ᠲᠣᠭᠲᠠᠬᠤ ᠰᠢᠶᠠᠨ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ︽ᠠᠵᠤ ᠠᠬᠤᠶᠢᠯᠠᠯ ᠳᠤ ᠣᠷᠣᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/2
       6 ᠳ᠋ᠤᠭᠠᠷ ᠰᠠᠷ᠎ᠠ ᠶᠢᠨ 27 ᠤ ᠡᠳᠦᠷ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠴᠠᠩ ᠱᠧᠩ ᠡᠮ ᠤᠨ ᠬᠢᠵᠠᠭᠠᠷᠲᠤ ᠺᠣᠮᠫᠠᠨᠢ ᠳᠤ ︽ᠬᠥᠮᠥᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠬᠦᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ︾ ᠪᠠᠷ ᠭᠤᠣᠯ ᠰᠡᠳᠦᠪ ᠪᠣᠯᠭᠠᠭᠰᠠᠨ ︽ᠠᠵᠤ ᠠᠬᠤᠶᠢᠯᠠᠯ ᠳᠤ ᠣᠷᠣᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠪᠠ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ᠂ ᠴᠠᠩ ᠱᠧᠩ ᠡᠮ ᠤᠨ ᠺᠣᠮᠫᠠᠨᠢ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠦᠢᠯᠡᠳᠪᠦᠷᠢ ᠶᠢᠨ ᠲᠠᠰᠤᠭ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠲᠠᠨ ᠠᠵᠢᠯᠯᠠᠭ᠎ᠠ ᠳᠤ ᠤᠷᠤᠯᠴᠠᠵᠠᠢ᠃      ᠠᠵᠢᠯᠯᠠᠭ᠎ᠠ ᠨᠢ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠤᠨ ᠠᠶᠤᠯᠭᠦᠢ ᠦᠢᠯᠡᠳᠪᠦᠷᠢᠯᠡᠯ ᠤᠨ ᠰᠡᠷᠡᠮᠵᠢ ᠶᠢᠨ ᠹᠢᠯᠢᠮ ᠢ ᠦᠵᠡᠭᠦᠯᠵᠦ᠂ ᠴᠠᠩ ᠱᠧᠩ ᠡᠮ ᠤᠨ ᠺᠣᠮᠫᠠᠨᠢ ᠶᠢᠨ ᠬᠢᠨ ︽ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠶ᠎ᠡ︾ ᠭᠡᠬᠦ ᠰᠡᠳᠦᠪ ᠢᠶᠠᠷ ᠠᠮᠤᠷ ᠲᠦᠪᠰᠢᠨ ᠤ ᠤᠬᠠᠭᠤᠯᠭ᠎ᠠ ᠲᠠᠶᠢᠯᠪᠤᠷᠢᠯᠠᠯᠲᠠ ᠬᠢᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ︽ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠥᠭᠦᠯᠡᠯᠲᠡ︾᠂ ︽ᠲᠦᠷᠤ ᠶᠢᠨ ᠶᠠᠪᠤᠳᠠᠯ ᠤᠨ ᠬᠤᠷᠢᠶᠠᠨ ᠤ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠶᠢᠨ ᠲᠠᠶᠢᠯᠤᠮᠵᠢ︾᠂ ︽ᠠᠵᠤ ᠠᠬᠤᠶᠢᠯᠠᠯ ᠲᠤᠯᠤᠭᠠᠨ ᠵᠦᠢᠯ ᠤᠨ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠬᠤ︾ ᠪᠣᠯᠣᠨ ︽ᠬᠥᠮᠥᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠬᠦᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ︾ ᠠᠶᠤᠯᠭᠦᠢ ᠦᠢᠯᠡᠳᠪᠦᠷᠢᠯᠡᠯ  ᠤᠨ ᠡᠳᠦᠷ ᠤᠨ ᠭᠤᠣᠯ ᠰᠡᠳᠦᠪ ᠵᠡᠷᠭᠡ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠭᠤᠯᠭ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠃      ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠭᠤᠣᠯ ᠬᠠᠷᠢᠭᠤᠴᠠᠯᠭᠠᠲᠠᠨ ᠤ ︽ᠲᠠᠪᠤ ᠶᠢ ᠳᠠᠭᠠᠭᠤᠯᠬᠤ︾ ᠶᠢ ᠢᠳᠡᠪᠬᠢᠲᠡᠢ ᠠᠬᠢᠭᠤᠯᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠪᠠᠶᠢᠳᠠᠯ ᠢ ᠪᠠᠳᠤᠯᠠᠪᠠ᠃      ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠴᠠᠩ ᠱᠧᠩ ᠡᠮ ᠦᠢᠯᠡᠳᠬᠦ ᠬᠢᠵᠠᠭᠠᠷᠲᠤ ᠺᠣᠮᠫᠠᠨᠢ ᠳᠤ 500 ᠭᠠᠷᠤᠢ ᠳᠡᠪᠲᠡᠷ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠪᠣᠯᠣᠨ ︽ᠥᠪᠥᠷ ᠮᠣᠩᠭᠤᠯ ᠤᠨ ᠠᠶᠤᠯᠭᠦᠢ ᠦᠢᠯᠡᠳᠪᠦᠷᠢᠯᠡᠯ ᠤᠨ ᠳᠦᠷᠢᠮ︾ ᠢ ᠬᠠᠨᠳᠢᠪᠯᠡᠵᠤ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠦᠨᠳᠦᠰᠦᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯᠲᠠᠨ ᠠᠵᠢᠯᠴᠢᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃      ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠴᠠᠩ ᠱᠧᠩ ᠡᠮ ᠦᠢᠯᠡᠳᠬᠦ ᠬᠢᠵᠠᠭᠠᠷᠲᠤ ᠺᠣᠮᠫᠠᠨᠢ ᠪᠠᠰᠠ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠶᠣᠰᠣᠭᠠᠷ ᠡᠮᠴᠢᠯᠡᠭᠡᠨ ᠤ ᠳᠤᠭᠤᠶᠢᠯᠠᠩ᠂ ᠴᠢᠮᠡᠭᠡ ᠨᠡᠪᠲᠡᠷᠡᠯᠭᠡ ᠶᠢᠨ ᠳᠤᠭᠤᠶᠢᠯᠠᠩ᠂ ᠰᠡᠷᠡᠮᠵᠢᠯᠡᠭᠦᠯᠬᠦ ᠳᠤᠭᠤᠶᠢᠯᠠᠩ᠂ ᠭᠠᠯ ᠤᠨᠲᠠᠷᠠᠭᠠᠬᠤ ᠳᠤᠭᠤᠶᠢᠯᠠᠩ ᠵᠡᠷᠭᠡ ᠲᠤᠰᠬᠠᠢ ᠮᠡᠷᠭᠡᠵᠢᠯ ᠤᠨ ᠡᠩᠨᠡᠭᠡ ᠶᠢ ᠪᠠᠶᠢᠭᠤᠯᠪᠠ᠃ ᠰᠣᠷᠢᠯᠲᠠ ᠨᠢ ᠠᠵᠤ ᠠᠬᠤᠶᠢᠯᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡ ᠤᠳᠠᠭᠠᠨ ᠤ ᠭᠠᠯ ᠤᠨ ᠭᠠᠮᠰᠢᠭ ᠤᠨ ᠠᠵᠤ ᠠᠬᠤᠶᠢᠯᠠᠯ ᠤᠨ ᠠᠵᠢᠯᠲᠠᠳ ᠢ ᠵᠣᠬᠢᠶᠠᠨ ᠪᠠᠶᠢᠭᠤᠯᠤᠨ ᠡᠩ ᠲᠡᠷᠢᠭᠦᠨ ᠳᠤ ᠠᠵᠢᠯᠲᠠᠳ ᠢ ᠲᠠᠷᠬᠠᠭᠠᠨ᠂ ᠵᠠᠯᠭᠠᠭᠠᠳ ᠠᠵᠤ ᠠᠬᠤᠶᠢᠯᠠᠯ ᠤᠨ ᠭᠠᠯ ᠤᠨᠲᠠᠷᠠᠭᠠᠨ ᠠᠪᠤᠷᠠᠨ ᠲᠤᠰᠠᠯᠠᠬᠤ ᠠᠵᠢᠯᠲᠠᠳ ᠢᠶᠠᠷ ᠭᠠᠯ ᠤᠨᠲᠠᠷᠠᠭᠠᠵᠤ᠂ ᠰᠣᠷᠢᠯᠲᠠ ᠶᠢᠨ ᠳᠤᠮᠳᠠ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ ᠳᠦᠩᠨᠡᠨ ᠵᠠᠳᠠᠯᠤᠯᠲᠠ ᠬᠢᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠲᠠᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1