7 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠥᠪᠡᠷᠲᠡᠭᠡᠨ | ᠵᠠᠰᠠᠬᠤ ᠣᠷᠣᠨ᠂ ᠬᠤᠲᠠ᠂ ᠰᠢᠶᠠᠨ᠂ ᠪᠠᠯᠭᠠᠰᠤ ᠳᠥᠷᠪᠡᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ︽ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠬᠦ︾ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠪᠡ᠃ ᠪᠣᠯᠪᠠᠰᠤᠷᠠᠭᠤᠯᠤᠯ ᠤᠨ ᠵᠣᠷᠢᠯᠭ᠎ᠠ ᠨᠢ | ᠲᠤᠰᠬᠠᠢ ᠮᠡᠷᠭᠡᠵᠢᠯᠲᠡᠨ ᠤ ᠵᠢᠭᠠᠨ ᠵᠢᠯᠣᠭᠤᠳᠤᠯᠭ᠎ᠠ ᠪᠠᠷ ᠪᠦᠬᠦ ᠲᠥᠯᠥᠭᠡᠯᠡᠭᠴᠢᠳ ᠢ ᠬᠥᠲᠥᠯᠥᠨ ᠵᠢᠯᠤᠭᠤᠳᠴᠤ | ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠭᠤᠯᠵᠤ᠂ | ᠤᠬᠠᠭᠤᠯᠵᠤ᠂ ᠰᠠᠶᠢᠲᠤᠷ ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠨᠡᠩ | ᠰᠠᠶᠢᠲᠤᠷ ᠪᠠᠷᠢᠮᠲᠠᠯᠠᠨ ᠲᠡᠭᠦᠯᠳᠡᠷᠵᠢᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠨᠡᠩ ᠰᠠᠶᠢᠲᠤᠷ | ᠦᠢᠯᠡᠳᠦᠯᠭᠡᠵᠢᠭᠦᠯᠦᠨ ᠬᠥᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠦᠵᠡᠯ ᠰᠠᠨᠠᠭᠠᠨ ᠤ ᠬᠡᠪ | ᠴᠢᠨᠠᠷ᠂ ᠠᠵᠢᠯ ᠤᠨ ᠴᠢᠳᠠᠪᠤᠷᠢ ᠪᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠰᠦᠨ ᠰᠢᠶᠦ᠋ᠨ᠂ ᠳᠡᠳ᠋ ᠡᠷᠬᠢᠯᠡᠭᠴᠢ ᠵᠠᠢ ᠱᠦ ᠵᠢᠶᠧ᠂ ᠸᠧᠨ ᠵᠢᠶᠠᠩ ᠬᠠᠢ᠂ ᠹᠠᠨ ᠷᠦᠢ | ᠫᠢᠩ᠂ ᠯᠢ ᠸᠧᠨ ᠰᠢᠸ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠲᠤᠰᠬᠠᠢ | ᠠᠵᠢᠯ ᠤᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢ᠂ ᠬᠠᠲᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠤᠨ | ᠳᠡᠳ᠋ ᠱᠦᠵᠢ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠲᠤᠰᠢᠶᠠᠯᠲᠤ ᠠᠵᠢᠯᠲᠠᠨ 280 ᠭᠠᠷᠤᠢ ᠬᠥᠮᠥᠨ | ᠪᠣᠯᠪᠠᠰᠤᠷᠠᠯ ᠳᠤ ᠣᠷᠣᠯᠴᠠᠵᠠᠢ᠃ | | | | | | | | ᠲᠤᠰ ᠤᠳᠠᠭᠠᠨ ᠤ ᠪᠣᠯᠪᠠᠰᠤᠷᠠᠯ ᠤᠨ ᠠᠩᠭᠢ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ | ᠰᠤᠷᠭᠠᠭᠤᠯᠢ ᠶᠢᠨ ᠳᠡᠳ᠋ ᠵᠠᠬᠢᠷᠤᠯ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ ᠶᠢᠨ | ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠤᠳᠤᠯᠭᠠᠨ ᠤ | ᠨᠡᠶᠢᠭᠡᠮᠯᠢᠭ ᠤᠨ ᠳᠡᠳ᠋ ᠳᠠᠷᠤᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠ ᠨᠥᠬᠦᠪᠦᠷᠢ ᠶᠢ ᠭᠥᠷᠳᠡᠵᠦ | ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠷᠡᠲᠦ ᠲᠤᠰᠬᠠᠢ ᠮᠡᠷᠭᠡᠵᠢᠯᠲᠡᠨ᠂ ᠥᠪᠥᠷ | ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠶᠤᠨ ᠤ | ᠬᠥᠮᠥᠷᠭᠡ ᠶᠢᠨ ᠲᠤᠰᠬᠠᠢ ᠮᠡᠷᠭᠡᠵᠢᠯᠳᠡᠨ ᠠᠨ ᠵᠢᠩ ᠽᠧ ︽ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ | ᠭᠡᠬᠦ ᠭᠤᠣᠯ ᠰᠡᠳᠦᠪ ᠢᠶᠠᠷ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠵᠡᠢ᠃ | | | | | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ᠂ ᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠬᠥᠲᠥᠯᠥᠮᠵᠢ ᠪᠣᠯᠭᠠᠵᠤ᠂ | ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠭᠤᠷᠪᠠᠨ ᠲᠠᠯ᠎ᠠ ᠪᠠᠷ | ᠲᠥᠯᠥᠭᠡᠯᠡᠭᠴᠢᠳ ᠲᠤ ᠭᠤᠶᠢᠳᠠ ᠰᠠᠶᠢᠬᠠᠨ ᠬᠢᠴᠢᠶᠡᠯ ᠵᠢᠭᠠᠪᠠ᠃ ᠲᠠᠶᠢᠯᠪᠤᠷᠢᠯᠠᠨ ᠵᠢᠭᠠᠬᠤ ᠠᠭᠤᠯᠭ᠎ᠠ ᠨᠢ ᠪᠠᠶᠠᠯᠢᠭ᠂ | ᠦᠵᠡᠯ ᠰᠠᠨᠠᠭ᠎ᠠ ᠨᠢ ᠭᠦᠨ ᠭᠦᠨᠵᠡᠭᠡᠢ᠂ ᠤᠨᠤᠯ ᠤᠨ ᠥᠨᠳᠥᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ | ᠪᠠᠶᠢᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠬᠤ᠂ ᠨᠠᠮ ᠤᠨ | ᠬᠤᠷᠢᠶ᠎ᠠ ᠶᠢᠨ ᠭᠤᠣᠯ ᠡᠭᠦᠷᠭᠡ ᠲᠠᠢ ᠤᠶᠠᠯᠳᠤᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠢ ᠨᠡᠩ ᠰᠠᠶᠢᠲᠤᠷ ᠥᠷᠨᠢᠭᠦᠯᠬᠦ ᠪᠠ ᠪᠦᠬᠦ ᠰᠢᠶᠠᠨ ᠤ ᠡᠯ᠎ᠡ ᠵᠦᠢᠯ ᠤᠨ ᠦᠢᠯᠡᠰ ᠲᠤ ᠠᠷᠭ᠎ᠠ ᠤᠬᠠᠭᠠᠨ | ᠭᠠᠷᠭᠠᠨ ᠬᠦᠴᠦᠨ ᠴᠢᠳᠠᠯ ᠢᠶᠠᠨ ᠡᠷᠭᠦᠬᠦ ᠳᠤ ᠴᠥᠮ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ | | | | | ᠲᠤᠰ ᠤᠳᠠᠭᠠᠨ ᠤ ᠪᠣᠯᠪᠠᠰᠤᠷᠠᠯ ᠤᠨ ᠲᠥᠯᠥᠭᠡᠯᠡᠭᠴᠢᠳ ᠶᠡᠭᠡ ᠣᠯᠣᠯᠲᠠ ᠲᠠᠢ᠂ ᠬᠤᠶᠢᠰᠢᠳᠠ ᠶᠢᠨ | ᠠᠵᠢᠯ ᠤᠨ ᠳᠤᠮᠳᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠬᠢᠨᠠᠮᠠᠭᠠᠢ | ᠲᠤᠤᠱᠯᠠᠭᠤᠯᠵᠤ᠂ ᠰᠣᠷᠣᠭᠰᠠᠨ ᠢᠶᠠᠨ ᠬᠡᠷᠡᠭᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠢᠳᠡᠪᠬᠢᠲᠡᠢ ᠪᠠᠷ | ᠡᠭᠦᠷᠭᠡ ᠲᠤᠰᠢᠶᠠᠯ ᠢᠶᠠᠨ ᠭᠦᠢᠴᠡᠳᠬᠡᠵᠦ ᠪᠣᠳᠠᠲᠠᠢ ᠠᠵᠢᠯᠯᠠᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠂ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ᠬᠤᠲᠠ ᠶᠢᠨ | ᠨᠠᠮ ᠤᠨ ᠬᠤᠷᠢᠶ᠎ᠠ ᠶᠢᠨ ︽ᠲᠠᠪᠤᠨ ᠴᠢᠳᠠᠪᠤᠷᠢ ᠶᠢᠨ ᠳᠡᠰ︾ ᠢ ᠳᠡᠭᠡᠭᠰᠢᠯᠡᠭᠦᠯᠬᠦ ᠵᠢᠴᠢ ᠰᠢᠶᠠᠨ ᠤ ᠨᠠᠮ ᠤᠨ | ᠬᠤᠷᠢᠶ᠎ᠠ ᠶᠢᠨ ᠳᠤᠷᠠᠳᠤᠭᠰᠠᠨ ︽ᠲᠠᠪᠤᠨ ᠶᠡᠭᠡ ᠭᠠᠷᠳᠠᠴᠠ︾᠂ ︽ᠠᠷᠪᠠᠨ ᠶᠡᠭᠡ ᠭᠤᠣᠯᠳᠠᠯᠭ᠎ᠠ ᠲᠠᠢ ᠲᠥᠷᠥᠯ | ᠵᠦᠢᠯ︾ ᠤᠨ ᠱᠠᠭᠠᠷᠳᠠᠯᠭ᠎ᠠ ᠶᠣᠰᠣᠭᠠᠷ᠂ ᠣᠷᠭᠢᠯᠤᠮ᠎ᠠ ᠬᠠᠯᠠᠭᠤᠨ ᠰᠡᠳᠬᠢᠯᠭᠡ᠂ ᠢᠳᠡᠪᠬᠢᠲᠡᠢ ᠡᠷᠴᠢ ᠵᠣᠷᠢᠭ ᠢᠶᠠᠷ᠂ | ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠶᠢ | ᠡᠭᠦᠷᠭᠡᠯᠡᠵᠦ᠂ ᠲᠣᠭᠲᠠᠬᠤ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ | ᠬᠦᠴᠦᠨ ᠴᠢᠳᠠᠯ ᠢ ᠨᠡᠮᠡᠷᠢᠯᠡᠨ᠎ᠡ ᠭᠡᠵᠦ ᠢᠯᠡᠷᠭᠡᠶᠢᠯᠡᠪᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |