ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ | ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠶᠢᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ︽ᠰᠤᠷᠭᠠᠭᠤᠯᠢ ᠭᠡᠷ ᠪᠦᠯᠢ ᠨᠡᠶᠢᠭᠡᠮ ᠤᠨ ᠬᠠᠮᠵᠢᠯᠴᠠᠨ ᠬᠥᠮᠥᠨ ᠬᠥᠮᠥᠵᠢᠭᠦᠯᠬᠦ | ᠲᠣᠭᠲᠠᠴᠠ ᠶᠢ ᠪᠦᠷᠢᠨᠰᠢᠭᠦᠯᠬᠦ ᠲᠤᠬᠠᠢ ᠰᠠᠨᠠᠯ︾ ︽ᠭᠡᠷ ᠪᠦᠯᠢ ᠶᠢᠨ ᠬᠥᠮᠦᠵᠢᠯ ᠢ ᠵᠢᠯᠣᠭᠤᠳᠤᠨ ᠠᠬᠢᠭᠤᠯᠬᠤ | ᠲᠤᠬᠠᠢ ᠲᠠᠪᠤᠨ ᠵᠢᠯ ᠤᠨ ᠲᠥᠯᠦᠪᠵᠢᠭᠦᠯᠭᠡ ︵2021 ︱ 2025 ᠣᠨ︶︾ ᠵᠡᠷᠭᠡ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠭᠡᠷ ᠪᠦᠯᠢ ᠶᠢᠨ | ᠬᠥᠮᠦᠵᠢᠯ ᠤᠨ ᠵᠢᠯᠤᠭᠤᠳᠬᠤ ᠭᠤᠣᠯᠯᠠᠭᠴᠢ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ | ᠮᠠᠨ ᠤ ᠬᠤᠲᠠ ᠶᠢᠨ ᠭᠡᠷ ᠤᠨ ᠠᠬᠠᠮᠠᠳ ᠤᠨ ᠰᠤᠷᠭᠠᠭᠤᠯᠢ ᠶᠢᠨ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ | ᠴᠢᠳᠠᠪᠤᠷᠢ ᠶᠢ ᠲᠡᠭᠡᠭᠰᠢᠯᠡᠭᠦᠯᠬᠦ ᠶᠢᠨ ᠲᠦᠯᠦᠭᠡ᠂ 7 ᠳ᠋ᠤᠭᠠᠷ ᠰᠠᠷ᠎ᠠ ᠶᠢᠨ 13 ᠤ ᠡᠳᠦᠷ ᠠᠴᠠ 15 ᠤ ᠡᠳᠦᠷ | ᠪᠣᠯᠲᠠᠯ᠎ᠠ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠶᠣᠰᠣ ᠰᠤᠷᠲᠠᠬᠤᠨ ᠢᠶᠠᠷ ᠬᠥᠮᠥᠨ ᠢ | ᠬᠥᠮᠥᠵᠢᠭᠦᠯᠵᠦ᠂ ᠭᠡᠷ ᠪᠦᠯᠢ ᠰᠤᠷᠭᠠᠭᠤᠯᠢ ᠬᠠᠮᠲᠤ ᠤᠷᠤᠭᠰᠢᠯᠠᠬᠤ︾ ᠪᠣᠯᠪᠠᠰᠤᠷᠠᠯ ᠵᠢᠴᠢ ᠰᠤᠳᠤᠯᠤᠨ ᠶᠠᠷᠢᠯᠴᠠᠵᠤ | ᠰᠣᠯᠢᠯᠴᠠᠬᠤ ᠬᠤᠷᠠᠯ ᠬᠢᠪᠡ᠃ | | | | | | | | ᠲᠣᠭᠲᠠᠬᠤ ᠰᠢᠶᠠᠨ ᠤ ᠭᠡᠷ ᠤᠨ ᠠᠬᠠᠮᠠᠳ ᠤᠨ ᠰᠤᠷᠭᠠᠭᠤᠯᠢ ᠶᠢᠨ ᠭᠤᠣᠯ ᠰᠤᠷᠭᠠᠭᠤᠯᠢ ᠪᠥᠬᠦ ᠰᠢᠶᠠᠨ ᠤ ᠡᠯ᠎ᠡ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠭᠤᠣᠯᠯᠠᠭᠴᠢ ᠪᠠᠭᠰᠢ ᠶᠢ ᠵᠣᠬᠢᠶᠠᠨ ᠪᠠᠶᠢᠭᠤᠯᠵᠤ᠂ | ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠵᠢᠨᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ | ᠭᠡᠷ ᠪᠦᠯᠢ ᠶᠢᠨ ᠰᠤᠷᠭᠠᠨ ᠬᠥᠮᠦᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠯᠧᠺᠲ᠋ᠣᠷ ᠤᠨ ᠪᠦᠯᠬᠦᠮ ᠤᠨ | ᠯᠧᠺᠲ᠋ᠣᠷ ᠢ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠭᠤᠯᠵᠠᠢ᠃ | ᠪᠣᠯᠪᠠᠰᠤᠷᠠᠯ ᠤᠨ ᠳᠤᠮᠳᠠ᠂ ᠭᠤᠷᠪᠠᠨ ᠲᠤᠰᠬᠠᠢ ᠮᠡᠷᠭᠡᠵᠢᠯᠲᠡᠨ ᠫᠷᠤᠹᠥᠰᠰᠤᠷ ᠠᠳᠠᠯᠢ ᠪᠤᠰᠤ | ᠳᠠᠪᠬᠤᠷᠭ᠎ᠠ ᠠᠴᠠ ᠬᠢᠴᠢᠶᠡᠯ ᠵᠢᠭᠠᠵᠤ᠂ ᠵᠤᠤ ᠭᠠᠩ ᠪᠠᠭᠰᠢ ᠡᠷᠲᠡᠨ ᠡᠳᠦᠭᠡ ᠳᠣᠲᠣᠭᠠᠳᠤ ᠭᠠᠳᠠᠭᠠᠳᠤ ᠶᠢᠨ ᠰᠢᠨ᠎ᠡ | ᠰᠣᠷᠭᠤᠭ ᠰᠤᠷᠭᠠᠨ ᠬᠥᠮᠦᠵᠢᠯ ᠤᠨ ᠵᠢᠱᠢᠶ᠎ᠡ ᠶᠢ ᠡᠰᠢᠯᠡᠨ ᠬᠡᠷᠡᠭᠯᠡᠵᠦ᠂ ᠤᠯᠠᠨ ᠤ ᠰᠢᠨ᠎ᠡ ᠴᠠᠭ ᠦᠶ᠎ᠡ ᠶᠢᠨ ᠭᠡᠷ | ᠪᠦᠯᠢ ᠶᠢᠨ ᠰᠤᠷᠭᠠᠨ ᠬᠥᠮᠦᠵᠢᠯ ᠤᠨ ᠰᠤᠷᠤᠯᠴᠠᠯᠭ᠎ᠠ ᠳᠤ ᠨᠡᠩ ᠤᠯᠠᠨ ᠵᠢᠯᠣᠭᠤᠳᠤᠯᠭ᠎ᠠ ᠬᠠᠩᠭᠠᠵᠠᠢ᠃ ᠶᠢᠨ ᠸᠧᠨ | ᠭᠠᠩ ᠫᠷᠤᠹᠧᠰᠰᠤᠷ ᠲᠠᠷᠢᠬᠢᠨ ᠤ ᠰᠢᠨᠵᠢᠯᠡᠬᠦ ᠤᠬᠠᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ︱ ᠮᠡᠳᠡᠷᠡᠯ ᠤᠨ | ᠰᠤᠷᠭᠠᠨ ᠬᠥᠮᠦᠵᠢᠯ ᠤᠨ ᠤᠬᠠᠭᠠᠨ ᠢ ᠬᠡᠦᠬᠡᠳ ᠤᠨ ᠰᠤᠷᠭᠠᠨ ᠬᠥᠮᠦᠵᠢᠯ ᠳᠤ ᠬᠡᠷᠬᠢᠨ ᠬᠡᠷᠡᠭᠯᠡᠬᠦ ᠲᠤᠬᠠᠢ ᠣᠯᠠᠨ | ᠲᠠᠯ᠎ᠠ ᠠᠴᠠ ᠶᠠᠷᠢᠵᠠᠢ᠂ ᠶᠣᠣ ᠱᠢ ᠬᠤᠩ ᠪᠠᠭᠰᠢ ᠸᠧᠨ᠋ᠨᠢᠺᠧᠲ ᠤᠨ ᠤᠷᠮ᠎ᠠ ᠰᠡᠳᠬᠢᠯᠭᠡ ᠶᠢᠨ ᠪᠣᠯᠪᠠᠰᠤᠷᠠᠯᠲᠠ ᠶᠢᠨ | ᠶᠠᠪᠤᠴᠠ ᠶᠢᠨ ᠣᠨᠣᠯ ᠠᠴᠠ ᠠᠮᠢ ᠨᠠᠰᠤᠨ ᠤ ᠬᠥᠭᠵᠢᠯᠲᠡ ᠶᠢᠨ ᠶᠠᠪᠤᠴᠠ ᠳᠠᠬᠢ ᠱᠠᠲᠤ ᠦᠶ᠎ᠡ ᠨᠢᠭᠡᠪᠦᠷᠢ ᠳᠤ ᠤᠤᠯ | ᠠᠴᠠ ᠪᠠᠶᠢᠭᠰᠠᠨ ᠠᠳᠠᠯᠢ ᠪᠤᠰᠤ ᠡᠭᠦᠷᠭᠡ᠂ ᠪᠣᠯᠪᠠᠰᠤᠷᠠᠯᠲᠠ ᠪᠠ ᠬᠦᠴᠢᠷᠳᠡᠯ ᠢ ᠲᠣᠳᠣᠷᠬᠠᠶᠢᠯᠠᠨ ᠥᠭᠦᠯᠡᠭᠰᠡᠨ | ᠪᠠᠶᠢᠨ᠎ᠠ᠃ | | | | | ᠲᠠᠶᠢᠯᠤᠮᠵᠢ ᠳᠤ᠂ ᠪᠠᠭᠰᠢ ᠨᠠᠷ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ | ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ᠂ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ ᠶᠢ ᠠᠰᠢᠭᠯᠠᠨ ᠲᠤᠰᠬᠠᠢ | ᠮᠡᠷᠭᠡᠵᠢᠯᠲᠡᠨ ᠫᠷᠤᠹᠧᠰᠰᠤᠷ ᠠᠴᠠ ᠭᠡᠷ ᠪᠦᠯᠢ ᠶᠢᠨ ᠰᠤᠷᠭᠠᠨ ᠬᠥᠮᠦᠵᠢᠯ ᠤᠨ ᠲᠠᠯ᠎ᠠ ᠪᠠᠷ ᠬᠢ ᠵᠠᠷᠢᠮ ᠲᠥᠭᠡᠷᠢᠭᠳᠡᠯ ᠢ | ᠠᠰᠠᠭᠤᠵᠤ᠂ ᠬᠠᠮᠤᠭ ᠤᠨ ᠪᠦᠲᠦᠮᠵᠢᠲᠡᠢ ᠰᠢᠢᠳᠪᠦᠷᠢᠯᠡᠬᠦ ᠠᠷᠭ᠎ᠠ ᠶᠢ ᠰᠦᠪᠡᠭᠴᠢᠯᠡᠵᠡᠢ᠃ | | | | | ᠬᠤᠶᠠᠷ ᠡᠳᠦᠷ ᠬᠠᠭᠠᠰ ᠤᠨ ᠬᠤᠭᠤᠴᠠᠭ᠎ᠠ ᠲᠠᠢ ᠪᠣᠯᠪᠠᠰᠤᠷᠠᠯ ᠨᠢ ᠪᠠᠭᠰᠢ ᠨᠠᠷ ᠤᠨ ᠰᠡᠳᠬᠢᠴᠡ ᠶᠢ | ᠨᠡᠭᠡᠭᠡᠭᠳᠡᠭᠦᠯᠵᠦ᠂ ᠬᠠᠷᠠᠭ᠎ᠠ ᠶᠢ ᠨᠢ ᠥᠷᠭᠡᠳᠬᠡᠭᠰᠡᠨ ᠢᠶᠠᠷ ᠦᠯᠦ ᠪᠠᠷᠠᠮ ᠭᠡᠷ ᠪᠦᠯᠢ ᠪᠠ ᠰᠤᠷᠭᠠᠭᠤᠯᠢ ᠶᠢᠨ | ᠬᠠᠮᠵᠢᠯᠴᠠᠭ᠎ᠠ ᠠᠴᠠ ᠭᠡᠷ ᠪᠦᠯᠢ ᠶᠢᠨ ᠰᠤᠷᠭᠠᠨ ᠬᠥᠮᠦᠵᠢᠯ ᠳᠤ ᠣᠯᠭᠤᠭᠰᠠᠨ ᠲᠤᠯᠭᠠᠮ᠎ᠠ ᠰᠡᠳᠬᠢᠯᠭᠡ ᠪᠠ ᠡᠭᠦᠷᠭᠡᠲᠦ | ᠰᠡᠳᠬᠢᠯᠭᠡ ᠶᠢ ᠮᠡᠳᠡᠷᠡᠭᠦᠯᠵᠦ᠂ ᠮᠥᠨ ᠴᠦ ᠭᠡᠷ ᠪᠦᠯᠢ ᠶᠢᠨ ᠰᠤᠷᠭᠠᠨ ᠬᠥᠮᠦᠵᠢᠯ ᠤᠨ ᠬᠡᠦᠬᠡᠳ ᠤᠨ ᠦᠰᠦᠨ | ᠪᠣᠶᠢᠵᠢᠬᠤ ᠶᠠᠪᠤᠴᠠ ᠳᠠᠬᠢ ᠴᠢᠬᠤᠯᠠ ᠴᠢᠨᠠᠷ ᠢ ᠦᠨᠡᠨ ᠪᠣᠳᠠᠲᠠᠢ ᠪᠠᠷ ᠣᠶᠢᠯᠠᠭᠠᠭᠰᠠᠨ ᠪᠠᠶᠢᠨ᠎ᠠ᠃ ᠬᠡᠦᠬᠡᠳ ᠤᠨ | ᠥᠰᠦᠯᠲᠡ ᠪᠤᠶᠢᠵᠢᠯᠲᠠ ᠨᠢ ᠭᠡᠷ ᠪᠦᠯᠢ ᠶᠢᠨ ᠨᠥᠯᠥᠭᠡ ᠠᠴᠠ ᠰᠠᠯᠵᠤ ᠴᠢᠳᠠᠬᠤ ᠦᠭᠡᠢ᠂ ᠭᠡᠷ ᠤᠨ ᠠᠬᠠᠮᠠᠳ ᠤᠨ | ᠳᠡᠮᠵᠢᠯᠭᠡ ᠠᠴᠠ ᠰᠠᠯᠵᠤ ᠴᠢᠳᠠᠬᠤ ᠦᠭᠡᠢ᠂ ᠰᠤᠷᠭᠠᠭᠤᠯᠢ ᠶᠢᠨ ᠰᠤᠷᠭᠠᠨ ᠬᠥᠮᠦᠵᠢᠯ ᠠᠴᠠ ᠰᠠᠯᠵᠤ ᠴᠢᠳᠠᠬᠤ ᠦᠭᠡᠢ | ᠂ ᠨᠡᠶᠢᠭᠡᠮ ᠤᠨ ᠠᠩᠬᠠᠷᠤᠯ ᠠᠴᠠ ᠰᠠᠯᠵᠤ ᠴᠢᠳᠠᠬᠤ ᠦᠭᠡᠢ ᠶᠤᠮ᠃ ᠬᠤᠶᠢᠰᠢᠳᠠ ᠰᠤᠷᠭᠠᠨ ᠬᠥᠮᠦᠵᠢᠯ ᠤᠨ | ᠲᠣᠪᠴᠢᠶ᠎ᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠲᠣᠭᠲᠠᠬᠤ ᠰᠢᠶᠠᠨ ᠤ ᠭᠡᠷ ᠪᠦᠯᠢ ᠶᠢᠨ ᠰᠤᠷᠭᠠᠨ | ᠬᠥᠮᠦᠵᠢᠯ ᠤᠨ ᠲᠤᠰᠬᠠᠶᠢᠵᠢᠭᠰᠠᠨ ᠬᠢᠷᠢ ᠲᠦᠪᠰᠢᠨ ᠢ ᠰᠢᠨ᠎ᠡ ᠨᠢᠭᠡᠨ ᠥᠨᠳᠥᠷ ᠲᠦᠪᠰᠢᠨ ᠳᠤ ᠬᠦᠷᠭᠡᠬᠦ ᠪᠠᠷ | ᠴᠢᠷᠮᠠᠶᠢᠬᠤ ᠶᠢᠨ ᠬᠠᠮᠲᠤ᠂ ᠭᠡᠷ ᠤᠨ ᠠᠬᠠᠮᠠᠳ ᠨᠢᠭᠡᠪᠦᠷᠢ ᠲᠠᠢ ᠰᠤᠷᠭᠠᠨ ᠬᠥᠮᠦᠵᠢᠯ ᠤᠨ ᠶᠠᠪᠤᠴᠠ ᠳᠤ ᠮᠥᠷᠥ | ᠵᠡᠷᠭᠡᠴᠡᠨ᠂ ᠬᠡᠦᠬᠡᠳ ᠤᠨ ᠢᠶᠠᠨ ᠵᠣᠯ ᠵᠢᠷᠭᠠᠯᠲᠤ ᠦᠰᠦᠨ ᠪᠤᠶᠢᠵᠢᠯᠲᠠ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠡᠢ | ᠃ |