ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠮ ᠤᠨ ᠪᠠᠶᠢᠭᠤᠯᠤᠯᠲᠠ ᠲᠤᠬᠠᠶᠢᠯᠠᠭᠰᠠᠨ ᠠᠵᠢᠯ ᠤᠨ ᠠᠭᠤᠰᠤᠯᠴᠠᠯ ᠢ ᠠᠳᠬᠤᠵᠤ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/7/2
     ᠵᠣᠴᠢᠨ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᠷᠦᠢ ᠴᠢᠨ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠰᠢᠶᠣᠣ ᠴᠢ      ᠬᠠᠮᠢᠶᠠᠷᠤᠭᠴᠢ᠄      ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ  ᠪᠠ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃   ᠬᠥᠲᠥᠯᠥᠭᠴᠢ᠄      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ︾ ᠭᠡᠵᠦ ᠵᠢᠭᠠᠵᠤ ᠭᠠᠷᠭᠠᠪᠠ᠃ ᠣᠶᠢᠷ᠎ᠠ ᠶᠢᠨ ᠵᠢᠯ ᠠᠴᠠ᠂ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠦᠨᠡᠨᠬᠦ ᠬᠥᠳᠡᠯᠭᠡᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠦᠨᠡᠨᠬᠦ ᠠᠮᠢᠳᠤᠯᠢᠭᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠨᠬᠦ ᠪᠣᠳᠠᠲᠠᠶᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢᠶᠠᠷ ᠬᠥᠭᠵᠢᠭᠦᠯᠦᠯᠲᠡ ᠥᠭᠡᠷᠡᠴᠢᠯᠡᠯᠲᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠮᠤᠭ ᠤᠨ ᠴᠢᠩᠭ᠎ᠠ ᠳᠠᠭᠤᠨ ᠢ ᠴᠢᠪᠬᠠᠳᠠᠵᠤ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠪᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠲᠠᠯ᠎ᠠ ᠪᠠᠷ ᠬᠢ ᠵᠠᠷᠢᠮ ᠲᠤᠷᠰᠢᠯᠭ᠎ᠠ ᠪᠠ ᠠᠷᠭ᠎ᠠ ᠬᠢᠳᠡᠯ ᠢᠶᠠᠨ ᠣᠯᠠᠨ ᠲᠠᠢ ᠬᠤᠪᠢᠶᠠᠯᠴᠠᠨ᠎ᠠ ᠤᠤ︖      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᠷᠦᠢ ᠴᠢᠨ᠄      ᠡᠩ ᠲᠡᠷᠢᠭᠦᠨ ᠳᠤ᠂ ᠰᠦᠯᠵᠢᠶᠡᠨ ᠤ ᠰᠣᠷᠪᠤᠯᠵᠢᠯᠠᠭ᠎ᠠ ᠶᠢᠨ ᠪᠤᠯᠤᠩ ᠠᠴᠠ ᠪᠢᠳᠡᠨ ᠳᠤ ᠡᠶᠢᠮᠦ ᠨᠢᠭᠡᠨ ᠲᠣᠬᠢᠶᠠᠯ ᠣᠯᠭᠤᠵᠤ᠂ ᠥᠷᠭᠡᠨ ᠣᠯᠠᠨ ᠰᠦᠯᠵᠢᠶᠡᠨ ᠠᠨᠳᠠ ᠪᠠ ᠰᠣᠨᠣᠰᠤᠭᠴᠢᠳ ᠲᠠᠢ ᠬᠠᠮᠲᠤ ᠪᠠᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠶᠡᠬᠡᠪᠡᠷ ᠠᠳᠬᠤᠬᠤ ᠲᠠᠯ᠎ᠠ ᠪᠠᠷ ᠬᠢ ᠵᠠᠷᠢᠮ ᠠᠷᠭ᠎ᠠ ᠬᠢᠳᠡᠯ ᠪᠠ ᠲᠥᠷᠥᠭᠳᠡᠯ ᠢᠶᠠᠨ ᠬᠤᠪᠢᠶᠠᠯᠴᠠᠬᠤ ᠪᠣᠯᠤᠭᠰᠠᠨ ᠳᠠᠭᠠᠨ ᠮᠠᠰᠢ ᠲᠠᠯᠠᠷᠬᠠᠵᠤ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠪᠥᠭᠡᠳ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠭᠰᠡᠨ ᠶᠤᠮ᠃ ᠶᠡᠷᠦᠩᠬᠡᠢ ᠱᠦᠵᠢ ᠰᠢ ᠶᠢᠨ ᠫᠢᠩ ᠪᠠᠰᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠪᠦᠬᠦ ᠠᠵᠢᠯ ᠪᠠ ᠲᠠᠶᠢᠴᠢᠨ ᠬᠦᠴᠦᠨ ᠤ ᠰᠠᠭᠤᠷᠢ ᠮᠥᠨ ᠭᠡᠵᠦ ᠣᠯᠠᠨᠲᠠ ᠴᠢᠬᠤᠯᠠᠴᠢᠯᠠᠭᠰᠠᠨ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠪᠠᠰᠠ᠄ ︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠶ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︾ ᠭᠡᠵᠦ ᠤᠯᠠᠮ ᠨᠢᠭᠡ ᠠᠯᠬᠤᠮ ᠵᠢᠭᠠᠵᠤ ᠭᠠᠷᠭᠠᠪᠠ᠃ ᠡᠶᠢᠮᠦ ᠠᠴᠠ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠥᠪ ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠬᠠᠷᠭᠤᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠳᠠᠭᠠᠵᠤ᠂ ᠦᠨᠳᠦᠰᠦᠨ ᠱᠠᠲᠤᠨ ᠤ ᠢᠯᠡ ᠲᠣᠳᠣ ᠤᠳᠤᠷᠢᠳᠤᠮᠵᠢ ᠶᠢ ᠶᠡᠭᠡ ᠪᠠᠷ ᠠᠳᠬᠤᠬᠤ ᠶᠢ ᠪᠠᠷᠢᠮᠲᠠᠯᠠᠵᠤ᠂ ︽ᠲᠣᠭᠲᠠᠴᠠ ᠶᠢ ᠪᠠᠶᠢᠭᠤᠯᠬᠤ᠂ ᠡᠩᠨᠡᠭᠡ ᠶᠢ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠶᠢ ᠠᠳᠬᠤᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠲᠠᠯ᠎ᠠ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭ᠎ᠠ ᠠᠳᠬᠤᠪᠠ᠂ ᠡᠭᠦᠨ ᠤ ᠵᠣᠷᠢᠯᠭ᠎ᠠ ᠨᠢ ᠳᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠳᠠ ᠦᠭᠡᠢ ᠴᠢᠩᠭᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠭᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃      ᠡᠨᠡ ᠬᠦ ᠪᠣᠳᠣᠯᠬᠢᠯᠠᠯ ᠳᠤ ᠰᠠᠭᠤᠷᠢᠯᠠᠨ᠂ ᠰᠢᠨ᠎ᠡ ᠨᠢᠭᠡ ᠬᠤᠭᠤᠴᠠᠭᠠᠨ ᠤ ᠨᠠᠮ ᠤᠨ ᠤᠳᠤᠷᠢᠳᠬᠤ ᠳᠤᠭᠤᠶᠢᠯᠠᠩ ᠲᠤᠰᠢᠶᠠᠯ ᠳᠤ ᠭᠠᠷᠤᠭᠰᠠᠨ ᠠᠴᠠ ᠨᠠᠭᠠᠰᠢ᠂ ᠨᠢᠭᠡ ᠳᠤ ᠪᠠᠶᠢᠭᠤᠯᠵᠤ ᠪᠠᠶᠢᠭ᠎ᠠ ᠲᠣᠭᠲᠠᠴᠠ ᠶᠢᠨ ᠲᠠᠯ᠎ᠠ ᠪᠠᠷ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠰᠢᠨ᠎ᠡ ᠴᠠᠭ ᠦᠶ᠎ᠡ ᠶᠢᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠲᠠᠢ ᠴᠢᠩᠭ᠎ᠠ ᠬᠠᠷᠢᠴᠠᠭᠤᠯᠤᠨ ᠮᠠᠨ ᠤ ᠨᠠᠮ ᠤᠨ ᠬᠤᠷᠢᠶᠠᠨ ᠤ ᠤᠳᠤ ᠶᠢᠨ ᠬᠡᠷᠡᠭᠵᠢᠭᠦᠯᠵᠦ ᠪᠠᠶᠢᠭ᠎ᠠ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠣᠳᠣᠬᠠᠨ ᠳᠤ ᠨᠢᠭᠡᠨᠲᠡ ᠬᠡᠰᠡᠭ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠠᠵᠢᠯ ᠢ ᠪᠡᠶᠡᠯᠡᠭᠦᠯᠪᠡ᠃ᠬᠤᠶᠠᠷ ᠲᠤ᠂ ᠡᠩᠨᠡᠭᠡ ᠪᠠᠨ ᠬᠦᠴᠦᠷᠬᠡᠭᠵᠢᠭᠦᠯᠬᠦ ᠲᠠᠯ᠎ᠠ ᠪᠠᠷ᠂ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠲᠣᠬᠢᠷᠠᠭᠤᠯᠤᠯᠲᠠ ᠪᠠᠷ ᠠᠵᠠ ᠲᠣᠬᠢᠶᠠᠯ ᠪᠣᠯᠭᠠᠵᠤ᠂ ︽ᠨᠠᠰᠤᠲᠠᠨ ᠢᠶᠠᠷ ᠰᠢᠨ᠎ᠡ ᠶᠢ ᠳᠠᠶᠢᠴᠢᠯᠠᠬᠤ ︱ ᠤᠯᠠᠮᠵᠢᠯᠠᠬᠤ ᠬᠠᠪᠰᠤᠷᠬᠤ ᠳᠠᠭᠠᠭᠤᠯᠬᠤ᠂ ᠰᠢᠨ᠎ᠡ ᠪᠠᠷ ᠨᠠᠰᠤᠲᠠᠨ ᠢ ᠠᠬᠢᠭᠤᠯᠵᠤ ᠠᠮᠢᠳᠤᠯᠢᠭ ᠬᠦᠴᠦᠨ ᠢ ᠬᠥᠭᠵᠢᠭᠡᠬᠦ︾ ᠬᠠᠷᠠᠯᠲᠠ ᠶᠢᠨ ᠲᠣᠭᠤᠷᠢᠨ ᠳᠤ ᠣᠲᠣ ᠶᠢᠨ ᠪᠠᠶᠢᠭ᠎ᠠ ᠨᠠᠮ ᠤᠨ ᠡᠭᠦᠷ ᠲᠤ ᠳᠠᠬᠢᠨ ᠲᠣᠬᠢᠷᠠᠭᠤᠯᠤᠯᠲᠠ ᠬᠢᠪᠡ᠃ ᠲᠣᠬᠢᠷᠠᠭᠤᠯᠤᠭᠰᠠᠨ ᠤ ᠳᠠᠷᠠᠭᠠᠬᠢ ᠨᠠᠮ ᠤᠨ ᠡᠭᠦᠷ ᠲᠤ ᠲᠦᠷᠪᠡᠨ ᠱᠠᠲᠤᠨ ᠤ ᠪᠠᠶᠢᠴᠠᠭᠠᠨ ᠰᠤᠳᠤᠯᠤᠭᠴᠢ ᠱᠦᠵᠢ ᠶᠢᠨ ᠲᠤᠰᠢᠶᠠᠯ ᠢ ᠡᠭᠦᠷᠭᠡᠯᠡᠵᠦ᠂ ᠵᠠᠯᠠᠭᠤ ᠨᠠᠮ ᠤᠨ ᠭᠡᠰᠢᠭᠦᠨ ᠺᠠᠳ᠋ᠷ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠵᠦ᠂ ᠡᠭᠦᠷ ᠤᠨ ᠭᠡᠰᠢᠭᠦᠨ ᠤ ᠲᠤᠰᠢᠶᠠᠯ ᠢ ᠲᠤᠬᠠᠶᠢᠯᠠᠭᠰᠠᠨ ᠠᠵᠢᠯ ᠤᠨ ᠵᠠᠯᠠᠭᠤ ᠭᠤᠣᠯᠯᠠᠭᠴᠢ ᠬᠦᠴᠦᠨ ᠢᠶᠠᠷ ᠡᠭᠦᠷᠭᠡᠯᠡᠭᠦᠯᠪᠡ᠃ ᠡᠭᠦᠨ ᠤ ᠵᠣᠷᠢᠯᠭ᠎ᠠ ᠨᠢ ᠳᠦᠷᠪᠡᠳᠦᠭᠡᠷ  ᠳᠡᠰ ᠤᠨ ᠪᠠᠶᠢᠴᠠᠭᠠᠨ ᠰᠤᠳᠤᠯᠤᠭᠴᠢ ᠶᠢ ᠨᠠᠮ ᠤᠨ ᠪᠠᠶᠢᠭᠤᠯᠤᠯᠲᠠ ᠶᠢᠨ ︽ᠪᠠᠭᠰᠢ︾ ᠪᠣᠯᠭᠠᠬᠤ ᠪᠠᠷ ᠳᠠᠮᠵᠢᠭᠤᠯᠵᠤ᠂ ᠨᠢᠭᠡ ᠪᠦᠯᠦᠭ ᠵᠠᠯᠠᠭᠤ ᠨᠠᠮ ᠤᠨ ᠭᠡᠰᠢᠭᠦᠨ ᠢᠶᠠᠷ ᠭᠤᠣᠯ ᠪᠣᠯᠭᠠᠭᠰᠠᠨ ᠨᠠᠮ ᠤᠨ ᠪᠠᠶᠢᠭᠤᠯᠤᠯᠲᠠ ᠶᠢᠨ ︽ᠰᠠᠶᠢᠨ ᠱᠠᠪᠢ︾ ᠶᠢ  ᠬᠦᠮᠦᠵᠢᠭᠦᠯᠵᠦ᠂ ︽ᠰᠢᠯᠢᠳᠡᠭ︾ ᠨᠢ ︽ᠵᠠᠯᠭᠠᠮᠵᠢᠯᠠᠭᠴᠢ︾ ᠬᠦᠮᠦᠵᠢᠬᠦᠯᠵᠦ᠂ ︽ᠵᠠᠯᠭᠠᠮᠵᠢᠯᠠᠭᠴᠢ︾ ᠶᠢ ︽ᠰᠢᠯᠢᠳᠡᠭ︾ ᠪᠣᠯᠭᠠᠨ ᠬᠦᠮᠦᠵᠢᠬᠦᠯᠵᠦ᠂ ᠨᠢᠭᠡ ᠪᠦᠯᠦᠭ ᠤᠯᠤᠰ ᠲᠦᠷᠦ ᠶᠢᠨ ᠲᠠᠯ᠎ᠠ ᠪᠠᠷ ᠰᠢᠯᠢᠳᠡᠭ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠬᠥᠭᠵᠢᠭᠦᠯᠦᠯᠲᠡ ᠥᠭᠡᠷᠡᠴᠢᠯᠡᠯᠲᠡ ᠶᠢᠨ ᠡᠩᠨᠡᠭᠡ ᠶᠢ ᠴᠢᠷᠮᠠᠶᠢᠨ ᠳᠠᠪᠲᠠᠨ ᠪᠣᠯᠪᠠᠰᠤᠷᠠᠭᠤᠯᠬᠤ ᠶᠢᠨ ᠲᠥᠯᠥᠭᠡ ᠶᠤᠮ᠃ ᠭᠤᠷᠪᠠ ᠳᠤ᠂ ᠰᠢᠨ᠎ᠡ ᠶᠢ ᠡᠭᠦᠳᠬᠦ ᠶᠢ ᠠᠳᠬᠤᠬᠤ ᠲᠠᠯ᠎ᠠ ᠪᠠᠷ᠂ ᠥᠩᠭᠡᠷᠡᠭᠰᠡᠨ ᠳᠤ ᠮᠠᠨ ᠤ ᠨᠠᠮ ᠤᠨ ᠡᠳᠦᠷ ᠤᠨ ᠠᠵᠢᠯᠯᠠᠭ᠎ᠠ ᠪᠣᠯ ᠵᠥᠪᠬᠡᠨ ᠨᠠᠮ ᠤᠨ ᠪᠠᠶᠢᠭᠤᠯᠤᠯᠲᠠ ᠳᠤ ᠰᠠᠭᠤᠷᠢᠯᠠᠨ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠪᠠᠶᠢᠪᠠ᠂ ᠤᠳᠤ ᠨᠢᠭᠡᠴᠡ ᠶᠢᠨ ᠲᠤᠬᠠᠶᠢᠯᠠᠭᠰᠠᠨ ᠠᠵᠢᠯ ᠲᠠᠢ ᠭᠦᠨᠵᠡᠭᠡᠢ ᠠᠭᠤᠰᠤᠯᠴᠠᠬᠤ ᠶᠢ ᠨᠡᠩ ᠴᠢᠬᠤᠯᠠᠴᠢᠯᠠᠵᠤ᠂ ᠦᠢᠯᠡᠴᠢᠯᠡᠬᠦ ᠡᠲᠡᠭᠡᠳ᠂ ᠲᠦᠷᠦᠯ ᠵᠦᠢᠯ ᠤᠨ ᠨᠢᠭᠡᠴᠡ᠂ ᠳᠡᠭᠡᠳᠦ ᠱᠠᠲᠤᠨ ᠤ ᠠᠵᠢᠯ ᠲᠦᠷᠦᠯ ᠤᠨ ᠰᠠᠯᠠᠭ᠎ᠠ ᠮᠥᠴᠢᠷ ᠲᠠᠢ ᠬᠠᠮᠲᠤᠷᠠᠨ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠬᠦ ᠶᠢ ᠨᠡᠩ ᠴᠢᠬᠤᠯᠠᠴᠢᠯᠠᠵᠤ ᠪᠠᠶᠢᠨ᠎ᠠ᠃ ᠵᠢᠱᠢᠶᠡᠯᠡᠪᠡᠯ᠂ ᠦᠨ᠎ᠡ ᠬᠠᠩᠰᠢ ᠶᠢᠨ ᠭᠡᠷᠡᠴᠢᠯᠡᠯ ᠤᠨ ᠬᠢᠨᠠᠨ ᠬᠡᠮᠵᠢᠬᠦ ᠲᠥᠪ ᠤᠨ ᠨᠠᠮ ᠤᠨ ᠡᠭᠦᠷ ᠨᠢ ᠰᠠᠨᠠᠭᠠᠴᠢᠯᠠᠭ᠎ᠠ  ᠠᠴᠠ ᠪᠠᠨ ᠦᠢᠯᠡᠴᠢᠯᠡᠬᠦ ᠡᠲᠡᠭᠡᠳ ᠪᠣᠯᠬᠤ ᠮᠧᠶ ᠲᠦᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠨᠠᠮ ᠤᠨ ᠡᠭᠦᠷ ᠲᠠᠢ ᠵᠠᠬ᠎ᠠ ᠳᠡᠯᠭᠡᠭᠦᠷ ᠤᠨ ᠲᠣᠭᠤᠷᠢᠨ ᠪᠠᠶᠢᠴᠠᠭᠠᠯᠲᠠ ᠲᠠᠢ ᠤᠶᠠᠯᠳᠤᠭᠤᠯᠤᠨ ︽ᠦᠨᠳᠦᠰᠦᠨ ᠱᠠᠲᠤᠨ ᠳᠤ ᠬᠦᠷᠴᠦ᠂ ᠵᠠᠬ᠎ᠠ ᠳᠡᠯᠭᠡᠭᠦᠷ ᠢ ᠠᠵᠢᠭᠯᠠᠵᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ︾ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃ ᠨᠠᠮ ᠤᠨ ᠪᠠᠶᠢᠭᠤᠯᠤᠯᠲᠠ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ ᠶᠢ ᠪᠦᠲᠦᠮᠵᠢᠲᠡᠢ ᠠᠬᠢᠭᠤᠯᠪᠠ᠃ᠳᠥᠷᠪᠡ ᠳᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠲᠠᠯ᠎ᠠ ᠪᠠᠷ᠂ ᠪᠢᠳᠡ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠬᠥᠲᠥᠯᠥᠨ ᠳᠠᠭᠠᠭᠤᠯᠬᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠦᠬᠦ ᠬᠤᠳᠠ ᠶᠢᠨ ᠤᠯᠠᠨ ᠲᠦᠷᠦᠯ ᠤᠨ ᠭᠤᠣᠯᠳᠠᠯᠭ᠎ᠠ ᠲᠠᠢ ᠠᠵᠢᠯ ᠳᠤ ᠴᠥᠮ ᠰᠠᠶᠢᠨ ᠦᠷ᠎ᠡ ᠪᠦᠲᠦᠮᠵᠢ ᠣᠯᠪᠠ᠃ᠵᠢᠱᠢᠶᠡᠯᠡᠪᠡᠯ᠄      ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠃ ︽ᠬᠥᠬᠡᠬᠤᠲᠠ ᠶᠢᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ  ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠠᠵᠢᠯ ᠤᠨ ᠲᠤᠬᠠᠢ ᠬᠡᠷᠡᠭᠵᠢᠬᠦᠯᠬᠦ ᠰᠠᠨᠠᠯ︾  ︽ᠬᠦᠬᠡᠬᠤᠲᠠ ᠶᠢᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠬᠡᠷᠡᠭᠵᠢᠬᠦᠯᠬᠦ ᠲᠦᠰᠦᠯ︾ ᠵᠡᠷᠭᠡ ᠵᠢᠯᠤᠭᠤᠳᠤᠮᠵᠢ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠲᠦᠷᠦᠭᠦᠯᠡᠨ ᠲᠤᠭᠲᠠᠭᠠᠵᠤ᠂ ᠪᠦᠬᠦ ᠣᠷᠣᠨ ᠳᠤ ᠬᠠᠮᠤᠭ ᠤᠨ ᠲᠦᠷᠦᠭᠦᠨ ᠳᠤ ︽ 1+N+X︾  ᠬᠤᠣᠰ ᠨᠡᠭᠦᠷᠡᠰᠦᠳᠦ᠋ᠷᠦᠭᠴᠢ ᠶᠢᠨ ᠲᠥᠷᠥ ᠶᠢᠨ ᠪᠣᠳᠢᠤ᠋ᠯᠠᠭᠠᠨ ᠤ ᠰᠢᠰᠲ᠋ᠧᠮᠵᠢ ᠶᠢ ᠪᠠᠶᠢᠭᠤᠯᠪᠠ᠃ ᠰᠢᠨ᠎ᠡ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠵᠤ᠂ ︽ᠴᠢᠬᠤᠯᠠ ᠶᠡᠭᠡ ᠪᠠ ᠭᠤᠣᠯᠳᠠᠯᠭ᠎ᠠ ᠲᠠᠢ︾ ︽ᠬᠤᠶᠠᠷ ᠲᠡᠷᠢᠭᠦᠨ ᠤ︾ ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠪᠠᠭᠤᠯᠭᠠᠭᠰᠠᠨ 2022 ᠣᠨ ᠤ ︽ᠨᠡᠮᠡᠭᠳᠡᠯ ᠦᠭᠡᠢ︾ ᠡᠨᠧᠷᠭᠢ ᠠᠷᠪᠢᠯᠠᠬᠤ ᠬᠠᠷᠠᠯᠲᠠ ᠪᠠ ︽40%︾ ᠶᠢᠨ ᠴᠠᠭ ᠤᠨ ᠳᠠᠷᠠᠭᠠᠯᠠᠯ ᠤᠨ ᠠᠬᠢᠴᠠ ᠶᠢᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢᠨ ᠲᠠᠯ᠎ᠠ ᠪᠠᠷ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢᠨ ᠲᠣᠭᠤᠷᠢᠨ ᠳᠤ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠥᠪᠡᠷᠲᠡᠭᠡᠨ ᠵᠠᠰᠠᠬᠤ ᠣᠷᠣᠨ ᠤ ᠵᠦᠪᠰᠢᠶᠡᠷᠡᠯ ᠢ ᠣᠯᠵᠤ ᠪᠠᠶᠢᠭᠤᠯᠤᠭᠳᠠᠬᠤ ᠶᠢ ᠠᠬᠢᠭᠤᠯᠪᠠ᠃ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠲᠣᠪᠴᠢᠶ᠎ᠠ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠵᠡᠷᠭᠡ ᠭᠤᠣᠯᠯᠠᠬᠤ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥᠯ ᠵᠦᠢᠯ ᠢ ᠲᠡᠮᠡᠴᠡᠨ ᠣᠯᠬᠤ ᠡᠷᠴᠢᠮ ᠢᠶᠠᠨ ᠴᠢᠩᠭᠠᠷᠠᠭᠤᠯᠤᠨ᠂ ᠦᠢᠯᠡᠳᠪᠦᠷᠢᠯᠡᠬᠦ ᠴᠢᠳᠠᠪᠤᠷᠢ ᠶᠢᠨ ᠰᠢᠯᠵᠢᠯᠲᠡ ᠶᠢ ᠵᠠᠯᠭᠠᠨ ᠠᠪᠴᠤ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠲᠣᠨᠤᠭᠯᠠᠯ ᠦᠢᠯᠡᠳᠬᠦ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠤᠨ ᠣᠷᠣᠨ ᠤ ᠲᠥᠪ ᠲᠤ ᠪᠤᠳᠠᠳᠠᠶᠢᠵᠢᠬᠤ ᠶᠢ ᠠᠬᠢᠭᠤᠯᠪᠠ᠃      ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ᠃ ︽ᠰᠠᠯᠬᠢᠨ ᠭᠡᠷᠡᠯ ᠤᠨ ᠡᠨᠧᠷᠭᠢ ᠠᠴᠠ ᠤᠰᠤᠲᠥ᠋ᠷᠥᠭᠴᠢ ᠨᠥᠭᠡᠴᠡᠯᠡᠬᠦ︾ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢᠨ ᠲᠣᠭᠤᠷᠢᠨ ᠳᠤ᠂ ᠪᠥᠬᠦ ᠬᠤᠲᠠ ᠶᠢᠨ ︽ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠪᠠ ︽ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠰᠤᠲᠥ᠋ᠷᠥᠭᠴᠢ ᠶᠢ ᠨᠥᠭᠡᠴᠡᠯᠡᠬᠦ ᠠᠵᠤ ᠦᠢᠯᠡᠰ ᠤᠨ ᠪᠠᠶᠢᠷᠢᠰᠢᠭᠤᠯᠤᠯᠲᠠ ᠶᠢ ᠴᠢᠩᠭᠠᠳᠬᠠᠪᠠ︔ ᠮᠠᠨ ᠤ ᠬᠤᠲᠠ ᠶᠢᠨ ᠭᠤᠣᠯᠳᠠᠯᠭ᠎ᠠ ᠲᠠᠢ ᠣᠷᠣᠭᠤᠯᠤᠨ ᠠᠪᠴᠢᠷᠠᠭᠰᠠᠨ 8 ᠠᠵᠤ ᠠᠬᠤᠶᠢᠯᠠᠯ ᠳᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ  ᠲᠣᠬᠢᠷᠠᠭᠤᠯᠵᠤ ᠥᠭᠬᠦ ᠶᠢ ᠭᠤᠶᠤᠴᠢᠯᠠᠨ ᠮᠡᠳᠡᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠪᠡ᠃      ᠶᠡᠷᠦᠩᠬᠡᠢ ᠳᠤᠨᠢ ᠠᠪᠴᠤ ᠬᠡᠯᠡᠪᠡᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠨᠡᠨᠬᠦ ᠴᠢᠩᠭᠠᠳᠬᠠᠬᠤ ᠪᠠᠷ ᠳᠠᠮᠵᠢᠭᠤᠯᠤᠨ᠂  ᠦᠨᠳᠦᠰᠦᠨ ᠱᠠᠲᠤᠨ ᠤ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ ᠪᠠᠲᠤ ᠴᠤᠭᠴᠠᠯᠠᠵᠤ᠂ ︽ᠬᠤᠶᠠᠷ ᠱᠠᠲᠤᠨ ᠤ ᠱᠦᠵᠢ︾ ᠴᠤᠭᠭᠠᠷ ᠠᠳᠬᠤᠵᠤ  ᠬᠠᠮᠳᠤᠪᠡᠷ ᠬᠠᠮᠢᠶᠠᠷᠬᠤ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ ᠢ ᠳᠠᠶᠢᠴᠢᠯᠠᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠪᠣᠳᠠᠲᠤ ᠪᠦᠲᠦᠮᠵᠢ ᠣᠯᠣᠭᠰᠠᠨ ᠪᠠᠶᠢᠨ᠎ᠠ᠃      ᠬᠥᠲᠥᠯᠥᠭᠴᠢ᠄      ᠣᠯᠠᠨ ᠤ ᠮᠡᠳᠡᠭᠡᠵᠢ ᠪᠠᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠪᠥᠬᠦ ᠬᠤᠲᠠ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠩ ᠤᠨ ᠦᠶ᠎ᠡ ᠳᠤ ᠲᠤᠬᠠᠶᠢᠯᠠᠭᠰᠠᠨ ᠠᠵᠢᠯ ᠨᠡᠯᠢᠶᠡᠳ ᠣᠯᠠᠨ ᠪᠠᠶᠢᠳᠠᠭ᠂ ᠲᠡᠭᠡᠪᠡᠯ᠂ ᠪᠢᠳᠡ ᠬᠡᠷᠬᠢᠨ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠪᠠᠶᠠᠯᠢᠭᠵᠢᠭᠤᠯᠬᠤ ᠪᠠᠷ ᠳᠠᠮᠵᠢᠭᠤᠯᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠭᠰᠠᠨ ᠪᠣᠶ︖      ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠰᠢᠶᠣᠣ ᠴᠢ᠄      ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠨᠢ ᠪᠠᠶᠠᠯᠢᠭ ᠰᠠᠶᠢᠬᠠᠨ ᠬᠠᠮᠲᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠪᠦᠬᠦ ᠵᠦᠪᠯᠡᠯ ᠤᠨ ᠨᠠᠮ ᠤᠨ ᠭᠡᠰᠢᠭᠦᠨ ᠺᠠᠳ᠋ᠷᠴᠤᠳ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠶᠢ ᠲᠤᠶᠢᠯ ᠢᠶᠠᠷ ᠴᠢᠬᠤᠯᠠᠴᠢᠯᠠᠵᠤ᠂ ᠢᠯᠠᠩᠭᠤᠶ᠎ᠠ ᠪᠦᠲᠦᠭᠡᠯᠴᠢ ᠠᠵᠢᠯᠯᠠᠭ᠎ᠠ ᠶᠢᠨ ᠬᠡᠯᠪᠡᠷᠢ ᠶᠢᠨ ᠲᠠᠯ᠎ᠠ ᠪᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠪᠠ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠢ ᠵᠠᠪᠠᠯ ︽ᠳᠣᠲᠣᠭᠠᠳᠤ ᠶᠢᠨ ᠲᠠᠯᠳᠠ ᠬᠦᠴᠦᠨ ᠢ ᠠᠭᠤᠳᠠᠯᠵᠤ᠂ ᠭᠠᠳᠠᠭᠠᠳᠤ ᠬᠦᠴᠦᠨ ᠢ ᠥᠷᠭᠡᠨ ᠢᠶᠠᠷ ᠵᠢᠭᠡᠯᠡᠵᠦ︾᠂ ᠲᠠᠰᠤᠷᠠᠯᠳᠠ ᠦᠭᠡᠢ ᠬᠠᠭᠤᠴᠢᠨ ᠢᠶᠠᠨ ᠤᠷᠬᠢᠵᠤ ᠰᠢᠨ᠎ᠡ ᠶᠢ ᠡᠭᠦᠳᠬᠦ ᠶᠢ ᠱᠠᠭᠠᠷᠳᠠᠪᠠ᠃ ᠵᠢᠱᠢᠶᠡᠯᠡᠪᠡᠯ᠄ ᠮᠠᠨ ᠤ ᠵᠦᠪᠯᠡᠯ ᠵᠢᠯ ᠤᠨ ᠡᠬᠢᠨ ᠳᠤ ᠠᠩᠬᠠᠳᠤᠭᠠᠷ ᠬᠤᠭᠤᠴᠠᠭᠠᠨ ᠤ ︽ᠦᠩᠭᠡ ᠭᠡᠷᠡᠯᠲᠡᠢ ᠪᠠᠷ ᠠᠮᠠᠷᠠᠬᠤ ᠪᠠ ᠵᠠᠯᠠᠭᠤ ᠺᠠᠳ᠋ᠷᠴᠤᠳ   ᠯᠤᠭ᠎ᠠ ᠶᠢᠨ ᠨᠥᠬᠦᠷᠯᠡᠯ ᠤᠨ ᠬᠤᠯᠪᠣᠭ᠎ᠠ︾ ᠶᠢ ᠡᠷᠬᠢᠯᠡᠪᠡ᠂ ᠡᠨᠡ ᠨᠢ ᠬᠥᠭᠵᠢᠭᠦᠯᠦᠯᠲᠡ ᠥᠭᠡᠷᠡᠴᠢᠯᠡᠯᠲᠡ ᠵᠦᠪᠯᠡᠯ ᠳᠤ ᠠᠩᠬ᠎ᠠ ᠤᠳᠠᠭ᠎ᠠ ᠪᠣᠯᠵᠤ ᠪᠠᠶᠢᠬ᠎ᠠ᠂ ᠡᠭᠦᠨ ᠤ ᠭᠤᠣᠯ ᠵᠣᠷᠢᠯᠭ᠎ᠠ  ᠨᠢ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠠᠵᠢᠯᠲᠠᠨ ᠠᠵᠢᠯᠴᠢᠨ ᠢ ᠬᠠᠶᠢᠷᠠᠯᠠᠨ ᠬᠠᠯᠠᠮᠵᠢᠯᠠᠬᠤ ᠰᠡᠳᠬᠢᠯᠭᠡ ᠶᠢ ᠢᠯᠡᠷᠡᠭᠦᠯᠵᠦ᠂ ᠵᠦᠪᠯᠡᠯ ᠤᠨ ᠶᠡᠭᠡ ᠭᠡᠷ ᠪᠦᠯᠢ ᠶᠢᠨ ᠬᠠᠯᠠᠭᠤᠨ ᠳᠣᠲᠣᠨᠣ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠥᠩᠭᠡ ᠬᠡᠷᠡᠯᠲᠡᠢ ᠪᠠᠷ ᠨᠠᠰᠤᠨ ᠤ ᠠᠮᠠᠷᠠᠯᠲᠠ ᠪᠠᠨ ᠠᠪᠤᠭᠰᠠᠨ ᠺᠠᠳ᠋ᠷᠴᠤᠳ ᠤᠨ ᠢᠷᠠᠭᠤ ᠠᠯᠳᠠᠷ ᠤᠨ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠵᠣᠯ ᠵᠢᠷᠭᠠᠯ ᠤᠨ ᠰᠡᠳᠬᠢᠯᠭᠡ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ ᠶᠤᠮ᠃ ᠡᠭᠦᠨ ᠤ ᠬᠠᠮᠲᠤ᠂ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠤ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠰᠢᠯᠢᠳᠡᠭ ᠤᠯᠠᠮᠵᠢᠯᠠᠯ ᠢ ᠭᠦᠢᠴᠡᠳ ᠪᠠᠳᠠᠷᠠᠭᠤᠯᠵᠤ᠂ ᠵᠠᠯᠠᠭᠤ ᠺᠠᠳ᠋ᠷᠴᠤᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠠᠩ ᠰᠠᠶᠢᠲᠤᠷ ᠬᠥᠭᠵᠢᠭᠡᠵᠦ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠪᠠ ᠠᠮᠢᠳᠤᠯᠢᠭ ᠪᠠᠶᠢᠳᠠᠯ ᠢ ᠪᠣᠶ ᠪᠣᠯᠭᠠᠪᠠ︔      5 ᠳ᠋ᠤᠭᠠᠷ ᠰᠠᠷ᠎ᠠ ᠳᠤ ᠮᠠᠨ ᠤ ᠥᠷᠨᠢᠭᠦᠯᠦᠭᠰᠡᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠳᠡᠰ᠂ ᠬᠤᠰᠢᠭᠤ ᠰᠢᠶᠠᠨ ᠲᠣᠭᠤᠷᠢᠭ ᠤᠨ ︽ᠭᠤᠷᠪᠠᠨ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠢᠳᠡᠷᠡᠭᠦᠨ ᠠᠯᠬᠤᠭ᠎ᠠ︾ ᠶᠢᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤ ᠪᠠᠷ ᠢᠶᠠᠨ ᠬᠤᠯᠪᠤᠭᠠᠯᠠᠨ ᠬᠦᠳᠡᠯᠦᠯᠴᠡᠬᠦ ᠠᠵᠢᠯᠯᠠᠭ᠎ᠠ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ︽ᠤᠯᠤᠰ ᠲᠥᠷᠥ ᠶᠢ ᠡᠷᠬᠢᠮᠯᠡᠬᠦ᠂ ᠴᠢᠳᠠᠪᠤᠷᠢ ᠶᠢ ᠴᠢᠩᠭᠠᠳᠬᠠᠬᠤ᠂ ᠰᠠᠬᠢᠯᠭ᠎ᠠ ᠪᠠᠲᠤ ᠶᠢ ᠰᠠᠬᠢᠬᠤ᠂ ᠬᠠᠷᠢᠭᠤᠴᠠᠯᠭ᠎ᠠ ᠲᠠᠢ᠂ ᠦᠷ᠎ᠡ ᠪᠦᠲᠦᠮᠵᠢ ᠲᠠᠢ︾ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠣᠯᠠᠨ ᠢᠶᠠᠷ ᠢᠶᠠᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠪᠡᠶᠡᠴᠢᠯᠡᠨ ᠣᠶᠢᠯᠠᠭᠠᠬᠤ ᠶᠠᠪᠤᠴᠠ ᠳᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠥᠮᠥᠰ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠣᠶᠢᠷᠠᠲᠤᠭᠤᠯᠵᠤ᠂ ᠨᠥᠬᠦᠷᠯᠡᠯ ᠢ ᠵᠤᠵᠠᠭᠠᠳᠬᠠᠵᠠᠢ᠃      ᠪᠠᠰᠠ ᠵᠢᠱᠢᠶᠡᠯᠡᠪᠡᠯ᠂ ᠪᠢᠳᠡ ᠪᠠᠰᠠ ︽ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ  ᠶᠢ ᠪᠣᠶᠢᠵᠢᠭᠤᠯᠤᠨ  ᠦᠢᠯᠡᠳᠦᠯᠭᠡᠵᠢᠬᠦᠯᠬᠦ— ᠨᠣᠮ ᠤᠨ ᠰᠢᠮ᠎ᠡ ᠪᠠᠷ ᠤᠭ ᠰᠠᠨᠠᠭ᠎ᠠ ᠪᠠᠨ ᠤᠮᠳᠠᠯᠠᠵᠤ᠂ ᠬᠦᠴᠦᠨ ᠢᠶᠠᠨ ᠲᠥᠪᠯᠡᠷᠡᠭᠦᠯᠦᠨ ᠬᠠᠷᠢᠭᠤᠴᠠᠯᠭ᠎ᠠ ᠡᠭᠦᠷᠭᠡᠯᠡᠶ᠎ᠡ︾ ᠭᠡᠬᠦ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ᠂ ︽ᠯᠧᠢ ᠹᠧᠩ ᠤᠨ ᠵᠣᠷᠢᠭ ᠰᠠᠨᠠᠭ᠎ᠠ  ᠶᠢ ᠪᠠᠳᠠᠷᠠᠭᠤᠯᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠢᠨ ᠬᠤᠰᠢᠭᠤᠴᠢ ᠪᠣᠯᠬᠤ ᠪᠠᠷ ᠴᠢᠷᠮᠠᠶᠢᠬᠤ︾ ᠯᠧᠢ ᠹᠧᠩ ᠠᠴᠠ ᠰᠤᠷᠤᠯᠴᠠᠬᠤ ᠭᠤᠣᠯ ᠰᠡᠳᠦᠪᠲᠦ ᠰᠢᠷᠢᠰ ᠠᠵᠢᠯᠯᠠᠭ᠎ᠠ ᠳᠤ᠂ ᠭᠠᠷ ᠭᠠᠷ ᠢᠶᠠᠨ ᠬᠤᠯᠪᠣᠯᠴᠠᠨ ᠬᠦᠴᠦᠨ ᠢᠶᠠᠨ ᠬᠠᠮᠲᠤᠳᠬᠠᠬᠤ ᠰᠢᠨ᠎ᠡ ᠠᠶᠠᠨ ᠡᠮᠡᠭᠲᠡᠶᠢᠴᠦᠳ ᠬᠦᠴᠦᠨ ᠢᠶᠠᠷ ᠬᠥᠭᠵᠢᠯᠲᠡ ᠶᠢ ᠠᠬᠢᠭᠤᠯᠤᠨ᠎ᠠ ︱ ︽3·8︾ ᠤ ᠡᠮᠡᠭᠲᠡᠶᠢᠴᠦᠳ ᠤᠨ ᠪᠠᠶᠠᠷ ᠤᠨ ᠮᠥᠰᠥᠨ ᠳᠡᠪᠦᠷ᠎ᠡ ᠶᠢᠨ ᠤᠷᠤᠯᠳᠤᠭᠠᠨ ᠤ ᠠᠵᠢᠯᠯᠠᠭ᠎ᠠ᠂ ᠰᠠᠶᠢᠨ ᠨᠣᠮ ᠢ ᠬᠤᠪᠢᠶᠠᠯᠴᠠᠬᠤ ᠴᠤᠭᠯᠠᠭᠠᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠢ ᠪᠣᠯᠭᠠᠨ  ᠦᠢᠯᠡᠳᠦᠯᠭᠡᠵᠢᠭᠦᠯᠬᠦ ᠦᠯᠢᠭᠡᠷ ᠬᠤᠪᠢᠶᠠᠯᠴᠠᠬᠤ ᠴᠤᠭᠯᠠᠭᠠᠨ ᠵᠡᠷᠭᠡ ᠠᠯᠢ ᠤᠯᠠᠨ ᠡᠯᠪᠡᠭ ᠪᠠᠶᠠᠯᠢᠭ ᠬᠠᠮᠲᠤ ᠶᠢᠨ ᠠᠵᠢᠯᠯᠠᠭ᠎ᠠ ᠶᠢ ᠥᠷᠨᠢᠭᠦᠯᠵᠡᠢ᠃ ᠡᠳᠡᠭᠡᠷ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠨᠠᠮᠴᠢ ᠴᠢᠨᠠᠷ ᠢ ᠪᠣᠯᠪᠠᠰᠤᠷᠠᠭᠤᠯᠪᠠ᠃      ᠬᠥᠲᠥᠯᠥᠭᠴᠢ᠄      ᠵᠠᠯᠭᠠᠭᠠᠳ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠰᠠ ᠶᠠᠮᠠᠷ ᠶᠠᠮᠠᠷ ᠪᠤᠳᠤᠯ ᠪᠠ ᠭᠤᠣᠯᠳᠠᠯᠭ᠎ᠠ ᠪᠠᠶᠢᠬᠤ ᠪᠤᠢ︖      ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠰᠢᠶᠣᠣ ᠴᠢ᠄      ᠳᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ᠂ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠣᠰᠣᠭᠠᠷ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠷᠢᠯᠠᠭᠤᠯᠤᠯᠲᠠ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠬᠥᠭᠵᠢᠭᠦᠯᠦᠯᠲᠡ ᠥᠭᠡᠷᠡᠴᠢᠯᠡᠯᠲᠡ ᠶᠢᠨ ᠦᠢᠯᠡᠰ ᠤᠨ ᠭᠦᠨᠵᠡᠭᠡᠢ ᠠᠭᠤᠰᠤᠯᠴᠠᠬᠤ᠂ ᠬᠠᠷᠢᠯᠴᠠᠨ ᠠᠬᠢᠭᠤᠯᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠰᠢᠨ᠎ᠡ ᠴᠠᠭ ᠦᠶ᠎ᠡ ᠶᠢᠨ ᠬᠥᠬᠡᠬᠤᠲᠠ ᠶᠢᠨ ᠬᠦᠭᠵᠢᠭᠦᠯᠦᠯᠲᠡ ᠥᠭᠡᠷᠡᠴᠢᠯᠡᠯᠲᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠷᠣᠨ ᠤ ᠲᠥᠪ ᠤᠨ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠳᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠴᠦᠨ ᠴᠢᠳᠠᠯ ᠢᠶᠠᠨ ᠨᠡᠮᠡᠷᠢᠯᠡᠬᠦ ᠪᠠᠷ ᠴᠢᠷᠮᠠᠶᠢᠨ᠎ᠠ᠃      ᠬᠥᠲᠥᠯᠥᠭᠴᠢ᠄      ᠯᠢ ᠡᠷᠬᠢᠯᠡᠭᠴᠢ ᠪᠣᠯᠣᠨ ᠰᠢᠶᠣᠣ ᠴᠢ ᠪᠢᠳᠡᠨ ᠲᠠᠢ ᠡᠶᠢᠮᠦ ᠤᠯᠠᠨ ᠡᠷᠬᠢᠮ ᠨᠠᠨᠳᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠶᠢ ᠬᠤᠪᠢᠶᠠᠯᠴᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠨᠢ ᠲᠤᠬᠠᠶᠢᠯᠠᠭᠰᠠᠨ ᠠᠵᠢᠯ ᠤᠨ ᠳᠡᠭᠡᠭᠰᠢᠯᠡᠯᠲᠡ ᠪᠣᠯᠣᠨ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠬᠤ ᠲᠠᠯ᠎ᠠ ᠪᠠᠷ ᠯᠠᠪᠲᠠᠢ ᠨᠡᠩ ᠶᠡᠭᠡ ᠦᠢᠯᠡᠳᠦᠯ ᠦᠵᠡᠭᠦᠯᠦᠨ᠎ᠡ ᠭᠡᠳᠡᠭ ᠲᠤ ᠢᠲᠡᠭᠡᠵᠦ ᠪᠠᠶᠢᠨ᠎ᠠ᠃      ᠬᠠᠮᠢᠶᠠᠷᠤᠭᠴᠢ᠄       ᠬᠥᠬᠡᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᠷᠦᠢ ᠴᠢᠨ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠰᠢᠶᠣᠣ ᠴᠢ ᠳᠤ  ᠪᠠᠶᠠᠷᠯᠠᠯ᠎ᠠ᠂ ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠣᠯᠴᠠᠭᠰᠠᠨ ᠳᠤ  ᠪᠠᠶᠠᠷᠯᠠᠯ᠎ᠠ᠂ ᠲᠤᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠦᠨᠳᠦᠷᠯᠡᠵᠦ ᠪᠠᠶᠢᠨ᠎ᠠ᠂  ᠪᠠᠶᠠᠷᠯᠠᠯ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1