ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠬᠤ ᠨᠢ ︽ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ︾᠂ ︽ᠰᠤᠷᠤᠯᠴᠠᠯᠭ᠎ᠠ ᠪᠠᠷ ᠺᠠᠳ᠋ᠷ ᠢ ᠠᠬᠢᠭᠤᠯᠬᠤ︾ ᠳᠡᠭᠡᠷ᠎ᠡ ᠬᠦᠴᠦ ᠲᠠᠯᠪᠢᠨ᠎ᠠ ︱ ᠲᠤᠭᠳᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/7/18
      ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠠ ᠬᠤᠷᠠᠯ ᠠᠴᠠ ᠪᠠᠲᠤᠯᠠᠭᠰᠠᠨ︽ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠬᠦ ᠲᠣᠭᠲᠠᠭᠠᠯ︾᠂ ᠬᠤᠲᠠ   ᠶᠢᠨ ᠨᠠᠮ ᠤᠨ ᠬᠤᠷᠢᠶ᠎ᠠ ︿ᠵᠢᠷᠭᠤᠭᠠᠨ ᠦᠯᠢᠭᠡᠷ ᠳᠠᠭᠤᠷᠢᠶᠠᠯ ᠪᠣᠯᠬᠤ﹀ ᠡᠭᠦᠳᠡᠨ ᠠᠴᠠ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ ᠡᠨᠡ ᠨᠢ ᠬᠤᠲᠠ ᠶᠢᠨ ᠨᠠᠮ ᠤᠨ ᠬᠤᠷᠢᠶᠠᠨ ᠤ ᠳᠡᠭᠡᠳᠦ ᠬᠡᠮᠵᠢᠶᠡᠨ ᠤ ᠤᠯᠤᠰ ᠲᠥᠷᠥ ᠶᠢᠨ ᠵᠣᠭᠰᠣᠯᠲᠠ ᠪᠠ ᠠᠵᠢᠯᠯᠠᠭᠠᠨ ᠤ ᠤᠬᠠᠮᠰᠠᠷ ᠢ ᠭᠦᠢᠴᠡᠳ ᠬᠠᠷᠠᠭᠤᠯᠵᠤ ᠪᠠᠶᠢᠨ᠎ᠠ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠨᠢ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ   ᠢ ᠬᠢᠨᠠᠮᠠᠭᠠᠢ ᠰᠠᠶᠢᠲᠤᠷ ᠠᠳᠬᠤᠨ᠎ᠠ︾ ᠭᠡᠵᠦ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ   ᠶᠢ ᠬᠦᠯᠢᠶᠡᠬᠦ ᠳᠡᠭᠡᠨ ᠬᠡᠯᠡᠭᠰᠡᠨ ᠪᠠᠶᠢᠨ᠎ᠠ᠃      ᠸᠠᠩ ᠳ᠋ᠦᠩ ᠱᠧᠩ᠂ ᠣᠳᠣᠬᠠᠨ ᠳᠤ᠂ ᠪᠦᠬᠦ ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ︽ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ︾ ︽ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠬᠤ︾ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠢᠭᠡ ᠳᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠪᠣᠳᠠᠲᠠᠢ ᠶᠢ ᠡᠷᠬᠢᠮᠯᠡᠨ ᠬᠠᠳᠤᠨ ᠭᠤᠣᠯ ᠤᠨ ︽ᠬᠡᠳᠦᠨ ᠦᠰᠦᠭ ᠤᠨ ᠮᠤᠷᠤᠶᠢᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠮᠢᠩᠭᠠᠨ ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠤᠰᠤᠯᠠᠯᠲᠠ ᠶᠢᠨ ᠣᠷᠣᠨ ᠤ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠲᠠᠷᠢᠶᠠᠯᠠᠩ ᠤᠨ ᠤᠰᠤ ᠠᠷᠪᠢᠯᠠᠵᠤ ᠶᠡᠷᠦᠩᠬᠡᠶᠢᠯᠡᠨ ᠠᠰᠢᠭᠯᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠠᠬᠢᠭᠤᠯᠬᠤ ᠬᠡᠷᠡᠭᠲᠡᠢ︔ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠠᠴᠠ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠳᠠᠪᠠᠭᠤᠯᠢᠭ ᠭᠤᠣᠯᠯᠠᠭᠴᠢ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠬᠤ᠂ ᠲᠦᠷᠦᠯ ᠵᠦᠢᠯ ᠪᠠᠶᠢᠭᠤᠯᠬᠤ᠂ ᠪᠡᠯᠡ ᠣᠷᠣᠭᠤᠯᠤᠯᠲᠠ ᠶᠢ ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠠᠳᠬᠤᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠪᠦᠯᠦᠭᠵᠢᠯ ᠮᠠᠶ᠋ᠢᠭ ᠤᠨ ᠬᠡᠯᠬᠢᠶ᠎ᠡ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ ᠬᠤᠶᠠᠷ ᠲᠤ᠂ ᠠᠵᠢᠯ ᠬᠢᠵᠦ ᠦᠢᠯᠡᠰ ᠪᠣᠰᠬᠠᠬᠤ ᠴᠤᠭ ᠵᠢᠪᠬᠤᠭ᠎ᠠ ᠪᠠᠨ ᠭᠦᠢᠴᠡᠳ ᠪᠠᠳᠠᠷᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠭᠤᠷᠪᠠᠨ ᠬᠡᠯᠪᠡᠷᠢ︾ ᠶᠢᠨ ᠺᠠᠳ᠋ᠷ ᠢ ᠰᠢᠯᠭᠠᠷᠠᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠭᠤᠷᠪᠠ ᠳᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠯᠠᠨ ᠤ ᠬᠦᠴᠦᠨ ᠢ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠡᠭᠦᠨ ᠤ ᠬᠠᠮᠲᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠤᠬᠠᠮᠰᠠᠷ ᠠᠴᠠ ᠪᠠᠨ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠠᠷᠪᠢᠴᠢ ᠭᠠᠮᠲᠠᠢ ᠠᠵᠢᠯᠯᠠᠭ᠎ᠠ ᠶᠢᠨ ᠪᠠᠷᠢᠮᠵᠢᠶ᠎ᠠ ᠶᠢ ᠦᠢᠯᠡᠳᠦᠯᠭᠡᠵᠢᠭᠦᠯᠵᠦ᠂ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠦᠨᠡᠨ ᠪᠣᠳᠠᠲᠠᠢ ᠠᠵᠢᠯᠯᠠᠬᠤ ᠴᠣ᠋ ᠰᠢᠨ᠎ᠡ ᠰᠤᠷᠲᠠᠯ ᠢᠶᠠᠷ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠣᠷᠣᠨ ᠤ ᠲᠥᠪ ᠤᠨ ︽ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠲᠦᠭᠡᠨ ᠪᠠᠶᠢᠭᠤᠯᠬᠤ︾ ᠬᠠᠷᠠᠯᠲᠠ ᠡᠭᠦᠷᠭᠡ ᠶᠢᠨ ᠳᠤᠮᠳᠠ ᠲᠣᠭᠲᠠᠬᠤ ᠰᠢᠶᠠᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1