ᠲᠣᠭᠲᠠᠬᠤ ᠰᠢᠶᠠᠨ᠄ ︽ᠭᠤᠷᠪᠠ ᠶᠢ ᠴᠢᠩᠭᠠᠳᠬᠠᠬᠤ︾ ᠪᠠᠷ ᠠᠯᠪᠠᠲᠠᠨ ᠤ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2023/7/18
       ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠲᠣᠭᠲᠠᠬᠤ ᠰᠢᠶᠠᠨ ︽ᠠᠯᠪᠠᠲᠠᠨ ᠤ ᠬᠠᠤᠯᠢ︾ ᠪᠠᠷ ᠵᠢᠷᠤᠮᠯᠠᠯ ᠪᠣᠯᠭᠠᠵᠤ᠂ ᠺᠠᠳ᠋ᠷ ᠤᠨ ᠪᠠᠷᠢᠮᠵᠢᠶ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠯᠪᠠᠲᠠᠨ ᠤ ᠬᠠᠮᠢᠶᠠᠷᠤᠯᠲᠠ ᠶᠢᠨ ᠭᠤᠣᠯ ᠵᠠᠩᠭᠢᠯᠠᠭ᠎ᠠ ᠳᠤ ᠲᠤᠤᠱᠯᠠᠭᠤᠯᠵᠤ᠂ ᠬᠥᠮᠦᠵᠢᠯ ᠪᠣᠯᠪᠠᠰᠤᠷᠠᠭᠤᠯᠤᠯ᠂ ᠬᠠᠮᠢᠶᠠᠷᠤᠯᠲᠠ ᠶᠢᠨ ᠬᠢᠨᠠᠨ ᠰᠢᠯᠭᠠᠯᠲᠠ᠂ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠵᠡᠷᠭᠡ ᠲᠠᠯ᠎ᠠ   ᠠᠴᠠ ᠭᠠᠷᠳᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠥᠨᠳᠥᠷ ᠬᠡᠪ ᠪᠣᠯᠪᠠᠰᠤᠷᠠᠯ ᠲᠠᠢ ᠠᠯᠪᠠᠲᠠᠨ ᠤ ᠡᠩᠨᠡᠭᠡ ᠶᠢ ᠬᠦᠴᠦᠯᠡᠨ ᠪᠠᠶᠢᠭᠤᠯᠤᠭᠰᠠᠨ ᠪᠠᠶᠢᠨ᠎ᠠ᠃      ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠠᠯᠪᠠᠲᠠᠨ ᠤ ᠪᠣᠯᠪᠠᠰᠤᠷᠠᠭᠤᠯᠤᠯ ᠢ ᠰᠢᠶᠠᠨ ᠤ ᠨᠠᠮ ᠤᠨ ᠬᠤᠷᠢᠶ᠎ᠠ ᠶᠢᠨ ᠺᠠᠳ᠋ᠷᠴᠤᠳ ᠤᠨ ᠬᠥᠮᠦᠵᠢᠯ ᠪᠣᠯᠪᠠᠰᠤᠷᠠᠭᠤᠯᠤᠯ ᠤᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠰᠢᠯᠢᠳᠡᠭᠵᠢᠭᠦᠯᠬᠦ ᠶᠢᠨ ᠲᠣᠭᠤᠷᠢᠨ ᠳᠤ ᠪᠣᠯᠪᠠᠰᠤᠷᠠᠭᠤᠯᠤᠯ ᠤᠨ ᠬᠢᠴᠢᠶᠡᠯ ᠢ ᠵᠦᠢ ᠵᠣᠬᠢᠰᠲᠠᠢ ᠲᠣᠬᠢᠷᠠᠭᠤᠯᠤᠨ᠎ᠠ᠃ ᠨᠠᠮ ᠤᠨ ᠰᠤᠷᠭᠠᠭᠤᠯᠢ ᠶᠢᠨ ᠭᠤᠣᠯ ᠴᠣᠭᠴᠠ ᠶᠢᠨ ᠠᠩᠭᠢ ᠤᠳᠠᠭ᠎ᠠ᠂ ᠰᠦᠯᠵᠢᠶᠡᠨ ᠤ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠠᠪᠴᠠᠩ᠂ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠤ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ︽ᠰᠦᠯᠵᠢᠶᠡᠨ ᠳᠡᠭᠡᠷᠡᠬᠢ + ᠰᠦᠯᠵᠢᠶᠡᠨ ᠠᠴᠠ ᠭᠠᠳᠠᠨᠠᠬᠢ︾ ᠪᠣᠰᠤᠭ᠎ᠠ ᠴᠣᠭᠴᠠᠲᠤ ᠵᠢᠭᠠᠨ ᠰᠤᠷᠭᠠᠯᠲᠠ ᠶᠢᠨ ᠵᠠᠭᠪᠤᠷ ᠢ ᠪᠠᠶᠢᠭᠤᠯᠵᠤ᠂ ᠠᠮᠢᠳᠤᠯᠢᠭ ᠪᠥᠭᠡᠳ ᠤᠯᠠᠨ ᠶᠠᠩᠵᠤ ᠶᠢᠨ ᠪᠣᠯᠪᠠᠰᠤᠷᠠᠯ ᠢ ᠥᠷᠨᠢᠭᠦᠯᠦᠨ᠎ᠡ᠃ ᠰᠢᠨ᠎ᠡ ᠪᠠᠷ ᠡᠯᠰᠡᠭᠰᠡᠨ ᠠᠯᠪᠠᠲᠠᠨ ᠤ ᠪᠣᠯᠪᠠᠰᠤᠷᠠᠭᠤᠯᠤᠯ ᠢ ᠴᠢᠬᠤᠯᠠ ᠬᠠᠮᠲᠤᠯᠢᠭ ᠤᠨ ᠲᠤᠰᠠᠭᠠᠷ ᠪᠣᠯᠪᠠᠰᠤᠷᠠᠭᠤᠯᠤᠯ ᠪᠣᠯᠭᠠᠵᠤ᠂ ᠰᠢᠨ᠎ᠡ ᠪᠠᠷ ᠠᠵᠢᠯ ᠳᠤ ᠣᠷᠣᠭᠰᠠᠨ ᠬᠥᠮᠥᠰ ᠤᠨ ᠤᠯᠤᠰ ᠲᠥᠷᠥ ᠶᠢᠨ ᠤᠬᠠᠮᠰᠠᠷ᠂ ᠣᠨᠣᠯ ᠤᠨ ᠬᠢᠷᠢ ᠲᠦᠪᠰᠢᠨ ᠪᠠ ᠰᠠᠬᠢᠯᠭ᠎ᠠ ᠪᠠᠲᠤ ᠣᠪᠣᠷ ᠰᠤᠷᠲᠠᠯ ᠢ ᠭᠤᠣᠯᠳᠠᠯᠭ᠎ᠠ ᠲᠠᠢ ᠴᠢᠩᠭᠠᠳᠬᠠᠨ᠂ ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠠᠯᠢ ᠲᠦᠷᠭᠡᠨ ᠢᠶᠠᠷ ᠳᠦᠷᠢ ᠲᠥᠷᠬᠦ ᠶᠢ ᠨᠢ ᠬᠤᠪᠢᠷᠠᠭᠤᠯᠵᠤ᠂ ᠰᠢᠨ᠎ᠡ ᠠᠵᠢᠯ ᠤᠨ ᠪᠠᠶᠢᠷᠢ ᠳᠤ ᠵᠣᠬᠢᠴᠠᠭᠤᠯᠤᠨ᠎ᠠ᠃ ᠡᠨᠡ ᠵᠢᠯ ᠨᠢᠭᠡᠨᠲᠡ 356 ᠠᠯᠪᠠᠲᠠᠨ ᠳᠤ 7 ᠡᠳᠦᠷ ᠤᠨ ᠬᠤᠭᠤᠴᠠᠭ᠎ᠠ ᠲᠠᠢ ᠲᠥᠪᠯᠡᠷᠡᠭᠦᠯᠦᠨ ᠪᠣᠯᠪᠠᠰᠤᠷᠠᠭᠤᠯᠵᠠᠢ᠃      ᠬᠢᠨᠠᠨ ᠰᠢᠯᠭᠠᠵᠤ ᠬᠢᠨᠠᠨ ᠬᠠᠮᠢᠶᠠᠷᠬᠤ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠠᠯᠪᠠᠲᠠᠨ ᠢ ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠩ ᠤᠨ ᠴᠠᠭ ᠤᠨ ᠰᠢᠯᠭᠠᠨ ᠬᠢᠨᠠᠬᠤ ᠪᠠ ᠵᠢᠯ ᠤᠨ ᠡᠴᠦᠰ ᠤᠨ ᠰᠢᠯᠭᠠᠨ ᠬᠢᠨᠠᠬᠤ ᠶᠢ ᠤᠶᠠᠯᠳᠤᠭᠤᠯᠬᠤ ᠶᠢ ᠴᠢᠬᠤᠯᠠᠴᠢᠯᠠᠨ᠎ᠠ᠃ ᠡᠩ ᠤᠨ ᠦᠶ᠎ᠡ ᠶᠢᠨ ᠬᠢᠨᠠᠨ ᠰᠢᠯᠭᠠᠯᠲᠠ ᠳᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶   ᠠᠴᠠ ᠠᠵᠢᠯ ᠤᠨ ᠱᠠᠭᠠᠷᠳᠠᠯᠭ᠎ᠠ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠨᠡᠶᠢᠲᠡᠴᠢ ᠴᠢᠨᠠᠷᠲᠠᠢ ᠬᠢᠨᠠᠨ ᠰᠢᠯᠭᠠᠯᠲᠠ ᠶᠢᠨ ᠭᠦᠢᠴᠡᠳᠬᠡᠯ ᠲᠤᠭ᠎ᠠ ᠪᠠ ᠥᠪᠡᠷᠮᠢᠴᠡ ᠴᠢᠨᠠᠷ ᠤᠨ ᠬᠢᠨᠠᠨ ᠰᠢᠯᠭᠠᠯᠲᠠ ᠶᠢᠨ ᠭᠦᠢᠴᠡᠳᠬᠡᠯ ᠲᠤᠭ᠎ᠠ ᠶᠢ ᠲᠣᠭᠲᠠᠭᠠᠵᠤ᠂ ᠤᠯᠠᠷᠢᠯ ᠪᠦᠷᠢ ᠳᠤ ᠬᠤᠪᠢ ᠬᠥᠮᠥᠨ ᠤ ᠪᠠᠭ᠎ᠠ ᠳ᠋ᠦᠩᠨᠡᠯᠲᠡ᠂ ᠤᠳᠤᠷᠢᠳᠤᠯᠭ᠎ᠠ ᠶᠢᠨ ᠬᠢᠨᠠᠨ ᠰᠢᠯᠭᠠᠷᠠᠭᠤᠯᠤᠯᠲᠠ᠂ ᠬᠤᠪᠢ ᠣᠯᠭᠤᠵᠤ ᠰᠢᠯᠢᠳᠡᠭ ᠢ ᠰᠢᠯᠭᠠᠷᠠᠭᠤᠯᠤᠨ᠎ᠠ᠃ ᠵᠢᠯ ᠤᠨ ᠡᠴᠦᠰ ᠤᠨ ᠬᠢᠨᠠᠨ ᠰᠢᠯᠭᠠᠯᠲᠠ ᠳᠤ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ᠂ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠯᠪᠠᠲᠠᠨ ᠤ ᠮᠣᠷᠠᠯ᠂ ᠴᠢᠳᠠᠪᠤᠷᠢ ᠂ ᠠᠵᠢᠯᠴᠢ᠂ ᠠᠮᠵᠢᠯᠲᠠ ᠪᠦᠲᠦᠮᠵᠢ᠂ ᠠᠷᠢᠭᠤᠨ ᠴᠢᠬᠡᠴᠢ ᠶᠢᠨ ᠢᠯᠡᠷᠡᠯ ᠢ ᠪᠥᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ᠵᠢᠯ ᠤᠨ ᠡᠴᠦᠰ ᠤᠨ ᠬᠢᠨᠠᠨ ᠰᠢᠯᠭᠠᠯᠲᠠ ᠶᠢᠨ ︽ᠰᠢᠯᠢᠳᠡᠭ︾ ᠵᠢᠱᠢᠭᠳᠡᠭᠴᠢ ᠶᠢ ᠡᠷᠬᠡᠪᠰᠢ ᠡᠩ ᠤᠨ ᠦᠶ᠎ᠡ ᠶᠢᠨ ᠬᠢᠨᠠᠨ ᠰᠢᠯᠭᠠᠯᠲᠠ ᠶᠢᠨ ︽ᠰᠢᠯᠢᠳᠡᠭ︾ ᠪᠠ ︽ᠨᠡᠯᠢᠶᠡᠳ ᠰᠠᠶᠢᠨ︾ ᠵᠡᠷᠭᠡ ᠠᠴᠠ ᠰᠣᠩᠭᠤᠨ ᠭᠠᠷᠭᠠᠬᠤ ᠬᠡᠷᠡᠭᠲᠡᠢ᠃ ᠬᠢᠨᠠᠨ ᠰᠢᠯᠭᠠᠭᠰᠠᠨ ᠦᠷ᠎ᠡ ᠳ᠋ᠦᠩ ᠢ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠨᠢ ᠰᠣᠩᠭᠤᠬᠤ᠂ ᠲᠤᠰᠢᠶᠠᠯ ᠤᠨ ᠲᠡᠰ ᠢ ᠨᠢ ᠳᠡᠪᠰᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃      ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠶᠢ ᠴᠢᠩᠭᠠᠳᠬᠠᠵᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠺᠠᠳ᠋ᠷᠴᠤᠳ ᠤᠨ ᠰᠤᠷᠤᠯᠴᠠᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠡᠩᠨᠡᠭᠡᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠶᠠᠩ ᠪᠠᠯᠭᠠᠰᠤ᠂ ᠰᠠᠯᠠᠭ᠎ᠠ ᠮᠥᠴᠢᠷ ᠨᠢᠭᠡᠴᠢ ᠶᠢᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ ︽ᠬᠤᠣᠰ ᠴᠢᠭᠯᠡᠯ ᠢᠶᠠᠷ ᠲᠤᠰᠢᠶᠠᠯ ᠡᠭᠦᠷᠭᠡᠯᠡᠬᠦ︾ ᠲᠣᠭᠲᠠᠴᠠ ᠶᠢ ᠪᠠᠶᠢᠭᠤᠯᠵᠤ᠂ ᠲᠤᠰᠢᠶᠠᠯ ᠡᠭᠦᠷᠭᠡᠯᠡᠭᠦᠯᠬᠦ ᠲᠣᠬᠢᠶᠠᠯ ᠢ ᠵᠦᠢ ᠵᠣᠬᠢᠰᠲᠠᠢ ᠪᠠᠷ ᠲᠣᠬᠢᠷᠠᠭᠤᠯᠤᠨ ᠰᠣᠯᠢᠯᠴᠠᠵᠤ᠂ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠠᠵᠢᠯ ᠢ ᠲᠥᠯᠥᠪᠯᠡᠭᠡ ᠲᠠᠢ᠂ ᠵᠣᠬᠢᠰᠲᠠᠢ ᠪᠠᠷ ᠥᠷᠨᠢᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠵᠡᠷᠭᠡ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠺᠠᠳ᠋ᠷ ᠢ ᠬᠥᠮᠥᠵᠢᠭᠦᠯᠦᠨ ᠪᠣᠯᠪᠠᠰᠤᠷᠠᠭᠤᠯᠬᠤ ᠭᠤᠣᠯ ᠠᠷᠭ᠎ᠠ ᠵᠠᠮ ᠪᠠ ᠦᠢᠯᠡᠳᠦᠯᠭᠡ ᠶᠢᠨ ᠬᠢᠴᠢᠶᠡᠯ ᠤᠨ ᠲᠠᠩᠬᠢᠮ ᠪᠣᠯᠭᠠᠬᠤ ᠶᠢ ᠪᠠᠷᠢᠮᠲᠠᠯᠠᠪᠠ᠃ ᠬᠢᠯᠢ ᠠᠯᠤᠰᠯᠠᠭᠰᠠᠨ ᠺᠠᠳ᠋ᠷᠴᠤᠳ ᠢ ᠵᠥᠷᠢᠴᠡᠯ ᠲᠣᠪᠣᠶᠢᠮ᠎ᠠ ᠭᠠᠵᠠᠷ ᠣᠷᠣᠨ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠭᠤᠣᠯᠳᠠᠯᠭ᠎ᠠ ᠲᠠᠢ ᠵᠦᠢᠯᠡᠰ ᠤᠨ ᠳᠤᠮᠳᠠ ᠰᠢᠯᠭᠠᠯᠲᠠ ᠶᠢ ᠬᠦᠯᠢᠶᠡᠯᠭᠡᠵᠦ᠂ ᠮᠥᠩᠭᠦᠨ ᠭᠦᠢᠯᠭᠡᠭᠡᠨ ᠤ ᠬᠤᠳᠠᠯᠳᠤᠭᠠᠴᠢᠨ ᠤᠷᠢᠬᠤ᠂ ᠲᠠᠷᠢᠶᠠᠯᠠᠩ ᠤᠨ ᠬᠥᠭᠵᠢᠯᠲᠡ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠠᠴᠠ ᠮᠡᠳᠡᠯᠭᠡ ᠡᠵᠡᠮᠰᠢᠭᠦᠯᠵᠦ᠂ ᠵᠠᠩᠭᠢᠯᠠᠭ᠎ᠠ ᠶᠢᠨ ᠠᠵᠢᠯ ᠤᠨ ᠪᠠᠶᠢᠷᠢᠨ ᠳᠤ ᠬᠡᠷᠡᠭᠯᠡᠵᠦ ᠪᠣᠯᠬᠤ ᠨᠢᠭᠡ ᠪᠦᠯᠦᠭ ︽ᠤᠯᠠᠨ ᠲᠠᠯ᠎ᠠ ᠶᠢᠨ ᠴᠢᠳᠠᠪᠤᠷᠢᠲᠠᠨ︾ ᠢ ᠪᠤᠢ ᠪᠣᠯᠭᠠᠨ᠎ᠠ᠃ ᠭᠤᠷᠪᠠᠨ ᠵᠢᠯ ᠤᠨ ᠲᠤᠷᠰᠢ᠂ ᠪᠥᠬᠦ ᠰᠢᠶᠠᠨ ᠢᠶᠠᠷ ᠢᠶᠠᠨ ᠵᠠᠯᠭᠠᠭ᠎ᠠ ᠪᠠᠷ 12 ᠨᠡᠷᠡᠰ ᠠᠯᠪᠠᠲᠠᠨ ᠤ ᠰᠠᠯᠠᠭᠠᠨ ᠤ ᠲᠠᠰ ᠤᠨ ᠺᠠᠳ᠋ᠷ ᠢ ᠰᠣᠩᠭᠤᠨ ᠲᠣᠮᠢᠯᠠᠵᠤ ︽ᠬᠤᠣᠰ ᠴᠢᠭᠯᠡᠯ ᠢᠶᠠᠷ︾ ᠲᠤᠰᠢᠶᠠᠯ ᠡᠭᠦᠷᠭᠡᠯᠡᠭᠦᠯᠪᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1