ᠥᠪᠥᠷ ᠮᠣᠩᠭᠤᠯ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/7/18
      ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠴᠣᠬᠢᠯᠲᠠ ᠥᠭᠬᠦ ᠭᠤᠣᠯᠳᠠᠯᠭ᠎ᠠ ᠪᠠᠨ ᠲᠣᠪᠤᠶᠢᠯᠭᠠᠨ᠂ ᠴᠣᠬᠢᠯᠲᠠ ᠥᠭᠴᠦ ᠴᠡᠭᠴᠡᠯᠡᠨ ᠵᠠᠰᠠᠬᠤ ᠶᠢᠨ ᠬᠠᠨᠳᠤᠯᠭᠠᠲᠤ ᠴᠢᠨᠠᠷ ᠪᠠ ᠣᠨᠣᠪᠴᠢᠲᠤ ᠴᠢᠨᠠᠷ ᠢ ᠴᠢᠩᠭᠠᠳᠬᠠᠵᠤ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠨᠡᠶᠢᠭᠡᠮ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ᠂ ᠤᠯᠤᠰ ᠤᠨ ᠠᠮᠤᠷ ᠲᠦᠪᠰᠢᠨ ᠢ ᠰᠦᠷᠳᠡᠭᠦᠯᠦᠭᠰᠡᠨ ᠬᠠᠤᠯᠢ ᠪᠤᠰᠤ ᠪᠠᠶᠢᠳᠠᠯ ᠢᠶᠠᠷ ᠭᠤᠣᠯᠯᠠᠭᠤᠯᠤᠨ᠂ ᠴᠣᠬᠢᠯᠲᠠ ᠥᠭᠪᠡᠰᠦ ᠵᠣᠬᠢᠬᠤ ᠶᠢ ᠨᠢ ᠪᠦᠬᠦᠨ ᠢ ᠴᠣᠬᠢᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠣᠷᠣᠨ ᠵᠠᠢ ᠶᠢ ᠲᠠᠰᠤᠷᠠᠯᠲᠠ ᠦᠭᠡᠢ ᠴᠡᠪᠡᠷᠰᠢᠭᠦᠯᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠵᠢᠯ ᠢᠶᠠᠨ ᠨᠢᠭᠡᠳᠦᠯᠲᠡᠢ ᠲᠥᠯᠥᠪᠯᠡᠬᠦ ᠪᠠᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢ ᠶᠢᠨ ᠬᠠᠷᠢᠭᠤᠴᠠᠯᠭᠠᠲᠤ ᠰᠠᠯᠠᠭ᠎ᠠ ᠮᠥᠴᠢᠷ ᠤᠨ ᠴᠢᠳᠠᠮᠠᠭᠠᠢ ᠴᠢᠨᠠᠷ ᠢ ᠭᠦᠢᠴᠡᠳ ᠳᠠᠶᠢᠴᠢᠯᠠᠨ᠂ ᠪᠠᠶᠢᠷᠢᠯᠠᠭᠤᠯᠤᠯᠲᠠ ᠲᠠᠢ᠂ ᠨᠠᠶᠢᠳᠠᠪᠤᠷᠢᠵᠢᠭᠤᠯᠤᠯᠲᠠ ᠲᠠᠢ᠂ ᠰᠢᠪᠠᠳᠠᠯᠲᠠ ᠲᠠᠢ᠂ ᠳ᠋ᠦᠩᠨᠡᠯᠲᠡ ᠲᠠᠢ ᠪᠠᠶᠢᠬᠤ ᠬᠡᠷᠡᠭᠲᠡᠢ︔ ᠬᠠᠤᠯᠢ ᠪᠠᠷ ᠵᠠᠰᠠᠬᠤ ᠰᠡᠳᠬᠢᠬᠦᠢ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢᠨ ᠭᠡᠷᠡᠴᠢ ᠪᠠᠷᠢᠮᠲᠠ ᠨᠢ ᠪᠠᠲᠤᠲᠠᠢ᠂ ᠪᠣᠳᠠᠲᠤ ᠶᠠᠪᠤᠳᠠᠯ ᠨᠢ ᠲᠣᠳᠣᠷᠬᠠᠢ᠂ ᠵᠢᠷᠤᠮ  ᠨᠢ ᠵᠢᠷᠤᠮᠵᠢᠯ ᠲᠠᠢ᠂ ᠬᠠᠤᠯᠢ ᠴᠠᠭᠠᠵᠠ ᠶᠢᠨ ᠬᠡᠷᠡᠭᠯᠡᠯᠲᠡ ᠨᠢ ᠣᠨᠣᠪᠴᠢᠲᠠᠢ ᠪᠠᠶᠢᠬᠤ ᠶᠢ ᠪᠠᠲᠤᠯᠠᠵᠤ᠂ ᠤᠯᠤᠰ ᠲᠦᠷᠦ᠂ ᠬᠠᠤᠯᠢ ᠴᠠᠭᠠᠵᠠ᠂ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ᠃ ᠲᠤᠰ ᠤᠳᠠᠭ᠎ᠠ ᠶᠢᠨ ᠲᠤᠰᠬᠠᠢ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠨᠡᠪᠲᠡᠷᠡᠭᠦᠯᠬᠦ᠂ ᠬᠡᠷᠡᠭ ᠢ ᠪᠠᠶᠢᠴᠠᠭᠠᠵᠤ ᠬᠠᠮᠵᠢᠯᠴᠠᠬᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠷ ᠭᠤᠣᠯᠳᠠᠯᠭ᠎ᠠ ᠪᠣᠯᠭᠠᠭᠰᠠᠨ ᠬᠠᠤᠯᠢ ᠬᠡᠷᠡᠭᠵᠢᠭᠦᠯᠬᠦ ᠲᠣᠭᠲᠠᠴᠠ ᠶᠢᠨ ᠪᠦᠷᠢᠯᠳᠦᠬᠦ ᠶᠢ  ᠠᠬᠢᠭᠤᠯᠤᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1