ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠤ ᠲᠠᠪᠢᠨ ᠭᠡᠷ ᠪᠠᠯᠭᠠᠰᠤ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ | ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ | ᠠᠵᠢᠯ ᠤᠨ ᠭᠤᠣᠯ ᠰᠢᠵᠢᠮ ᠪᠣᠯᠭᠠᠵᠤ᠂ ᠲᠣᠭᠲᠠᠴᠠ ᠶᠢ ᠲᠡᠭᠦᠯᠳᠡᠷᠵᠢᠭᠦᠯᠵᠦ᠂ ᠬᠠᠮᠵᠢᠯᠴᠠᠨ ᠰᠢᠨ᠎ᠡ ᠶᠢ ᠡᠭᠦᠳᠴᠦ᠂ | ᠠᠵᠢᠯ ᠤᠨ ᠬᠠᠷᠢᠴᠠᠭ᠎ᠠ ᠶᠢ ᠲᠣᠳᠣᠷᠬᠠᠶᠢᠯᠠᠵᠤ᠂ ᠢᠳᠡᠪᠬᠢ ᠬᠦᠴᠦᠨ ᠵᠦᠢᠯ ᠢ ᠲᠠᠶᠢᠴᠢᠯᠠᠵᠦ᠂ ᠭᠤᠣᠯ ᠡᠭᠦᠷᠭᠡ | ᠪᠣᠯᠣᠨ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠬᠦ | ᠪᠠᠯᠭᠠᠰᠤᠨ ᠤ ᠨᠢᠭᠡᠳᠦᠮᠡᠯ ᠹᠷᠣᠨᠲ ᠤᠨ ᠦᠢᠯᠡᠰ ᠲᠤ ᠥᠷᠨᠢᠩᠭᠦᠢ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ | ᠢᠯᠡᠷᠡᠵᠡᠢ᠃ | ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠪᠡ᠃ | ᠪᠠᠯᠭᠠᠰᠤᠨ ᠤ ᠨᠠᠮ ᠤᠨ ᠬᠤᠷᠢᠶ᠎ᠠ ᠨᠢᠭᠡᠳᠦᠮᠡᠯ ᠹᠷᠣᠨᠲ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ | ᠨᠠᠮ ᠤᠨ ᠲᠥᠪᠯᠡᠷᠡᠭᠰᠡᠨ ᠨᠢᠭᠡᠳᠦᠯᠲᠡᠢ ᠤᠳᠤᠷᠢᠳᠤᠯᠭ᠎ᠠ ᠶᠢ ᠥᠴᠥᠬᠡᠨ ᠴᠦ ᠭᠤᠶᠢᠪᠢᠰᠢ ᠦᠭᠡᠢ ᠪᠠᠷᠢᠮᠲᠠᠯᠠᠵᠤ᠂ | ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ | ᠠᠬᠢᠭᠤᠯᠵᠤ᠂ ᠨᠢᠭᠡᠳᠦᠮᠡᠯ ᠹᠷᠣᠨᠲ ᠤᠨ ᠤᠨᠤᠯ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠰᠤᠷᠤᠯᠴᠠᠨ | ᠰᠤᠳᠤᠯᠬᠤ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠨᠠᠮ ᠤᠨ ᠲᠦᠷᠦ ᠶᠢᠨ ᠪᠣᠳᠣᠯᠭ᠎ᠠ ᠶᠢᠨ ᠵᠣᠷᠢᠯᠲᠠ ᠶᠢ | ᠨᠢᠭᠡᠳᠦᠮᠡᠯ ᠹᠷᠣᠨᠲ ᠤᠨ ᠪᠦᠷᠢᠯᠳᠦᠭᠦᠨ ᠤ ᠤᠯᠤᠰ ᠲᠦᠷᠦ ᠶᠢᠨ ᠮᠡᠳᠡᠷᠡᠯ᠂ ᠦᠵᠡᠯ ᠰᠠᠨᠠᠭᠠᠨ ᠤ ᠮᠡᠳᠡᠷᠡᠯ᠂ | ᠤᠨᠤᠯ ᠤᠨ ᠮᠡᠳᠡᠷᠡᠮᠵᠢ ᠪᠠ ᠰᠡᠳᠬᠢᠯᠭᠡ ᠶᠢᠨ ᠮᠡᠳᠡᠷᠡᠮᠵᠢ ᠪᠣᠯᠭᠠᠨ ᠬᠤᠪᠢᠷᠠᠭᠤᠯᠵᠤ᠂ ᠨᠢᠭᠡᠳᠦᠮᠡᠯ ᠹᠷᠣᠨᠲ ᠤᠨ | ᠠᠵᠢᠯ ᠤᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ ᠶᠢ ᠪᠠᠲᠤᠯᠠᠬᠤ ᠬᠡᠷᠡᠭᠲᠡᠢ᠃ ᠨᠠᠮ ᠤᠨ | ᠬᠤᠷᠢᠶ᠎ᠠ ᠨᠢᠭᠡᠳᠦᠮᠡᠯ ᠹᠷᠣᠨᠲ ᠤᠨ ᠠᠵᠢᠯ ᠢ 3 ᠤᠳᠠᠭ᠎ᠠ ᠰᠤᠳᠤᠯᠵᠤ᠂ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠭᠦᠨ ᠨᠠᠷ ᠨᠢᠭᠡᠳᠦᠮᠡᠯ ᠹᠷᠣᠨᠲ ᠤᠨ ᠤᠨᠤᠯ ᠤᠨ ᠲᠤᠬᠠᠢ ᠰᠤᠳᠤᠯᠤᠨ ᠶᠠᠷᠢᠯᠴᠠᠬᠤ ᠠᠵᠢᠯ ᠢ 8 ᠤᠳᠠᠭ᠎ᠠ | ᠥᠷᠨᠢᠭᠦᠯᠵᠦ᠂ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠨᠢᠭᠡᠳᠦᠮᠡᠯ ᠹᠷᠣᠨᠲ ᠤᠨ ᠤᠨᠤᠯ ᠢ 4 | ᠤᠳᠠᠭ᠎ᠠ ᠰᠤᠷᠤᠯᠴᠠᠪᠠ᠃ ᠨᠢᠭᠡᠳᠦᠮᠡᠯ ᠹᠷᠣᠨᠲ ᠤᠨ ᠠᠵᠢᠯ ᠤᠨ ︽ᠭᠤᠷᠪᠠᠨ ᠱᠠᠲᠤᠨ ᠤ ᠰᠦᠯᠵᠢᠶ᠎ᠡ︾᠂ ︽ᠬᠤᠶᠠᠷ | ᠱᠠᠲᠤᠨ ᠤ ᠬᠠᠷᠢᠭᠤᠴᠠᠯᠭ᠎ᠠ ᠶᠢᠨ ᠳᠦᠷᠢᠮ︾ ᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠥᠨᠳᠡᠯᠡᠨ ᠴᠢᠭᠯᠡᠯ ᠢᠶᠠᠷ ᠬᠢᠵᠠᠭᠠᠷ ᠬᠦᠷᠬᠦ᠂ ᠭᠤᠯᠳᠤ ᠪᠠᠷ ᠡᠴᠦᠰ ᠲᠤᠨᠢ ᠲᠤᠯᠲᠠᠯ᠎ᠠ ᠴᠢᠭᠯᠡᠬᠦ | ᠂ ᠪᠦᠷᠢᠨ ᠲᠡᠭᠦᠯᠳᠡᠷ ᠨᠢᠭᠡᠳᠦᠮᠡᠯ ᠹᠷᠣᠨᠲ ᠤᠨ ᠠᠵᠢᠯ ᠤᠨ ᠲᠣᠣᠷ ᠢ ᠢᠳᠡᠪᠬᠢᠲᠡᠢ ᠪᠠᠷ ᠪᠠᠶᠢᠭᠤᠯᠵᠤ᠂ ᠪᠠᠯᠭᠠᠰᠤᠨ ᠤ | ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠢ ᠴᠠᠭ ᠲᠤᠬᠠᠢ ᠳᠤᠨᠢ ᠲᠣᠬᠢᠷᠠᠭᠤᠯᠵᠤ᠂ ᠡᠯ᠎ᠡ | ᠱᠠᠲᠤᠨ ᠤ ᠨᠢᠭᠡᠳᠦᠮᠡᠯ ᠹᠷᠣᠨᠲ ᠤᠨ ᠬᠤᠯᠪᠣᠭᠠᠴᠢᠨ ᠢ ᠰᠢᠨᠡᠳᠬᠡᠨ ᠨᠥᠬᠦᠪᠦᠷᠢᠯᠡᠵᠦ᠂ ᠪᠠᠯᠭᠠᠰᠤ᠂ ᠭᠠᠴᠠᠭ᠎ᠠ ᠬᠤᠶᠠᠷ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠦᠴᠦᠨ ᠢ ᠲᠥᠪᠯᠡᠷᠡᠭᠦᠯᠵᠦ᠂ ᠭᠤᠷᠪᠠᠨ ᠱᠠᠲᠤᠨ ᠤ | ᠨᠢᠭᠡᠳᠦᠮᠡᠯ ᠹᠷᠣᠨᠲ ᠤᠨ ᠬᠤᠯᠪᠣᠭᠠᠴᠢᠨ ᠢ ᠡᠯᠰᠡᠵᠦ᠂ ᠨᠢᠭᠡᠳᠦᠮᠡᠯ ᠹᠷᠣᠨᠲ ᠤᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠪᠡ᠃ | ᠬᠤᠶᠠᠷ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠪᠠ | ᠳᠡᠭᠡᠷ᠎ᠡ ᠬᠠᠭᠠᠰ ᠵᠢᠯ ᠳᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠡᠷᠢᠭᠦᠨ ᠤ | ᠨᠡᠶᠢᠲᠡᠯᠢᠭ ᠵᠢᠱᠢᠶ᠎ᠡ ᠶᠢᠨ ᠲᠥᠯᠥᠭᠡᠯᠡᠭᠴᠢ ᠰᠢᠷᠠᠤᠰᠤ ᠲᠣᠰᠬᠤᠨ᠂ ᠱᠦ ᠯᠢᠨ ᠲᠣᠰᠬᠤᠨ᠂ ᠯᠢᠦ ᠵᠢᠶᠠ ᠶᠣᠣ | ᠲᠣᠰᠬᠤᠨ ᠢ ᠵᠢᠯᠣᠭᠤᠳᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ | ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠪᠠᠷ | ᠭᠠᠷᠳᠠᠴᠠ ᠪᠣᠯᠭᠠᠵᠤ᠂ ᠪᠥᠬᠦ ᠪᠠᠯᠭᠠᠰᠤᠨ ᠤ ᠬᠡᠪᠴᠢᠶᠡᠨ ᠳᠤ ᠦᠨᠳᠦᠰᠦᠲᠡᠨ ᠨᠦᠭᠦᠳ ᠡᠷᠬᠡ ᠲᠡᠭᠰᠢ᠂ | ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠲᠡᠭᠡᠭᠰᠢᠯᠡᠭᠦᠯᠪᠡ᠃ | ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠪᠠᠷᠢᠮᠲᠠᠯᠠᠨ ᠠᠬᠢᠭᠤᠯᠵᠤ᠂ ᠺᠠᠳ᠋ᠷ | ᠤᠯᠠᠨ ᠲᠦᠮᠡᠨ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ︽ᠠᠷᠪᠠᠳᠤᠭᠠᠷ ᠪᠦᠯᠦᠭ ᠤᠨ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ | ᠨᠢᠭᠡᠴᠡ ᠶᠢᠨ ᠫᠠᠶᠢᠰᠠ ᠣᠯᠭᠤᠬᠤ ᠶᠣᠰᠣᠯᠠᠯ ᠤᠨ ᠦᠳᠡᠰᠢᠯᠡᠭᠡ︾᠂ ︽ᠭᠤᠷᠪᠠᠨ ᠮᠢᠩᠭᠠᠨ ᠥᠨᠥᠴᠢᠨ ᠬᠡᠦᠬᠡᠳ ᠢ | ᠥᠪᠥᠷ ᠮᠣᠩᠭᠤᠯ ᠳᠤ ᠣᠷᠣᠭᠤᠯᠬᠤ︾᠂ ︽ᠬᠤᠪᠢᠰᠬᠠᠯ ᠤᠨ ᠬᠥᠪᠡᠭᠦᠨ ·ᠭᠠᠭᠴᠠᠭᠠᠷ ᠢᠶᠠᠨ ᠬᠤᠷᠠᠯ ᠳᠤ ᠣᠷᠣᠯᠴᠠᠬᠤ | ︾ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠲᠡᠯᠢᠭ ᠺᠢᠨᠣ᠋ ᠲᠧᠯᠸᠢᠰ ᠤᠨ ᠮᠠᠲ᠋ᠧᠷᠢᠶᠠᠯ ᠢ | ᠰᠣᠨᠢᠷᠬᠠᠭᠤᠯᠪᠠ᠃ ᠰᠦᠯᠵᠢᠶᠡᠨ ᠤ ᠭᠠᠳᠠᠨ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ︾ ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ︽ᠪᠢᠳᠡᠨ ᠤ ᠪᠠᠶᠠᠷ ᠤᠨ ᠡᠳᠦᠷ︾ ᠤᠨ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ︽ᠠᠷᠠᠳ ᠣᠯᠠᠨ ᠤ ᠡᠷᠡᠭᠦᠯ ᠮᠡᠨᠳᠦ ᠳᠤ ᠦᠢᠯᠡᠴᠢᠯᠡᠬᠦ ᠠᠵᠢᠯᠯᠠᠭ᠎ᠠ | ︾ ᠶᠢᠨ ᠵᠢᠷᠤᠮ ᠤᠨ ᠡᠮᠴᠢᠯᠡᠭᠡ᠂ ᠲᠠᠷᠢᠶᠠᠯᠠᠩ ᠮᠠᠯ ᠠᠵᠤ ᠠᠬᠤᠢ ᠶᠢ ᠬᠠᠪᠰᠤᠷᠤᠨ ᠲᠡᠳᠬᠦᠬᠦ ᠪᠠ ᠮᠡᠷᠭᠡᠵᠢᠯ ᠤᠨ | ᠳᠡᠮᠵᠢᠯᠭᠡ ᠦᠵᠡᠭᠦᠯᠬᠦ᠂ ᠵᠡᠮᠳᠡᠭᠴᠦᠳ ᠪᠠ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠵᠡᠷᠭᠡ ᠠᠯᠢ | ᠣᠯᠠᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ | ᠣᠯᠠᠨ ᠳᠤ ᠦᠨᠡᠨ ᠬᠦ ᠦᠢᠯᠡᠴᠢᠯᠡᠬᠦ ᠶᠠᠪᠤᠴᠠ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠤᠯᠭᠠᠪᠠ᠃ | ᠭᠤᠷᠪᠠ᠂ ᠬᠥᠮᠥᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠡᠯ᠎ᠡ ᠬᠦᠷᠢᠶᠡᠨ ᠳᠠᠬᠢ ᠨᠢᠭᠡᠳᠦᠮᠡᠯ | ᠹᠷᠣᠨᠲ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠪᠡ | ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ | ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠠᠨ | ᠲᠠᠯ᠎ᠠ ᠪᠠᠷ ᠬᠦᠴᠦᠨ ᠢ ᠨᠢᠭᠳᠠᠷᠠᠭᠤᠯᠪᠠ᠃ ᠨᠢᠭᠡᠳᠦᠮᠡᠯ ᠹᠷᠣᠨᠲ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠤᠯᠠᠮ ᠨᠢᠭᠡ | ᠠᠯᠬᠤᠮ ᠠᠭᠤᠳᠠᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠦᠨᠳᠦᠰᠦᠲᠡᠨ ᠱᠠᠰᠢᠨ | ᠰᠤᠷᠲᠠᠬᠤᠨ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠵᠡᠷᠭᠡ ᠶᠢᠨ ᠲᠦᠷᠦᠯ ᠬᠤᠪᠢᠶᠠᠭᠰᠠᠨ ᠡᠬᠡ ᠲᠠᠩᠰᠠ ᠶᠢ | ᠪᠦᠷᠢᠨᠰᠢᠭᠦᠯᠦᠨ ᠲᠡᠭᠦᠯᠳᠡᠷᠵᠢᠭᠦᠯᠪᠡ᠃ ᠬᠤᠲᠠ ᠶᠢᠨ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠲᠠᠢ | ᠬᠤᠯᠪᠤᠭᠠᠯᠠᠨ ᠪᠦᠬᠦ ᠪᠠᠯᠭᠠᠰᠤᠨ ᠤ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠭᠢᠯᠲᠡ ᠶᠢᠨ ᠪᠠᠶᠢᠳᠠᠯ ᠢ | ᠪᠠᠶᠢᠴᠠᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠵᠤ᠂ | ᠬᠠᠷᠢᠶ᠎ᠠ ᠣᠷᠣᠨ ᠤ ᠪᠠᠨ ᠱᠠᠰᠢᠨ ᠰᠤᠷᠲᠠᠬᠤᠨ ᠤ ᠲᠠᠯᠠᠪᠤᠷ ᠲᠤ ︽ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠢ ᠥᠷᠨᠢᠭᠦᠯᠵᠦ᠂ ᠱᠠᠰᠢᠨ ᠰᠤᠷᠲᠠᠬᠤᠨ ᠤ ᠡᠲᠡᠭᠡᠳ ᠤᠨ ᠬᠥᠮᠥᠰ ᠢ ᠬᠥᠲᠥᠯᠥᠨ | ᠵᠢᠯᠤᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠡᠯ᠎ᠡ ᠵᠦᠢᠯ ᠤᠨ | ᠴᠢᠭᠯᠡᠯᠲᠡ ᠲᠦᠷᠦ ᠶᠢᠨ ᠪᠣᠳᠣᠯᠭ᠎ᠠ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠮᠠᠨ ᠤ ᠤᠯᠤᠰ ᠤᠨ ᠱᠠᠰᠢᠨ | ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠦᠷᠭᠦᠯᠵᠢᠯᠡᠨ ᠲᠦᠯᠬᠢᠨ ᠠᠬᠢᠭᠤᠯᠪᠠ᠃ | ᠳᠠᠷᠠᠭᠠᠴᠢ ᠶᠢᠨ ᠠᠯᠬᠤᠮ ᠳᠤ᠂ ᠲᠤᠰ ᠪᠠᠯᠭᠠᠰᠤ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠢᠭᠡᠳᠦᠮᠡᠯ ᠹᠷᠣᠨᠲ ᠤᠨ | ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠡᠭᠦᠷᠭᠡ ᠴᠢᠳᠠᠪᠬᠢ ᠶᠢ ᠲᠤᠪᠤᠶᠢᠯᠭᠠᠵᠦ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢ ᠨᠢᠭᠲᠠᠷᠠᠭᠤᠯᠵᠤ᠂ ᠪᠦᠬᠦ ᠪᠠᠯᠭᠠᠰᠤ ᠶᠢᠨ ᠠᠵᠤ | ᠠᠬᠤᠢ ᠨᠡᠶᠢᠭᠡᠮ ᠪᠣᠯᠣᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ | ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |