ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠴᠦᠨ ᠯᠢᠶᠠᠩ ᠪᠦᠯᠬᠦᠮ ᠳᠠᠭᠠᠭᠤᠯᠤᠨ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠡᠢ
ᠨᠡᠶᠢᠲᠡᠯᠡᠭᠰᠡᠨ ᠴᠠᠭ᠄
2023/7/25
      7 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠴᠦᠨ ᠯᠢᠶᠠᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠵᠢᠴᠢ ᠬᠡᠰᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠡᠰᠢᠭᠦᠨ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠭᠡᠰᠢᠭᠦᠨ ᠢ ᠳᠠᠭᠠᠭᠤᠯᠤᠨ ᠮᠠᠨ ᠤ ᠰᠢᠶᠠᠨ ᠳᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂ ᠲᠥᠰᠥᠪ ᠢ ᠭᠦᠢᠴᠡᠳᠬᠡᠭᠰᠡᠨ ᠪᠠᠶᠢᠳᠠᠯ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ᠂ ᠡᠭᠦᠨ ᠤ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ ᠬᠤᠯᠪᠣᠭᠳᠠᠯ ᠪᠦᠬᠦᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ᠂ ᠳᠡᠳ᠋ ᠡᠷᠬᠢᠯᠡᠭᠴᠢ ᠸᠧᠨ ᠵᠢᠶᠠᠩ ᠬᠠᠢ ᠵᠢᠴᠢ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠶᠠᠨ ᠤ ᠱᠢ ᠰᠧ ᠹᠧᠨ ᠽᠢ ᠲᠣᠰᠬᠤᠨ ᠤ ᠬᠠᠲᠤᠨ ᠭᠤᠣᠯ ᠤᠨ ᠡᠷᠭᠢ ᠶᠢ ᠬᠠᠮᠠᠭᠠᠯᠠᠬᠤ ᠢᠨᠵᠧᠨᠧᠷᠢᠩ᠂ ᠯᠢᠦ ᠯᠢᠨ ᠲᠠᠨ ᠲᠣᠰᠬᠤᠨ ᠤ ᠰᠠᠶᠢᠷᠭᠠᠯ ᠲᠣᠭᠤᠷᠢᠭ ᠢ ᠨᠡᠭᠦᠯᠭᠡᠨ ᠪᠠᠶᠢᠭᠤᠯᠬᠤ ᠲᠦᠷᠦᠯ ᠵᠦᠢᠯ᠂ ᠰᠢᠶᠠ ᠲᠠᠨ ᠲᠣᠰᠬᠤᠨ ᠤ ᠭᠤᠣᠯ ᠴᠠᠭᠳᠠᠬᠤ ᠵᠠᠮ ᠤᠨ ᠵᠢᠱᠢᠶ᠎ᠡ ᠦᠵᠡᠭᠦᠯᠬᠦ ᠢᠨᠵᠧᠨᠧᠷᠢᠩ᠂ ᠳ᠋ᠠ ᠲᠠᠩ ᠵᠢᠵᠢᠭ ᠪᠠᠯᠭᠠᠰᠤ᠂ ᠠᠮᠢᠳᠤ ᠪᠣᠳᠠᠰ ᠤᠨ ᠡᠮ ᠡᠮᠨᠡᠯᠭᠡ ᠶᠢᠨ ᠪᠣᠬᠢᠷᠲᠤᠯ ᠦᠭᠡᠢ ᠦᠢᠯᠡᠳᠬᠦ ᠰᠠᠭᠤᠷᠢᠨ ᠤ ᠦᠵᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠮᠠᠨ ᠤ ᠰᠢᠶᠠᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠪᠠᠶᠢᠳᠠᠯ᠂ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠥᠷᠢ ᠥᠭᠴᠡᠭᠡ ᠶᠢ ᠠᠷᠢᠯᠭᠠᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠥᠬᠦ ᠤᠯᠤᠰ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠡᠨᠡ ᠬᠦ ᠲᠣᠮᠣ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠭᠤᠷᠪᠠᠨ ᠣᠷᠣᠨ ᠭᠤᠷᠪᠠᠨ ᠱᠤᠭᠤᠮ︾ ᠤᠨ ᠬᠢᠯᠢ ᠶᠢᠨ ᠵᠠᠭᠠᠭ ᠢ ᠲᠣᠭᠲᠠᠭᠠᠬᠤ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠡᠵᠡᠮᠰᠢᠵᠦ᠂ ᠬᠤᠷᠢᠭ᠎ᠠ ᠱᠤᠭᠤᠮ ᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠢᠶᠠᠨ ᠲᠤᠪᠤᠶᠢᠯᠭᠠᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠤ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠷᠪᠠᠨ ᠶᠡᠭᠡ ᠠᠵᠤ ᠦᠢᠯᠡᠰ ᠤᠨ ᠪᠦᠯᠦᠭᠯᠡᠯ ᠤᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢ ᠰᠤᠳᠤᠯᠤᠨ ᠵᠠᠳᠠᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠵᠤ᠂ ᠬᠡᠯᠬᠢᠶ᠎ᠡ ᠶᠢ ᠤᠯᠠᠮ ᠨᠢᠭᠡ ᠠᠯᠬᠤᠮ ᠨᠥᠬᠦᠪᠦᠷᠢᠯᠡᠵᠦ᠂ ᠬᠡᠯᠬᠢᠶ᠎ᠡ ᠶᠢ ᠨᠡᠮᠡᠭᠳᠡᠭᠦᠯᠵᠦ᠂ ᠬᠡᠯᠬᠢᠶ᠎ᠡ ᠶᠢ ᠴᠢᠩᠭᠠᠳᠬᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠲᠡᠰ ᠪᠣᠯᠭᠠᠬᠤ᠂ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠶᠢ ᠠᠬᠢᠭᠤᠯᠬᠤ ᠬᠡᠷᠡᠭᠲᠡᠢ ᠭᠡᠵᠡᠢ᠃
      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠵᠤ ᠦᠢᠯᠡᠰ ᠢ ᠶᠡᠬᠡᠪᠡᠷ ᠠᠳᠬᠤᠬᠤ᠂ ᠪᠣᠳᠠᠲᠤ ᠴᠣᠭᠴᠠ ᠶᠢᠨ ᠠᠵᠤ ᠠᠬᠤᠢ ᠶᠢ ᠶᠡᠬᠡᠪᠡᠷ ᠠᠳᠬᠤᠬᠤ ᠲᠣᠭᠲᠠᠯ ᠬᠦᠴᠦᠨ ᠢ ᠪᠠᠲᠤᠯᠠᠵᠤ᠂ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠠᠶᠢᠯᠢ ᠶᠢᠨ ᠢᠷᠡᠯᠲᠡ ᠶᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠡᠷᠬᠡᠪᠰᠢ ᠬᠠᠷᠠᠯᠲᠠ ᠪᠠᠨ ᠴᠢᠩᠭ᠎ᠠ ᠠᠩᠬᠠᠷᠴᠤ᠂ ᠤᠨᠢᠨ ᠳᠡᠭᠡᠷ᠎ᠡ ᠨᠢ ᠬᠦᠴᠦᠯᠡᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ ᠲᠤᠭᠳᠠᠬᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠬᠡᠷᠡᠭᠲᠡᠢ ᠭᠡᠪᠡ᠃ᠢᠷᠡᠯᠲᠡ᠄  ᠲᠤᠭᠳᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1