ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2023/7/19
      ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠨᠢ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ᠂ ︽ᠲᠤᠶᠢᠯ ᠤᠨ ᠶᠡᠭᠡ ᠶᠠᠪᠤᠳᠠᠯ︾ ᠪᠣᠯᠬᠤ ᠤᠴᠢᠷ ᠠᠴᠠ ᠬᠠᠷᠢᠭᠤᠴᠠᠯᠭ᠎ᠠ ᠶᠢᠨ ᠬᠥᠪᠴᠢ ᠶᠢ ᠢᠮᠠᠭᠲᠠ ᠴᠢᠩᠭᠠᠯᠠᠬᠤ ᠬᠡᠷᠡᠭᠲᠡᠢ᠃      ᠤᠷᠢᠳᠴᠢᠯᠠᠨ ᠮᠡᠳᠡᠭᠡᠯᠡᠬᠦ᠂ ᠴᠤᠭᠯᠠᠷᠠᠨ ᠵᠥᠪᠳᠡᠯᠴᠡᠬᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠪᠠᠴᠢᠮ ᠲᠦᠷᠭᠡᠨ ᠠᠪᠤᠷᠠᠨ ᠲᠤᠰᠠᠯᠠᠬᠤ ᠁ ᠣᠳᠣᠬᠠᠨ ᠳᠤ ᠶᠠᠭ ᠰᠠᠶᠢᠬᠠᠨ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠣᠨᠴᠠᠭᠠᠢ ᠴᠠᠭ ᠠᠭᠤᠷ ᠤᠯᠠᠨ ᠡᠭᠦᠰᠴᠦ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠦᠶᠡᠷ︾ ᠢ ᠰᠡᠷᠭᠡᠶᠢᠯᠡᠨ᠂ ᠦᠶᠡᠷ ᠲᠠᠢ ᠤᠷᠤᠯᠳᠤᠨ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃      ᠲᠦᠷᠦᠭᠦᠬᠡᠨ᠂ ᠶᠡᠷᠦᠩᠬᠡᠢ ᠱᠦᠵᠢ ᠰᠢ ᠶᠢᠨ ᠫᠢᠩ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠳᠤ ᠴᠢᠬᠤᠯᠠ ᠵᠢᠭᠠᠪᠤᠷᠢ ᠥᠭᠴᠦ᠂ ︽ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠂ ᠡᠮᠦᠨ᠎ᠡ ᠹᠷᠣᠨᠲ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠠᠵᠢᠯ  ᠳᠠᠭᠠᠨ ᠬᠠᠷᠢᠭᠤᠴᠠᠯᠭ᠎ᠠ ᠲᠠᠢ᠂ ᠬᠠᠷᠢᠭᠤᠴᠠᠯᠭ᠎ᠠ ᠪᠠᠨ ᠰᠠᠬᠢᠬᠤ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨᠬᠦ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠲᠦᠷᠦᠯ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠬᠤ ᠬᠡᠷᠡᠭᠲᠡᠢ︾ ᠭᠡᠵᠦ ᠱᠠᠭᠠᠷᠳᠠᠵᠠᠢ᠃ ᠣᠶᠢᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠳᠤ ᠠᠵᠢᠯ ᠪᠠᠶᠢᠴᠠᠭᠠᠬᠤ ᠳᠠᠭᠠᠨ᠂ ︽ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠩ ᠢ ᠡᠰᠡᠷᠭᠦᠴᠡᠬᠦ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠬᠤ ᠬᠡᠷᠡᠭᠲᠡᠢ︾ ︽ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ︾ ᠭᠡᠵᠦ ᠴᠢᠬᠤᠯᠠᠴᠢᠯᠠᠵᠠᠢ᠃ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ ᠵᠠᠩᠭᠢᠯᠠᠭ᠎ᠠ ᠶᠢᠨ ᠴᠠᠭ ᠪᠣᠯᠬᠤ ᠲᠤᠲᠤᠮ ᠤᠯᠠᠮ ᠴᠢᠩᠭ᠎ᠠ ᠠᠳᠬᠤᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠨ ᠠᠳᠬᠤᠬᠤ ᠬᠡᠷᠡᠭᠲᠡᠢ᠃      ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠨᠢ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ᠂ ︽ᠲᠤᠶᠢᠯ ᠤᠨ ᠶᠡᠭᠡ ᠶᠠᠪᠤᠳᠠᠯ︾ ᠪᠣᠯᠬᠤ ᠤᠴᠢᠷ ᠠᠴᠠ ᠬᠠᠷᠢᠭᠤᠴᠠᠯᠭ᠎ᠠ ᠶᠢᠨ ᠬᠥᠪᠴᠢ ᠶᠢ ᠢᠮᠠᠭᠲᠠ ᠴᠢᠩᠭᠠᠯᠠᠬᠤ ᠬᠡᠷᠡᠭᠲᠡᠢ᠃ ᠣᠶᠢᠷ᠎ᠠ ᠶᠢᠨ ᠵᠢᠯ ᠤᠳ ᠲᠤ ᠲᠤᠶᠢᠯ ᠤᠨ ᠴᠠᠭ ᠠᠭᠤᠷ ᠣᠯᠠᠨ᠂ ᠬᠦᠴᠦᠷᠬᠡᠭ᠂ ᠥᠷᠭᠡᠨ ᠬᠠᠨᠳᠤᠰᠢ ᠲᠠᠢ ᠪᠣᠯᠵᠤ᠂ ᠰᠢᠷᠦᠭᠦᠨ ᠪᠣᠷᠣᠭᠠᠨ ᠦᠶᠡᠷ ᠤᠰᠤᠲᠤᠯ ᠭᠠᠩ ᠵᠡᠷᠭᠡ ᠭᠠᠮᠰᠢᠭ ᠤᠨ ᠭᠡᠨᠡᠳᠲᠡ ᠶᠢᠨ ᠴᠢᠨᠠᠷ᠂ ᠲᠤᠶᠢᠯ ᠤᠨ ᠴᠢᠨᠠᠷ᠂ ᠬᠡᠪ ᠤᠨ ᠪᠤᠰᠤ ᠴᠢᠨᠠᠷ ᠤᠯᠠᠮ ᠠᠴᠠ ᠤᠯᠠᠮ ᠢᠯᠡᠷᠬᠡᠢ ᠪᠣᠯᠵᠤ᠂ ᠲᠡᠦᠬᠡ ᠶᠢᠨ ᠲᠡᠮᠳᠡᠭᠯᠡᠯ ᠢ ᠳᠠᠪᠠᠭᠰᠠᠨ ᠤᠰᠤ ᠭᠠᠩ ᠤᠨ ᠭᠠᠮᠰᠢᠭ ᠤᠨ ᠪᠠᠶᠢᠨ ᠳᠠᠬᠢᠨ ᠭᠠᠷᠴᠤ ᠪᠠᠶᠢᠨ᠎ᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ 7 ᠳ᠋ᠤᠭᠠᠷ ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ᠂ ᠣᠷᠣᠨ ᠪᠦᠰᠡ ᠶᠢᠨ ᠴᠢᠨᠠᠷᠲᠠᠢ ᠦᠶᠡᠷ᠂ ᠭᠠᠩ ᠬᠠᠭᠰᠠᠷᠭᠠᠨ᠂ ᠥᠨᠳᠥᠷ ᠳᠤᠯᠠᠭᠠᠨ ᠬᠡᠭᠦᠳᠦᠨ᠎ᠡ᠃ ᠪᠢᠳᠡ ᠥᠴᠥᠬᠡᠨ ᠴᠦ ᠴᠠᠯᠠᠭᠠᠶᠢᠷᠠᠬᠤ ᠪᠤᠳᠤᠯ ᠲᠠᠢ ᠪᠠᠶᠢᠵᠤ ᠪᠣᠯᠬᠤ ᠦᠭᠡᠢ᠂ ᠨᠡᠩ ᠴᠤ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ᠶᠢ ᠱᠠᠭᠠᠷᠳᠠᠵᠤ ᠪᠠᠶᠢᠨ᠎ᠠ᠃2023 ᠣᠨ ᠤ ᠪᠦᠬᠦ ᠤᠯᠤᠰ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠠᠰᠠᠭ ᠵᠠᠬᠢᠷᠭᠠᠨ ᠤ ᠬᠠᠷᠢᠭᠤᠴᠠᠯᠭᠠᠲᠠᠨ᠂ ᠪᠦᠬᠦ ᠤᠯᠤᠰ ᠤᠨ 726 ᠲᠣᠮᠣ ᠬᠡᠯᠪᠡᠷᠢ ᠶᠢᠨ ᠤᠰᠤᠨ ᠴᠥᠭᠦᠷᠥᠮ ᠤᠨ ᠬᠠᠰᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ ᠨᠡᠷᠡᠰ ᠢ ᠨᠡᠶᠢᠲᠡᠯᠡᠵᠦ᠂ ᠡᠳᠦᠷ ᠪᠦᠷᠢ 100 ᠳᠤᠮᠳᠠ ᠪᠠᠭ᠎ᠠ ᠬᠡᠯᠪᠡᠷᠢ ᠶᠢᠨ ᠤᠰᠤᠨ ᠴᠥᠭᠦᠷᠥᠮ ᠢ ᠰᠣᠩᠭᠤᠨ ᠪᠠᠶᠢᠴᠠᠭᠠᠵᠤ ᠬᠠᠷᠢᠭᠤᠴᠠᠯᠭᠠᠲᠠᠨ ᠢ ᠱᠠᠭᠠᠷᠳᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠪᠠ᠃ ᠵᠠᠷᠢᠮ ᠭᠠᠵᠠᠷ ᠣᠷᠣᠨ ᠳᠤ ᠤᠯᠠᠨ ᠵᠢᠯ ᠰᠢᠷᠦᠭᠦᠨ ᠪᠣᠷᠣᠭᠠᠨ ᠦᠶᠡᠷ ᠤᠰᠤᠲᠤᠯ ᠳᠤ ᠤᠴᠠᠷᠠᠭᠰᠠᠨ ᠦᠭᠡᠢ ᠪᠣᠯᠬᠤᠷ ᠠᠵᠠ ᠵᠠᠪᠰᠢᠶᠠᠨ ᠢ ᠡᠷᠢᠬᠦ ᠪᠤᠳᠤᠯ ᠢᠶᠠᠨ ᠠᠮᠠᠷᠬᠠᠨ ᠰᠤᠯᠠᠷᠠᠭᠤᠯᠵᠤ ᠮᠡᠳᠡᠨ᠎ᠠ ᠭᠡᠳᠡᠭ ᠢ ᠪᠠᠰᠠ ᠣᠯᠵᠤ ᠬᠠᠷᠠᠬᠤ ᠬᠡᠷᠡᠭᠲᠡᠢ᠃ ᠵᠠᠷᠢᠮ ᠭᠠᠵᠠᠷ ᠤᠨ ᠬᠢᠨ ᠡᠬᠢᠨ ᠤ ᠬᠤᠭᠤᠴᠠᠭᠠᠨ ᠳᠤ ᠭᠠᠩ ᠬᠠᠭᠰᠠᠷᠠᠭᠠᠨ ᠳᠤ ᠳᠠᠭᠠᠷᠢᠭᠳᠠᠵᠤ᠂ ᠤᠰᠤ ᠪᠠᠨ ᠬᠠᠳᠠᠭᠠᠯᠠᠵᠤ ᠤᠰᠤ ᠪᠠᠨ ᠭᠠᠮᠨᠠᠵᠤ᠂ ᠭᠠᠩ ᠤᠰᠤᠲᠤᠯ‌‍ᠤᠨ ᠪᠠᠴᠢᠮ ᠡᠷᠭᠢᠯᠲᠡ ᠶᠢᠨ ᠪᠡᠯᠡᠳᠬᠡᠯ ᠢ ᠬᠠᠷᠠᠬᠠᠨ ᠬᠢᠭᠡᠳᠦᠢ ᠪᠠᠶᠢᠨ᠎ᠠ᠃ ᠦᠶᠡᠷ ᠢ ᠰᠡᠷᠭᠡᠶᠢᠯᠡᠬᠦ  ᠬᠡᠮᠵᠢᠯᠳᠡ᠂ ᠮᠡᠳᠡᠭᠦᠯᠦᠯᠳᠡ᠂ ᠰᠡᠷᠭᠡᠶᠢᠯᠡᠯᠳᠡ᠂ ᠡᠰᠡᠭᠦᠴᠡᠯᠳᠡ᠂ ᠠᠪᠤᠷᠠᠯᠳᠠ ᠵᠡᠷᠭᠡ ᠭᠤᠭᠴᠤᠭ᠎ᠠ ᠨᠢ ᠨᠢᠭᠲᠠ ᠬᠤᠯᠪᠣᠯᠳᠤᠵᠤ᠂ ᠡᠷᠬᠡᠪᠰᠢ ᠨᠠᠷᠢᠨ ᠨᠢᠭᠲᠠ ᠪᠠᠶᠢᠷᠢᠯᠠᠭᠤᠯᠵᠤ᠂ ᠡᠷᠲᠡᠬᠡᠨ ᠬᠥᠳᠡᠯᠦᠯᠴᠡᠪᠡᠯ ᠰᠠᠶ᠋ᠢ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠦᠶᠡᠷ ᠤᠨ ᠡᠮᠦᠨ᠎ᠡ ᠲᠠᠯᠪᠢᠵᠤ ᠴᠢᠳᠠᠨ᠎ᠠ᠃ ᠬᠤᠯᠪᠣᠭᠳᠠᠯ ᠪᠦᠬᠦᠢ ᠬᠠᠷᠢᠭᠤᠴᠠᠯᠭᠠᠲᠠᠨ ᠡᠷᠬᠡᠪᠰᠢ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠲᠣᠭᠲᠠᠭᠠᠯᠲᠤ ᠴᠢᠨᠠᠷ ᠢᠶᠠᠷ ᠦᠶᠡᠷ ᠤᠨ ᠪᠠᠶᠢᠳᠠᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠬᠤ ᠬᠡᠷᠡᠭᠲᠡᠢ᠃      ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠪᠠᠨ ᠯᠠᠪᠳᠠᠭᠤᠨ ᠡᠭᠦᠷᠭᠡᠯᠡᠬᠦ ᠳᠤ ᠡᠷᠬᠡᠪᠰᠢ ᠬᠤᠸᠠᠷ ᠬᠠᠳᠬᠤᠬᠤ ᠵᠤᠷᠢᠭ ᠰᠠᠨᠠᠭ᠎ᠠ ᠪᠠᠷ ᠨᠠᠷᠢᠨ ᠨᠢᠮᠪᠠᠢ ᠬᠢᠬᠦ ᠬᠡᠷᠡᠭᠲᠡᠢ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠭᠤᠣᠯ ᠮᠥᠷᠡᠨ ᠤ ᠬᠠᠰᠢᠯᠭ᠎ᠠ᠂ ᠤᠰᠤᠨ ᠬᠠᠭᠠᠯᠲᠠ ᠵᠡᠷᠭᠡ ᠦᠶᠡᠷ ᠢ ᠰᠡᠷᠭᠡᠶᠢᠯᠡᠬᠦ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠨ᠎ᠠ᠂ ᠭᠡᠪᠡᠴᠦ ᠵᠠᠷᠢᠮ ᠬᠠᠰᠢᠯᠭ᠎ᠠ ᠶᠢᠨ ᠬᠡᠰᠡᠭ᠂ ᠭᠠᠵᠠᠷ ᠳᠣᠣᠷᠠᠬᠢ ᠭᠦᠨ ᠬᠡᠰᠡᠭ ᠲᠤ ᠰᠢᠷᠭᠤᠯᠵᠢ ᠶᠢᠨ ᠡᠭᠦᠷ᠂ ᠮᠠᠩᠭᠢᠰᠤ ᠶᠢᠨ ᠠᠭᠤᠢ ᠣᠷᠣᠰᠢᠵᠤ ᠪᠠᠶᠢᠬᠤ ᠪᠣᠯᠬᠤᠷ ᠠᠮᠠᠷᠬᠠᠨ ᠨᠡᠪᠴᠢᠵᠦ ᠭᠤᠭᠤᠵᠢᠬᠤ᠂ ᠬᠤᠭᠤᠯᠠᠢ ᠣᠷᠭᠢᠯᠬᠤ ᠠᠶᠤᠯᠲᠠᠢ ᠪᠠᠶᠢᠳᠠᠯ ᠢ ᠡᠭᠦᠰᠬᠡᠵᠦ ᠮᠡᠳᠡᠨ᠎ᠡ᠃ ᠭᠠᠭᠴᠠᠬᠦ ᠲᠤᠤᠷᠴᠢᠯᠠᠨ ᠵᠢᠭᠰᠠᠭᠠᠨ ᠪᠠᠶᠢᠴᠠᠭᠠᠵᠤ᠂ ᠤᠨᠢᠨ ᠳᠡᠭᠡᠷ᠎ᠡ ᠨᠢ ᠬᠢᠨᠠᠨ ᠪᠠᠶᠢᠴᠠᠭᠠᠵᠦ᠂ ᠴᠡᠭ ᠲᠣᠭᠲᠠᠭᠠᠨ ᠰᠡᠯᠪᠢᠨ ᠵᠠᠰᠠᠪᠠᠯ ᠰᠠᠢᠢ ᠶᠡᠭᠡ ᠬᠠᠰᠢᠯᠭ᠎ᠠ ᠶᠢᠨ ᠦᠶᠡᠷ ᠢ ᠡᠰᠡᠷᠭᠦᠴᠡᠬᠦ ᠳᠤᠮᠳᠠ ᠵᠠᠩᠭᠢᠯᠠᠭ᠎ᠠ ᠶᠢᠨ ᠦᠢᠯᠡᠳᠦᠯ ᠦᠵᠡᠭᠦᠯᠬᠦ ᠶᠢ ᠪᠠᠲᠤᠯᠠᠵᠤ ᠴᠢᠳᠠᠨ᠎ᠠ᠃ ᠳᠤᠮᠳᠠ ᠵᠢᠵᠢᠭ ᠭᠤᠣᠯ ᠮᠥᠷᠡᠨ ᠤ ᠡᠬᠢ ᠰᠤᠷᠪᠤᠯᠵᠢ ᠶᠢᠨ ᠤᠷᠤᠰᠬᠠᠯ ᠨᠢ ᠲᠦᠷᠭᠡᠨ᠂ ᠦᠶᠡᠷ ᠤᠨ ᠤᠰᠤᠨ ᠤ ᠪᠣᠢ ᠪᠣᠯᠬᠤ ᠬᠤᠭᠤᠴᠠᠭ᠎ᠠ ᠨᠢ ᠣᠬᠤᠷ ᠮᠥᠷᠲᠡᠭᠡᠨ ᠦᠶᠡᠷ ᠢ ᠰᠡᠷᠭᠡᠶᠢᠯᠡᠬᠦ ᠲᠥᠬᠦᠭᠡᠷᠦᠮᠵᠢ ᠨᠢ ᠬᠠᠷᠢᠴᠠᠩᠭᠤᠢ ᠪᠠᠷ ᠪᠠᠭᠤᠷᠠᠢ ᠪᠣᠯᠬᠤᠷ ᠠᠮᠠᠷᠬᠠᠨ ᠤᠰᠤᠲᠤᠯ‌ᠡᠴᠠ ᠪᠣᠯᠵᠤ ᠭᠠᠮᠰᠢᠭ ᠪᠣᠯᠳᠠᠭ᠃ ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠰᠢ᠂ ᠵᠠᠷᠢᠮ ᠭᠤᠣᠯ ᠮᠥᠷᠡᠨ ᠳᠤ ᠰᠡᠷᠡᠮᠵᠢᠯᠡᠭᠦᠯᠦᠯ ᠠᠴᠠ ᠳᠠᠪᠠᠭᠰᠠᠨ ᠦᠶᠡᠷ ᠤᠨ ᠭᠠᠮᠰᠢᠭ ᠭᠠᠷᠴᠠᠢ᠂ ᠡᠨᠡ ᠨᠢ ᠪᠢᠳᠡᠨ ᠳᠤ ᠳᠠᠬᠢᠨᠲᠠ ᠰᠡᠷᠡᠮᠵᠢ ᠶᠢᠨ ᠳᠣᠬᠢᠶ᠎ᠠ ᠥᠭᠴᠡᠢ᠂ ᠪᠠᠭᠤᠷᠠᠢ ᠭᠤᠭᠴᠤᠭ᠎ᠠ ᠶᠢ ᠴᠢᠩᠭ᠎ᠠ ᠠᠵᠢᠭᠯᠠᠵᠤ᠂ ᠠᠶᠤᠯ ᠠᠴᠠ ᠠᠪᠤᠷᠠᠬᠤ ᠬᠦᠴᠦᠨ᠂ ᠡᠳ᠋ ᠪᠣᠳᠠᠰ ᠪᠣᠯᠣᠨ ᠲᠣᠨᠤᠭ ᠲᠥᠬᠦᠭᠡᠷᠦᠮᠵᠢ ᠶᠢ ᠤᠷᠢᠳᠴᠢᠯᠠᠨ ᠪᠠᠶᠢᠷᠢᠯᠠᠭᠤᠯᠵᠤ᠂ ᠡᠷᠲᠡ ᠠᠴᠠ ᠢᠯᠡᠷᠡᠭᠦᠯᠵᠦ᠂ ᠡᠷᠲᠡ ᠠᠴᠠ ᠰᠢᠢᠳᠪᠦᠷᠢᠯᠡᠬᠦ ᠬᠡᠷᠡᠭᠲᠡᠢ᠃ ᠬᠤᠲᠠ ᠶᠢᠨ ᠤᠰᠤᠲᠤᠯ ᠪᠣᠯ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠬᠦᠷᠢᠶ᠎ᠡ ᠪᠣᠯᠣᠨ᠎ᠠ᠂ ᠭᠠᠵᠠᠷ ᠳᠣᠣᠷᠠᠬᠢ ᠲᠡᠮᠦᠷ ᠵᠠᠮ᠂ ᠭᠠᠵᠠᠷ ᠳᠣᠣᠷᠠᠬᠢ ᠲᠡᠷᠭᠡᠨ ᠬᠥᠮᠥᠷᠭᠡ᠂ ᠵᠥᠷᠢᠯᠢᠭ ᠬᠥᠭᠦᠷᠭᠡ ᠵᠡᠷᠭᠡ ᠠᠮᠠᠷᠬᠠᠨ ᠤᠰᠤ ᠬᠤᠷᠠᠳᠠᠭ ᠭᠠᠵᠠᠷ ᠦᠶᠡᠷ ᠢ ᠰᠡᠷᠭᠡᠶᠢᠯᠡᠬᠦ ᠠᠵᠢᠯ ᠢ ᠡᠷᠬᠡᠪᠰᠢ ᠡᠷᠲᠡ ᠲᠤᠬᠢᠷᠠᠭᠤᠯᠵᠦ ᠡᠷᠲᠡ ᠪᠠᠶᠢᠷᠢᠯᠠᠭᠤᠯᠬᠤ ᠬᠡᠷᠡᠭᠲᠡᠢ︔ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ ᠴᠠᠭ ᠢ ᠨᠠᠷᠢᠯᠢᠭ ᠰᠣᠩᠭᠤᠵᠤ᠂ ᠬᠤᠳᠠ ᠶᠢᠨ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠶᠠᠪᠤᠵᠤ ᠰᠠᠭᠤᠬᠤ ᠶᠢ ᠨᠢ ᠵᠣᠬᠢᠰᠲᠠᠢ ᠲᠣᠬᠢᠷᠠᠭᠤᠯᠵᠤ᠂ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠪᠠᠯ ᠰᠠᠶ᠋ᠢ ᠦᠶᠡᠷ ᠢ ᠰᠡᠷᠭᠡᠶᠢᠯᠡᠬᠦ ᠠᠵᠢᠯ ᠤᠨ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠵᠤ ᠴᠢᠳᠠᠨ᠎ᠠ᠃      ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠶᠢᠨ ᠵᠣᠭᠰᠣᠴᠠ ᠪᠣᠯ ᠢᠮᠠᠭᠲᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠪᠣᠯᠣᠨ᠎ᠠ᠃ ᠡᠯ᠎ᠡ ᠵᠦᠢᠯ ᠤᠨ ᠠᠷᠭ᠎ᠠ ᠬᠡᠮᠵᠢᠶ᠎ᠡ ᠠᠪᠬᠤ ᠳᠤ ᠡᠷᠬᠡᠪᠰᠢ ︽ᠬᠥᠮᠥᠨ︾ ᠤ ᠵᠦᠢᠯ ᠢ ᠭᠦᠢᠴᠡᠳ ᠪᠣᠳᠣᠯᠬᠢᠯᠠᠬᠤ ᠬᠡᠷᠡᠭᠲᠡᠢ᠃ ᠵᠢᠱᠢᠶᠡᠯᠡᠪᠡᠯ᠂ ᠴᠠᠭ ᠲᠤᠬᠠᠢ ᠳᠤᠨᠢ ᠰᠢᠯᠵᠢᠭᠦᠯᠬᠦ ᠪᠣᠯ ᠬᠥᠮᠥᠰ ᠤᠨ ᠠᠮᠤᠷ ᠲᠦᠪᠰᠢᠨ ᠢ ᠪᠠᠲᠤᠯᠠᠬᠤ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠶᠢᠨ ᠨᠢᠭᠡ ᠮᠥᠨ᠂ ᠠᠭᠤᠯᠠᠨ ᠦᠶᠡᠷ ᠤᠨ ᠰᠡᠷᠡᠮᠵᠢᠯᠡᠭᠦᠯᠦᠯ ᠢ ᠣᠯᠣᠭᠰᠠᠨ ᠤ ᠲᠠᠷᠠᠭ᠎ᠠ᠂ ᠠᠶᠤᠯ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ᠂ ᠰᠦᠷᠳᠡᠭᠦᠯᠦᠯ ᠳᠤ ᠤᠴᠠᠷᠠᠭᠰᠠᠨ ᠣᠷᠣᠨ ᠤ ᠬᠥᠮᠥᠰ ᠢ ᠲᠡᠷᠡ ᠳᠠᠷᠤᠢ ᠳᠤᠨᠢ ᠰᠢᠯᠵᠢᠭᠦᠯᠬᠦ ᠬᠡᠷᠡᠭᠲᠡᠢ᠃ ᠰᠢᠯᠵᠢᠭᠦᠯᠬᠦ ᠲᠥᠰᠥᠯ᠂ ᠬᠤᠭᠤᠯᠠ ᠬᠤᠨᠤᠭ ᠤᠨ ᠲᠣᠬᠢᠷᠠᠭᠤᠯᠤᠯᠲᠠ ᠵᠡᠷᠭᠡ  ᠨᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠶᠢᠬᠤ ᠬᠡᠷᠡᠭᠲᠡᠢ᠃ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠪᠡᠯᠡᠳᠬᠡᠯ ᠲᠥᠰᠥᠯ ᠢ ᠨᠡᠩ ᠣᠨᠣᠪᠴᠢᠲᠠᠶ ᠲᠣᠬᠢᠷᠠᠭᠤᠯᠵᠤ᠂ ᠲᠣᠬᠢᠷᠠᠭᠤᠯᠤᠯᠲᠠ ᠶᠢ ᠨᠡᠩ ᠨᠠᠷᠢᠯᠢᠭ ᠪᠣᠯᠭᠠᠪᠠᠯ ᠰᠠᠶ᠋ᠢ ᠬᠥᠮᠥᠨ ᠤ ᠦᠬᠦᠯ ᠰᠢᠷᠬᠠᠲᠤᠯ ᠪᠣᠯᠣᠨ ᠭᠠᠢ ᠭᠠᠮᠰᠢᠭ ᠤᠨ ᠬᠤᠬᠢᠷᠠᠯ ᠢ ᠠᠯᠢ ᠴᠢᠳᠠᠬᠤ ᠪᠠᠷ ᠪᠠᠭᠠᠰᠬᠠᠵᠤ ᠴᠢᠳᠠᠨ᠎ᠠ᠃      ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠨᠢ ᠵᠥᠪᠬᠡᠨ ᠦᠶᠡᠷ ᠤᠨ ᠬᠤᠭᠤᠴᠠᠭᠠᠨ ᠳᠤ ᠬᠢᠬᠦ ᠪᠠᠶᠢᠬᠤ ᠪᠢᠰᠢ᠃ ᠡᠩ ᠤᠨ ᠦᠶ᠎ᠡ ᠳᠤ ᠠᠵᠢᠯ ᠢᠶᠠᠨ ᠴᠢᠩᠭᠠᠳᠬᠠᠪᠠᠯ᠂ ᠵᠠᠩᠭᠢᠯᠠᠭ᠎ᠠ ᠶᠢᠨ ᠦᠶ᠎ᠡ ᠳᠤ ᠰᠠᠶ᠋ᠢ ᠰᠠᠨᠠᠭ᠎ᠠ ᠠᠮᠤᠷ ᠪᠠᠶᠢᠵᠤ ᠴᠢᠳᠠᠨ᠎ᠠ᠃ ᠡᠨᠡ ᠵᠢᠯ ᠦᠶᠡᠷ ᠠᠴᠠ ᠡᠮᠦᠨ᠎ᠡ᠂ ᠴᠢᠬᠤᠯᠠ ᠤᠰᠤᠨ ᠴᠥᠭᠦᠷᠥᠮ ᠤᠨ ᠪᠥᠭᠡᠮᠨᠡᠷᠡᠯ ᠢ ᠬᠠᠮᠲᠤᠷᠠᠨ ᠲᠣᠬᠢᠷᠠᠭᠤᠯᠬᠤ ᠲᠥᠰᠥᠯ᠂ ᠦᠶᠡᠷ ᠤᠨ ᠤᠰᠤ ᠶᠢ ᠲᠣᠬᠢᠷᠠᠭᠤᠯᠬᠤ ᠲᠥᠰᠥᠯ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠲᠤᠯᠤᠭᠠᠨ ᠶᠡᠭᠡ ᠭᠤᠣᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠪᠣᠳᠠᠲᠤ ᠪᠠᠶᠢᠯᠳᠤᠭᠠᠨ ᠤ ᠰᠣᠷᠢᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠲᠥᠰᠥᠯ ᠢ ᠪᠦᠲᠦᠮᠵᠢᠲᠡᠶ ᠰᠢᠯᠭᠠᠨ ᠪᠠᠶᠢᠴᠠᠭᠠᠵᠤ᠂ ᠡᠩᠨᠡᠭᠡ ᠪᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠪᠠᠨ ᠲᠡᠭᠡᠭᠰᠢᠯᠡᠭᠦᠯᠦᠨ᠎ᠡ᠃ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠦᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠣᠭᠠᠴᠢᠯᠠᠭᠰᠠᠨ ᠤᠰᠤᠨ ᠠᠰᠢᠭᠯᠠᠯᠲᠠ ᠶᠢᠨ ᠢᠨᠵᠧᠨᠧᠷᠢᠩ ᠢ ᠲᠦᠷᠭᠡᠨ ᠪᠦᠲᠦᠭᠡᠨ ᠪᠠᠶᠢᠭᠤᠯᠤᠨ᠎ᠠ ᠁ ᠡᠳᠡᠭᠡᠷ ᠠᠷᠭ᠎ᠠ ᠬᠡᠮᠵᠢᠶ᠎ᠡ ᠨᠢ ᠪᠢᠳᠡᠨ ᠤ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ ᠳᠤ ᠰᠠᠭᠤᠷᠢ ᠬᠦᠴᠦᠨ ᠨᠡᠮᠡᠷᠢᠯᠡᠵᠡᠢ᠃ ᠡᠨᠡᠬᠦ ᠰᠠᠭᠤᠷᠢᠨ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠ ᠠᠯᠤᠰ ᠬᠡᠳᠤ ᠶᠢᠨ ᠲᠥᠯᠦᠪᠵᠢᠭᠦᠯᠭᠡ ᠶᠢ ᠤᠯᠠᠮ ᠴᠢᠨᠠᠭᠰᠢᠳᠠ ᠨᠢᠭᠡᠳᠦᠯᠲᠡᠢ ᠲᠥᠯᠥᠪᠵᠢᠭᠦᠯᠵᠦ᠂ ᠠᠵᠢᠯ ᠢᠶᠠᠨ ᠤᠷᠢᠳᠠᠪᠠᠷ ᠬᠢᠵᠦ᠂ ᠡᠩ ᠤᠨ ᠴᠠᠭ ᠲᠠᠭᠠᠨ ᠬᠦᠴᠦ ᠣᠷᠣᠭᠤᠯᠪᠠᠯ ᠰᠠᠢᠢ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠪᠠᠲᠤᠯᠠᠪᠤᠷᠢ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ ᠴᠢᠳᠠᠨ᠎ᠠ᠃      ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠪᠠᠭ᠎ᠠ ᠶᠠᠪᠤᠳᠠᠯ ᠭᠡᠵᠦ ᠦᠭᠡᠢ᠃ ᠬᠠᠷᠢᠭᠤᠴᠠᠯᠭ᠎ᠠ ᠶᠢ ᠨᠢᠭᠲᠠ ᠬᠤᠯᠪᠣᠯᠳᠤᠭᠰᠠᠨ ᠦᠶᠡᠷ ᠢ ᠰᠡᠷᠭᠡᠶᠢᠯᠡᠬᠦ ᠬᠡᠯᠬᠢᠶ᠎ᠡ ᠳᠤ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠪᠠᠯ᠂ ᠪᠢᠳᠡ ᠯᠠᠪᠲᠠᠢ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ︽ᠪᠣᠯᠣᠳ ᠬᠡᠷᠡᠮ ᠪᠣᠯᠣᠳ ᠬᠠᠨ᠎ᠠ︾ ᠶᠢ ᠪᠠᠲᠤ ᠴᠣᠭᠴᠠᠯᠠᠵᠤ᠂ ᠭᠤᠣᠯ ᠮᠥᠷᠡᠨ ᠤ ᠠᠮᠤᠷ ᠲᠦᠪᠰᠢᠨ᠂ ᠤᠯᠠᠨ ᠲᠦᠮᠡᠨ ᠤ ᠠᠮᠤᠷ ᠲᠦᠪᠰᠢᠨ ᠢ ᠪᠠᠲᠤᠯᠠᠵᠤ ᠴᠢᠳᠠᠨ᠎ᠠ᠃ᠢᠷᠡᠯᠲᠡ᠄ ᠠᠷᠠᠳ ᠤᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1