠶᠢᠨ ᠲᠠᠮᠢᠷ ᠤᠨ ᠣᠷᠳᠣᠨ ᠪᠣᠯᠣᠨ ᠰᠢᠶᠠᠨ ᠤ ᠵᠠᠯᠠᠭᠤᠴᠤᠳ ᠪᠠᠭᠠᠴᠤᠳ ᠤᠨ ᠣᠷᠳᠣᠨ ᠤ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ 2023 ᠣᠨ ᠤ ᠪᠥᠵᠢᠭ ᠤᠷᠠᠯᠢᠭ ᠤᠨ ᠴᠢᠳᠠᠪᠤᠷᠢᠲᠠᠨ ᠤ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠤᠨ ᠠᠩᠭᠢ ᠰᠢᠶᠠᠨ ᠤ ᠰᠣᠶᠣᠯ ᠤᠨ ᠣᠷᠳᠣᠨ ᠳᠤ ᠰᠤᠷᠤᠯᠭ᠎ᠠ ᠡᠬᠢᠯᠡᠪᠡ᠃ ᠲᠣᠰ ᠤᠳᠠᠭᠠᠨ ᠤ ᠪᠥᠵᠢᠭ ᠤᠨ ᠪᠣᠯᠪᠠᠰᠤᠷᠠᠯ ᠤᠨ ᠠᠩᠭᠢ ᠳᠤ ᠰᠢᠶᠠᠨ ᠤ ᠳᠠᠭᠤᠤ ᠬᠥᠭᠵᠢᠮ ᠪᠥᠵᠢᠭ ᠰᠢ ᠵᠦᠴᠦᠭᠡᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠾᠧᠦ ᠬᠤᠩ ᠪᠥᠸᠧ ᠪᠠᠭᠰᠢ ᠶᠢ ᠤᠷᠢᠵᠤ ᠬᠢᠴᠢᠶᠡᠯ ᠣᠷᠣᠭᠤᠯᠪᠠ᠂ ᠪᠣᠯᠪᠠᠰᠤᠷᠠᠯ ᠤᠨ ᠠᠩᠭᠢ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠪᠠᠶᠢᠵᠤ᠂ ᠪᠥᠬᠦ ᠰᠢᠶᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠭᠦᠰᠬᠦ ᠰᠤᠷᠤᠭᠴᠢᠳ ᠤᠨ ᠳᠣᠲᠣᠷ᠎ᠠ ᠠᠴᠠ ᠪᠥᠵᠢᠭ ᠲᠤ ᠪᠠᠭ᠋ᠠᠲᠠᠢ ᠪᠥᠭᠡᠳ ᠰᠠᠭᠤᠷᠢ ᠪᠣᠯᠪᠠᠰᠤᠷᠠᠯ ᠲᠠᠢ 30 ᠭᠠᠷᠤᠢ ᠰᠣᠷᠣᠭᠴᠢ ᠶᠢ ᠰᠣᠩᠭᠤᠨ ᠭᠠᠷᠭᠠᠵᠤ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠯ ᠬᠦᠷᠲᠡᠭᠡᠨ᠎ᠡ᠃ ᠪᠣᠯᠪᠠᠰᠤᠷᠠᠭᠤᠯᠤᠯ ᠳᠤ ᠵᠠᠽᠽ ᠪᠥᠵᠢᠭ ᠪᠠ ᠦᠨᠳᠦᠰᠦᠲᠡᠨ ᠤ ᠪᠥᠵᠢᠭ ᠢᠶᠠᠷ ᠭᠤᠣᠯ ᠠᠭᠤᠯᠭ᠎ᠠ ᠪᠣᠯᠭᠠᠵᠤ᠂ ︽ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ︾ ᠵᠠᠷᠴᠢᠮ ᠢ ᠪᠠᠷᠢᠮᠲᠠᠯᠠᠨ᠎ᠠ᠃ ᠦᠨᠳᠦᠰᠦᠲᠡᠨ ᠤ ᠪᠥᠵᠢᠭ ᠨᠢ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ   ᠶᠢᠨ ᠦᠨᠳᠦᠰᠦᠲᠡᠨ ᠤ ᠳᠦᠷᠢ ᠲᠥᠷᠬᠦ  ᠶᠢ ᠪᠣᠶ ᠪᠣᠯᠭᠠᠬᠤ ᠪᠠ ᠳᠣᠪᠤᠶᠢᠯᠭᠠᠬᠤ ᠪᠠᠷ ᠭᠤᠣᠯ ᠪᠣᠯᠭᠠᠵᠤ᠂ ᠨᠠᠩ ᠣᠯᠠᠨ ᠡᠰᠢᠲᠦ ᠪᠥᠵᠢᠭ ᠤᠨ ᠡᠯᠧᠮᠧᠨ᠋ᠲ ᠢ ᠣᠷᠣᠭᠤᠯᠤᠨ ᠠᠪᠴᠢᠷᠠᠵᠤ᠂ ᠡᠭᠦᠨ ᠢᠶᠠᠷ ᠲᠣᠭᠲᠠᠬᠤ ᠪᠥᠵᠢᠭ ᠤᠨ ᠤᠷᠠᠯᠢᠭ ᠤᠨ ᠬᠢᠷᠢ ᠲᠦᠪᠰᠢᠨ   ᠢ ᠳᠡᠭᠡᠭᠰᠢᠯᠡᠭᠦᠯᠦᠭᠰᠡᠨ ᠪᠠᠶᠢᠨ᠎ᠠ᠃      ᠪᠣᠯᠪᠠᠰᠤᠷᠠᠯ ᠤᠨ ᠠᠩᠭᠢ ᠶᠢ ᠡᠷᠬᠢᠯᠡᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ᠂ ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠪᠣᠯᠪᠠᠰᠤᠨ ᠦᠢᠯᠡᠳᠦᠯᠭᠡ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠪᠠᠷ ᠵᠢᠱᠢᠶ᠎ᠡ ᠦᠵᠡᠭᠦᠯᠬᠦ ᠲᠦᠷᠦᠯ ᠲᠡᠮᠳᠡᠭ ᠢ ᠪᠤᠢ ᠪᠣᠯᠭᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠪᠠᠰᠠᠴᠤ ︽ᠰᠠᠶᠢᠨ ᠳᠤᠷ᠎ᠠ ᠶᠢᠨ ᠦᠢᠯᠡᠴᠢᠯᠡᠭᠡ ᠪᠠᠷ ᠪᠣᠯᠪᠠᠰᠤᠨ ᠤ ᠦᠢᠯᠡᠳᠦᠯᠭᠡ ᠶᠢ ᠬᠠᠯᠠᠮᠵᠢᠯᠠᠨ ᠬᠠᠶᠢᠷᠠᠯᠠᠵᠤ ᠰᠢᠨ᠎ᠡ ᠰᠤᠷᠲᠠᠯ ᠢ ᠬᠦᠷᠭᠡᠬᠦ︾ ᠰᠢᠷᠢᠰ ᠠᠵᠢᠯᠯᠠᠭ᠎ᠠ ᠶᠢᠨ ᠠᠮᠢᠳᠤᠯᠢᠭ ᠦᠢᠯᠡᠳᠦᠯᠭᠡ ᠪᠣᠯᠣᠨ᠎ᠠ᠃ ᠪᠣᠯᠪᠠᠰᠤᠷᠠᠯ ᠤᠨ ᠠᠩᠭᠢ ᠨᠢ ᠪᠦᠬᠦ ᠰᠢᠶᠠᠨ ᠤ ᠠᠩᠬ᠎ᠠ ᠳᠤᠮᠳᠠᠳᠤ᠂ ᠥᠨᠳᠥᠷ ᠳᠤᠮᠳᠠᠳᠤ ᠠᠴᠠ ᠲᠡᠭᠦᠰᠦᠭᠰᠡᠨ ᠰᠤᠷᠤᠭᠴᠢᠳ ᠲᠤ ᠴᠢᠨᠠᠷ ᠰᠠᠶᠢᠲᠠᠢ ᠤᠳᠬ᠎ᠠ ᠤᠷᠠᠯᠢᠭ ᠤᠨ ᠬᠠᠪᠰᠤᠷᠤᠨ ᠵᠢᠯᠤᠭᠤᠳᠬᠤ ᠦᠢᠯᠡᠴᠢᠯᠡᠭᠡ ᠬᠠᠩᠭᠠᠵᠤ᠂ ᠪᠦᠬᠦ ᠰᠢᠶᠠᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠶᠢᠨ ᠬᠠᠮᠲᠤ᠂ ᠪᠥᠵᠢᠭ ᠤᠨ ᠤᠷᠠᠯᠢᠭ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ᠂ ᠰᠢᠯᠢᠳᠡᠭ ᠴᠢᠳᠠᠪᠤᠷᠢᠲᠠᠨ ᠤ ᠡᠩᠨᠡᠭᠡ ᠶᠢ ᠴᠣᠭᠴᠠᠯᠠᠬᠤ᠂ ᠪᠥᠵᠢᠭ ᠤᠨ ᠤᠷᠠᠯᠢᠭ ᠤᠨ ᠴᠢᠳᠠᠪᠤᠷᠢᠲᠠᠨ ᠤ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠦᠷ ᠴᠢᠬᠤᠯᠠ ᠠᠴᠢ ᠬᠤᠯᠪᠣᠭᠳᠠᠯ ᠲᠠᠢ ᠶᠤᠮ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1