10971 ᠳ᠋ᠦᠩᠰᠢᠭᠤᠷ ᠲᠥᠭᠦᠷᠢᠭ︕ ᠲᠡᠭᠡᠳᠦ ᠬᠠᠭᠠᠰ ᠵᠢᠯ ᠳᠤ ᠥᠪᠥᠷ ᠮᠣᠩᠭᠤᠯ ᠤᠨ ᠦᠢᠯᠡᠳᠪᠦᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ 7.3% ᠪᠠᠷ ᠨᠡᠮᠡᠭᠳᠡᠵᠡᠢ
ᠨᠡᠶᠢᠲᠡᠯᠡᠭᠰᠡᠨ ᠴᠠᠭ᠄
2023/7/25
      7 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠄ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 10971 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠵᠡᠢ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 390 ᠳ᠋ᠦᠩᠰᠢᠭᠤᠷ ᠲᠥᠭᠦᠷᠢᠭ ᠲᠣᠬᠢᠷᠠᠭᠤᠯᠵᠤ᠂ 7.4% ᠪᠠᠷ ᠨᠡᠮᠡᠭᠳᠡᠵᠡᠢ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 5535 ᠳ᠋ᠦᠩᠰᠢᠭᠤᠷ ᠲᠥᠭᠦᠷᠢᠭ ᠲᠤ ᠬᠦᠷᠴᠦ᠂ 7.9% ᠪᠠᠷ ᠨᠡᠮᠡᠭᠳᠡᠵᠡᠢ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 5046 ᠳ᠋ᠦᠩᠰᠢᠭᠤᠷ ᠲᠥᠭᠦᠷᠢᠭ ᠲᠤ ᠬᠦᠷᠴᠦ᠂ 6 .7% ᠪᠠᠷ ᠨᠡᠮᠡᠭᠳᠡᠪᠡ᠃      ᠡᠨᠡ ᠵᠢᠯ ᠠᠴᠠ ᠨᠠᠰᠢ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠬᠤᠷᠸ᠎ᠠ ᠠᠵᠤ ᠠᠬᠤᠢ ᠶᠢᠨ ᠣᠷᠴᠢᠨ ᠲᠣᠭᠤᠷᠢᠨ ᠪᠣᠯᠣᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠠᠵᠤ ᠠᠬᠤᠢ ᠶᠢ ᠠᠳᠬᠤᠵᠤ᠂ ᠬᠥᠭᠵᠢᠯᠲᠡ ᠶᠢ ᠠᠬᠢᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠲᠦᠷᠦᠭᠦᠸ ᠬᠠᠭᠠᠰ ᠵᠢᠯ ᠳᠤ᠂ ᠥᠪᠥᠷ ᠮᠣᠩᠭᠤᠯ ᠤᠨ ᠠᠵᠤ ᠠᠬᠤᠢ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠠᠨᠳᠤᠰᠢ ᠲᠠᠢ ᠪᠠᠶᠢᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠵᠢᠱᠢᠯᠲᠡ ᠠᠴᠠ ᠰᠠᠶᠢᠨ ᠪᠠᠶᠢᠨ᠎ᠠ᠃      ᠲᠠᠷᠢᠶᠠᠯᠠᠩ ᠦᠢᠯᠡᠳᠪᠦᠷᠢᠯᠡᠯ ᠲᠣᠭᠲᠠᠭᠤᠨ ᠲᠤᠮᠳᠠ ᠤᠷᠤᠭᠰᠢᠯᠠᠵᠤ᠂ ᠮᠠᠯ ᠠᠵᠤ ᠠᠬᠤᠢ ᠶᠢᠨ ᠬᠥᠭᠵᠢᠯᠲᠡ ᠶᠢ ᠲᠣᠭᠲᠠᠭᠤᠨ ᠤ ᠲᠤᠮᠳᠠ ᠰᠠᠶᠢᠵᠢᠷᠠᠪᠠ᠃ ᠲᠦᠷᠦᠭᠦᠸ ᠬᠠᠭᠠᠰ ᠵᠢᠯ ᠳᠤ᠂ ᠪᠥᠬᠦ ᠣᠷᠣᠨ ᠤ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠵᠦ᠂ ᠬᠠᠪᠤᠷ ᠤᠨ ᠲᠠᠷᠢᠶᠠᠯᠠᠭ᠎ᠠ ᠤᠷᠤᠭᠰᠢᠲᠠᠢ ᠳᠠᠭᠤᠰᠴᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠨ᠎ᠠ᠃ ᠬᠤᠶᠠᠳᠤᠭᠠᠷ ᠤᠯᠠᠷᠢᠯ ᠤᠨ ᠡᠴᠦᠰ ᠲᠤ᠂ ᠪᠥᠬᠦ ᠣᠷᠣᠨ ᠤ ᠠᠮᠢᠳᠤ ᠭᠠᠭ᠋ᠠᠢ ᠶᠢᠨ ᠲᠤᠭ᠎ᠠ 631.9 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠨᠡᠮᠡᠭᠳᠡᠪᠡ︔ ᠦᠬᠡᠷ ᠤᠨ ᠲᠤᠭ᠎ᠠ 913.6 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.8% ᠪᠠᠷ ᠨᠡᠮᠡᠭᠳᠡᠪᠡ︔ ᠬᠤᠨᠢ ᠢᠮᠠᠭᠠᠨ ᠤ ᠲᠤᠭ᠎ᠠ 6725.9 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠨᠡᠮᠡᠭᠳᠡᠵᠡᠢ᠃ ᠲᠦᠷᠦᠭᠦᠸ ᠬᠠᠭᠠᠰ ᠵᠢᠯ ᠳᠤ᠂ ᠪᠥᠬᠦ ᠣᠷᠣᠨ ᠤ ᠭᠠᠭ᠋ᠠᠢ᠂ ᠦᠬᠡᠷ᠂ ᠬᠤᠨᠢ᠂ ᠵᠢᠭᠦᠷᠲᠡᠨ ᠤ ᠮᠢᠬᠠᠨ ᠤ ᠭᠠᠷᠤᠯᠲᠠ 98.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃      ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠦᠢᠯᠡᠳᠬᠦ ᠦᠢᠯᠡᠰ ᠲᠤ ᠨᠡᠯᠢᠶᠡᠳ ᠶᠡᠭᠡ ᠬᠤᠪᠢ ᠨᠡᠮᠡᠷᠢ ᠦᠵᠡᠭᠦᠯᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.9% ᠨᠡᠮᠡᠭᠳᠡᠪᠡ᠃ ᠭᠤᠷᠪᠠᠨ ᠶᠡᠭᠡ ᠲᠦᠷᠦᠯ ᠤᠨ ᠠᠵᠤ ᠦᠢᠯᠡᠳᠪᠦᠷᠢ ᠪᠠᠷ ᠠᠪᠴᠤ ᠦᠵᠡᠪᠡᠯ᠂ ᠪᠦᠬᠦ ᠣᠷᠣᠨ ᠤ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 3.5% ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 10.8% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠦᠢᠯᠡᠳᠪᠦᠷᠢᠯᠡᠯ ᠪᠣᠯᠣᠨ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.3% ᠨᠡᠮᠡᠭᠳᠡᠵᠡᠢ᠃ ᠡᠭᠦᠨ ᠳᠤ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠤᠰᠤᠳ ᠬᠤᠶᠠᠷ ᠶᠡᠭᠡ ᠲᠥᠷᠥᠯ ᠤᠨ ᠠᠵᠤ ᠦᠢᠯᠡᠳᠪᠦᠷᠢ ᠠᠴᠠ ᠦᠷᠭᠦᠯᠵᠢᠯᠡᠨ ᠲᠦᠷᠭᠡᠨ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 57.4% ᠬᠦᠷᠴᠡᠢ᠃ ᠠᠵᠤ ᠠᠬᠤᠢ ᠶᠢᠨ ᠲᠥᠷᠥᠯ ᠵᠦᠢᠯ ᠢᠶᠠᠷ ᠬᠤᠪᠢᠶᠠᠵᠤ ᠦᠵᠡᠪᠡᠯ᠂ ᠪᠥᠬᠦ ᠣᠷᠣᠨ ᠤ ᠤᠯᠤᠰ ᠤᠨ ᠦᠮᠴᠢᠯᠡᠯᠳᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.1% ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.5% ᠨᠡᠮᠡᠭᠳᠡᠵᠡᠢ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 38 ᠠᠵᠤ ᠦᠢᠯᠡᠳᠪᠦᠷᠢ ᠶᠢᠨ ᠠᠵᠢᠯ ᠲᠥᠷᠥᠯ ᠤᠨ ᠳᠣᠲᠣᠷ᠎ᠠ᠂ 29 ᠠᠵᠢᠯ ᠲᠥᠷᠥᠯ ᠤᠨ ᠨᠡᠮᠡᠭᠳᠡᠯ ᠥᠷᠲᠡᠭ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ  ᠨᠢ 76.3% ᠳᠤ ᠬᠦᠷᠴᠡᠢ᠃      ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠰᠡᠷᠭᠦᠭᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠣᠷᠣᠯᠭ᠎ᠠ ᠨᠡᠯᠢᠶᠡᠳ ᠲᠦᠷᠭᠡᠨ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.7% ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 2.4 ᠵᠠᠭᠤᠨ ᠤ ᠨᠢᠭᠡᠴᠢ ᠲᠦᠷᠭᠡᠳᠪᠡ᠃ ᠡᠭᠦᠨ ᠳᠤ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠪᠠ ᠬᠤᠨᠤᠭ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.1% ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.5% ᠨᠡᠮᠡᠭᠳᠡᠵᠡᠢ᠃1-5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.8% ᠨᠡᠮᠡᠭᠳᠡᠵᠡᠢ᠃      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 34.5% ᠨᠡᠮᠡᠭᠳᠡᠪᠡ᠃ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠬᠦᠷᠢᠶ᠎ᠡ ᠪᠠᠷ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 40.7% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 58.1% ᠪᠠᠷ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0.9% ᠨᠡᠮᠡᠭᠳᠡᠵᠦ᠂ ᠭᠤᠷᠪᠠᠨ ᠠᠵᠤ ᠦᠢᠯᠡᠰ ᠤᠨ ᠪᠡᠯᠡ ᠣᠷᠣᠭᠤᠯᠤᠯᠲᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠪᠠᠭ᠎ᠠ ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 56.3% ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.8% ᠨᠡᠮᠡᠭᠳᠡᠵᠡᠢ᠃ ᠡᠭᠦᠨ ᠳᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 72.9% ᠪᠠᠷ ᠨᠡᠮᠡᠭᠳᠡᠪᠡ᠃      ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠲᠡᠰ ᠳᠡᠪᠰᠢᠬᠦ ᠲᠦᠷᠦᠯ ᠤᠨ ᠲᠠᠸᠠᠷ ᠤᠨ ᠪᠣᠷᠤᠯᠠᠭᠤᠯᠭ᠎ᠠ ᠨᠡᠯᠢᠶᠡᠳ ᠰᠠᠶᠢᠨ ᠪᠠᠶᠢᠨ᠎ᠠ᠃ ᠲᠦᠷᠦᠭᠦᠸ ᠬᠠᠭᠠᠰ ᠵᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 2463.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠵᠦ᠂ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 20.9% ᠨᠡᠮᠡᠭᠳᠡᠵᠦ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠵᠡᠢ᠃ ᠲᠠᠰ ᠳᠡᠪᠰᠢᠬᠦ ᠲᠥᠷᠥᠯ ᠤᠨ ᠲᠠᠸᠠᠷ ᠤᠨ ᠪᠣᠷᠤᠯᠠᠭᠤᠯᠭ᠎ᠠ ᠠᠴᠠ ᠦᠵᠡᠪᠡᠯ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ᠂ ᠡᠯᠧᠺᠲᠷᠣᠨ ᠬᠡᠪᠯᠡᠭᠳᠡᠬᠦᠨ ᠵᠢᠴᠢ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠨᠢ ᠴᠥᠮ 23% ᠠᠴᠠ ᠳᠠᠪᠠᠭᠰᠠᠨ ᠪᠠᠶᠢᠨ᠎ᠠ᠃      ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠤᠲᠠ᠂ ᠰᠢᠶᠠᠩ ᠤᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠪᠠᠭᠠᠰᠬᠠᠪᠠ᠃ ᠲᠦᠷᠦᠭᠦᠸ ᠬᠠᠭᠠᠰ ᠵᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18151 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 24339 ᠲᠥᠭᠦᠷᠢᠭ ᠲᠤ ᠬᠦᠷᠴᠦ᠂ 4.7% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8353 ᠲᠥᠭᠦᠷᠢᠭ ᠲᠤ ᠬᠦᠷᠴᠦ᠂ 7.4 % ᠪᠠᠷ ᠨᠡᠮᠡᠭᠳᠡᠪᠡ᠃ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠬᠤᠲᠠ᠂ ᠰᠢᠶᠠᠩ ᠤᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠤᠭᠰᠠᠨ ᠪᠠᠶᠢᠨ᠎ᠠ᠃ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1