2023 ᠣᠨ ᠤ 7 ᠳ᠋ᠤᠭᠠᠷ ᠰᠠᠷ᠎ᠠ ᠶᠢᠨ 13 ᠤ ᠡᠳᠦᠷ᠂ ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠭᠤᠣᠯᠯᠠᠨ ᠡᠷᠭᠢᠯᠡᠵᠦ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠬᠡᠬᠤᠲᠠ ᠶᠢᠨ | ᠬᠥᠯ ᠪᠥᠮᠪᠦᠭᠡ ᠶᠢᠨ ᠬᠥᠳᠡᠯᠭᠡᠭᠡᠨ ᠬᠢᠭᠡᠳ ᠨᠡᠶᠢᠭᠡᠮ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠪ ᠠᠴᠠ | ᠳᠠᠭᠠᠭᠠᠨ ᠡᠷᠭᠢᠯᠡᠵᠦ᠂ ᠬᠤᠲᠠ ᠬᠤᠰᠢᠭᠤ ᠰᠢᠶᠠᠨ ᠲᠣᠭᠤᠷᠢᠭ ᠤᠨ ᠡᠯ᠎ᠡ ᠨᠢᠭᠡᠴᠡ ᠠᠴᠠ ᠬᠠᠮᠵᠢᠯᠴᠠᠨ ᠡᠷᠭᠢᠯᠡᠭᠰᠡᠨ | ᠬᠥᠬᠡᠬᠤᠲᠠ ᠶᠢᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠫᠢᠩᠫᠠᠩ ᠪᠥᠮᠪᠦᠭᠡ ᠶᠢᠨ | ᠤᠷᠤᠯᠳᠤᠭᠠᠨ ᠬᠥᠬᠡᠬᠤᠲᠠ ᠳᠤ ᠵᠢᠩᠬᠢᠨᠢ ᠪᠠᠷ ᠡᠬᠢᠯᠡᠪᠡ᠃ | | | | | ᠲᠣᠭᠲᠠᠬᠤ ᠰᠢᠶᠠᠨ ᠲᠤᠰ ᠤᠳᠠᠭ᠎ᠠ ᠶᠢᠨ ᠤᠷᠤᠯᠳᠤᠭᠠᠨ ᠢ ᠲᠤᠶᠢᠯ ᠢᠶᠠᠷ ᠴᠢᠬᠤᠯᠠᠴᠢᠯᠠᠵᠤ᠂ ᠨᠠᠷᠢᠨ ᠨᠢᠮᠪᠠᠢ | ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠰᠢᠯᠢᠳᠡᠭ ᠢ ᠨᠢ ᠰᠣᠩᠭᠤᠨ 10 ᠲᠠᠮᠢᠷᠴᠢᠨ ᠢ ᠰᠣᠩᠭᠤᠨ | ᠲᠣᠮᠢᠯᠠᠵᠤ ᠡᠷᠡᠭᠲᠡᠢ ᠡᠮᠡᠭᠲᠡᠢ ᠶᠢᠨ ᠬᠤᠶᠠᠷ ᠡᠩᠨᠡᠭᠡ ᠶᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠭᠤᠯᠵᠠᠢ᠃ | ᠠᠩᠭᠢ ᠶᠢᠨ ᠭᠡᠰᠢᠭᠦᠳ ᠪᠦᠯᠬᠦᠮᠳᠡᠨ ᠬᠠᠮᠵᠢᠯᠴᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠬᠡᠪ ᠨᠠᠮᠪᠠ ᠲᠠᠢ | ᠤᠷᠤᠯᠳᠤᠵᠤ᠂ ᠬᠢᠷᠢ ᠲᠦᠪᠰᠢᠨ ᠲᠠᠢ ᠤᠷᠤᠯᠳᠤᠵᠤ᠂ ᠨᠥᠬᠦᠷᠯᠡᠯ ᠲᠠᠢ ᠤᠷᠤᠯᠳᠤᠵᠤ᠂ ᠰᠢᠨ᠎ᠡ ᠴᠠᠭ ᠦᠶ᠎ᠡ ᠶᠢᠨ | ᠲᠣᠭᠲᠠᠬᠤ ᠬᠥᠮᠥᠰ ᠤᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠭᠠᠷᠮᠠᠭᠠᠢ ᠠᠮᠵᠢᠯᠲᠠ ᠶᠢ | ᠬᠥᠭᠡᠭᠡᠴᠡᠯᠳᠦᠬᠦ ᠰᠢᠨ᠎ᠡ ᠴᠤᠭ ᠵᠢᠪᠬᠤᠭ᠎ᠠ ᠶᠢ ᠢᠯᠡᠷᠡᠭᠦᠯᠪᠡ᠃ ᠬᠤᠷᠴᠠ ᠰᠢᠷᠦᠭᠦᠨ ᠥᠷᠢᠰᠦᠯᠳᠦᠭᠡᠨ ᠢᠶᠠᠷ | ᠳᠠᠮᠵᠢᠭᠠᠳ᠂ ᠮᠠᠨ ᠤ ᠰᠢᠶᠠᠨ ᠤ ᠲᠠᠮᠢᠷᠴᠢᠳ ᠲᠣᠰ ᠤᠳᠠᠭᠠᠨ ᠤ ᠤᠷᠤᠯᠳᠤᠭᠠᠨ ᠳᠤ ᠮᠠᠰᠢ ᠰᠠᠶᠢᠨ ᠢᠯᠡᠷᠡᠯ ᠲᠠᠢ | ᠪᠠᠶᠢᠵᠤ᠂ ᠬᠤᠰᠢᠭᠤ ᠰᠢᠶᠠᠨ ᠲᠣᠭᠤᠷᠢᠭ ᠤᠨ ᠡᠷᠡᠭᠲᠡᠢ ᠶᠢᠨ ᠳᠤᠭᠤᠶᠢᠯᠠᠩ ᠤᠨ ᠬᠤᠶᠠᠳᠤᠭᠠᠷ᠂ ᠡᠮᠡᠭᠲᠡᠢ ᠶᠢᠨ | ᠳᠤᠭᠤᠶᠢᠯᠠᠩ ᠤᠨ ᠳᠥᠷᠪᠡᠳᠦᠭᠡᠷ ᠲᠤ ᠣᠷᠣᠭᠰᠠᠨ ᠰᠠᠶᠢᠨ ᠬᠢᠷᠢ ᠪᠦᠲᠦᠮᠵᠢ ᠶᠢ ᠣᠯᠵᠤ᠂ ᠮᠠᠨ ᠤ ᠰᠢᠶᠠᠨ ᠤ ᠲᠣᠰ | ᠤᠷᠤᠯᠳᠤᠭᠠᠨ ᠤ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃ | | | | | ᠲᠤᠰ ᠤᠳᠠᠭ᠎ᠠ ᠶᠢᠨ ᠤᠷᠤᠯᠳᠤᠭᠠᠨ ᠨᠢ ᠪᠥᠮᠪᠦᠭᠡ ᠪᠠᠷ ᠨᠠᠶᠢᠵᠠ ᠨᠠᠷ ᠲᠠᠢ ᠪᠠᠨ ᠠᠭᠤᠯᠵᠠᠬᠤ ᠵᠣᠷᠢᠯᠲᠠ ᠶᠢ | ᠭᠦᠢᠴᠡᠳ ᠢᠯᠡᠷᠡᠭᠦᠯᠵᠦ᠂ ᠬᠠᠷᠢᠯᠴᠠᠨ ᠵᠥᠪᠳᠡᠯᠴᠡᠵᠦ᠂ ᠬᠠᠮᠲᠤᠪᠠᠷ ᠳᠠᠪᠰᠢᠵᠤ᠂ ᠲᠠᠮᠢᠷᠴᠢᠳ ᠣᠷᠭᠢᠯᠤᠮ᠎ᠠ | ᠬᠠᠯᠠᠭᠤᠨ ᠰᠡᠳᠬᠢᠯᠭᠡ ᠪᠠ ᠭᠤᠶᠢᠳᠠ ᠰᠠᠶᠢᠬᠠᠨ ᠪᠥᠮᠪᠦᠭᠡ ᠶᠢᠨ ᠮᠡᠷᠭᠡᠵᠢᠯ ᠢᠶᠠᠷ ᠢᠶᠠᠨ ᠲᠠᠯᠠᠪᠤᠷ ᠪᠦᠷᠢ ᠶᠢᠨ | ᠤᠷᠤᠯᠳᠤᠭᠠᠨ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠮᠠᠨ ᠤ ᠰᠢᠶᠠᠨ ᠤ ᠡᠷᠡᠯᠬᠡᠭᠯᠡᠨ ᠲᠡᠮᠡᠴᠡᠬᠦ | ᠂ ᠢᠳᠡᠪᠬᠢᠲᠡᠢ ᠪᠠᠷ ᠥᠭᠡᠳᠡᠯᠡᠨ ᠳᠠᠪᠰᠢᠬᠤ᠂ ᠵᠣᠷᠢᠭᠲᠠᠢ ᠪᠠᠷ ᠲᠦᠷᠦᠭᠦᠯᠡᠬᠦ᠂ ᠪᠦᠯᠬᠦᠮᠳᠡᠨ ᠬᠠᠮᠵᠢᠯᠴᠠᠬᠤ ᠰᠠᠶᠢᠨ | ᠰᠠᠶᠢᠬᠠᠨ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠭᠦᠢᠴᠡᠳ ᠬᠠᠷᠠᠭᠤᠯᠵᠠᠢ ᠭᠡᠵᠦ ᠵᠢᠭᠠᠵᠤ ᠭᠠᠷᠭᠠᠪᠠ᠃ ᠡᠨᠡ | ᠤᠳᠠᠭ᠎ᠠ ᠶᠢᠨ ᠤᠷᠤᠯᠳᠤᠭᠠᠨ ᠨᠢ ᠮᠠᠨ ᠤ ᠰᠢᠶᠠᠨ ᠤ ᠴᠢᠷᠮᠠᠶᠢᠨ ᠲᠡᠮᠡᠴᠡᠬᠦ᠂ ᠢᠳᠡᠪᠬᠢᠲᠡᠢ ᠪᠠᠷ ᠤᠷᠤᠭᠰᠢᠯᠠᠬᠤ᠂ | ᠵᠣᠷᠢᠭᠲᠠᠢ ᠪᠠᠷ ᠲᠦᠷᠦᠭᠦᠯᠡᠬᠦ᠂ ᠪᠦᠯᠬᠦᠮᠳᠡᠨ ᠬᠠᠮᠵᠢᠯᠴᠠᠬᠤ ᠰᠠᠶᠢᠨ ᠰᠠᠶᠢᠬᠠᠨ ᠪᠦᠯᠬᠦᠮ ᠨᠡᠶᠢᠲᠡ ᠶᠢᠨ ᠵᠣᠷᠢᠭ | ᠰᠠᠨᠠᠭ᠎ᠠ ᠶᠢ ᠭᠦᠢᠴᠡᠳ ᠢᠯᠡᠷᠡᠭᠦᠯᠵᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |