ᠰᠢᠶᠠᠨ ᠤ ᠵᠡᠮᠳᠡᠭᠴᠦᠳ ᠤᠨ ᠬᠤᠯᠪᠣᠭ᠎ᠠ 2023 ᠣᠨ ᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/7/26
      ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠵᠡᠮᠳᠡᠭᠴᠦᠳ ᠢ ᠬᠠᠪᠰᠤᠷᠤᠨ ᠪᠤᠳᠠᠰ ᠤᠨ ᠪᠤᠰᠦ ᠰᠤᠶᠤᠯ ᠤᠨ ᠪᠥᠰ ᠨᠠᠭᠠᠮᠠᠯ ᠵᠢᠷᠤᠭ ᠢ ᠣᠶᠢᠯᠠᠭᠠᠭᠤᠯᠵᠤ᠂ ᠪᠥᠰ ᠤᠨ ᠨᠠᠭᠠᠮᠠᠯ ᠵᠢᠷᠤᠭ ᠤᠨ ᠪᠣᠷᠤᠯᠠᠭᠤᠯᠭ᠎ᠠ ᠶᠢᠨ ᠰᠢᠨ᠎ᠡ ᠬᠠᠨᠳᠤᠰᠢ ᠳᠤ ᠠᠭᠤᠰᠤᠯᠴᠠᠭᠤᠯᠵᠤ᠂ ᠬᠥᠳᠡᠯᠮᠦᠷᠢᠯᠡᠬᠦ ᠴᠢᠳᠠᠪᠤᠷᠢ ᠲᠠᠢ ᠵᠡᠮᠳᠡᠭᠴᠦᠳ ᠲᠤ ᠦᠢᠯᠡᠰ ᠪᠣᠰᠬᠠᠵᠤ ᠠᠵᠢᠯ ᠣᠯᠬᠤ ᠤᠷ᠎ᠠ ᠴᠢᠳᠠᠪᠤᠷᠢ ᠣᠯᠭᠤᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 19 ᠤ ᠡᠳᠦᠷ ᠠᠴᠠ 22 ᠤᠨ ᠡᠳᠦᠷ ᠪᠣᠯᠲᠠᠯ᠎ᠠ᠂ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠲᠤᠰ ᠪᠡᠶ᠎ᠡ ᠶᠢᠨ ᠬᠡᠷᠡᠭᠴᠡᠭᠡ ᠲᠠᠢ ᠤᠶᠠᠯᠳᠤᠭᠤᠯᠵᠤ᠂ 4 ᠡᠳᠦᠷ ᠤᠨ ᠬᠤᠭᠤᠴᠠᠭ᠎ᠠ ᠲᠠᠢ ᠪᠥᠰ ᠨᠠᠭᠠᠮᠠᠯ ᠵᠢᠷᠤᠭ ᠤᠨ ᠪᠣᠯᠪᠠᠰᠤᠷᠠᠯ ᠤᠨ ᠠᠩᠭᠢ ᠶᠢ ᠲᠤᠰᠬᠠᠶᠢᠯᠠᠨ ᠡᠷᠬᠢᠯᠡᠪᠡ᠃ ᠰᠤᠷᠤᠯᠭ᠎ᠠ ᠡᠬᠢᠯᠡᠬᠦ ᠠᠴᠠ ᠡᠮᠦᠨ᠎ᠡ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠨᠠᠷᠢᠨ ᠨᠢᠮᠪᠠᠢ ᠪᠡᠯᠡᠳᠬᠡᠵᠦ᠂ ᠶᠡᠭᠡ ᠬᠡᠮᠵᠢᠶᠡᠨ ᠤ ᠨᠠᠷᠢᠨ ᠨᠢᠮᠪᠠᠢ᠂ ᠨᠠᠷᠢᠨ ᠣᠨᠣᠪᠴᠢᠲᠠᠢ ᠠᠵᠢᠯ ᠬᠢᠵᠦ᠂ ᠰᠢᠶᠠᠩ ᠪᠠᠯᠭᠠᠰᠤ ︵ᠨᠡᠶᠢᠭᠡᠮ ᠲᠣᠭᠤᠷᠢᠭ︶  ᠶᠢᠨ ᠲᠤᠰᠬᠠᠢ ᠲᠤᠰᠢᠶᠠᠯᠲᠤ ᠭᠡᠰᠢᠭᠦᠨ ᠳᠤ ᠲᠦᠰᠢᠭᠯᠡᠨ ᠪᠦᠬᠦ ᠰᠢᠶᠠᠨ ᠤ ᠵᠡᠮᠳᠡᠭᠴᠦᠳ ᠲᠤ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ 2 ᠪᠠᠯᠭᠠᠰᠤ ᠠᠴᠠ ᠢᠷᠡᠭᠰᠡᠨ 50 ᠭᠠᠷᠤᠢ ᠬᠦᠰᠡᠯ ᠡᠷᠡᠮᠡᠯᠵᠡᠯ ᠲᠠᠢ ᠪᠠ ᠠᠵᠢᠯ ᠣᠯᠬᠤ ᠰᠠᠨᠠᠭ᠎ᠠ ᠲᠠᠢ ᠵᠡᠮᠳᠡᠭᠴᠦᠳ ᠪᠣᠯᠪᠠᠰᠤᠷᠠᠯ ᠳᠤ ᠣᠷᠣᠯᠴᠠᠪᠠ᠃
     ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠣᠨᠴᠠ ᠤᠷᠢᠭᠰᠠᠨ ᠵᠢᠭᠠᠨ ᠰᠤᠷᠭᠠᠯᠲᠠ ᠳᠤ᠂ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠵᠢᠭᠠᠨ ᠰᠤᠷᠭᠠᠯᠲᠠ ᠶᠢᠨ ᠪᠠᠭᠰᠢ᠂ ᠥᠪᠥᠷ ᠮᠣᠩᠭᠤᠯ ᠤᠨ ᠪᠥᠰ ᠨᠠᠭᠠᠮᠠᠯ ᠵᠢᠷᠤᠭ ᠤᠨ  ᠪᠤᠳᠠᠰ ᠤᠨ ᠪᠤᠰᠤ ᠵᠠᠯᠭᠠᠮᠵᠢᠯᠠᠭᠴᠢ ᠨᠢ ᠣᠨᠣᠯ ᠤᠨ ᠮᠡᠳᠡᠯᠭᠡ ᠶᠢ ᠤᠯᠠᠮᠵᠢᠯᠠᠬᠤ ᠪᠠ ᠪᠣᠳᠠᠲᠠᠢ ᠠᠵᠢᠯᠯᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠢᠴᠢᠶᠡᠯ  ᠤᠷᠤᠵᠠᠢ᠃ ᠪᠠᠭᠰᠢ ᠪᠣᠯᠣᠨ ᠰᠤᠷᠤᠭᠴᠢᠳ ᠨᠢᠭᠤᠷᠳᠠᠨ ᠶᠠᠷᠢᠯᠴᠠᠵᠤ᠂ ᠲᠤᠬᠠᠢ ᠶᠢᠨ ᠲᠠᠯᠠᠪᠤᠷ ᠲᠤ ᠠᠰᠠᠭᠤᠯᠲᠠ ᠬᠠᠷᠢᠭᠤᠯᠲᠠ ᠲᠠᠢ ᠪᠠᠶᠢᠵᠤ᠂ ᠠᠭᠤᠷ ᠠᠮᠢᠰᠬᠤᠯ ᠬᠥᠭᠵᠢᠶᠡᠨᠲᠡᠢ ᠪᠠᠶᠢᠯ᠎ᠠ᠃     ᠲᠣᠰ ᠤᠳᠠᠭᠠᠨ ᠤ ᠪᠣᠯᠪᠠᠰᠤᠷᠠᠭᠤᠯᠤᠯ ᠨᠢ ᠵᠡᠮᠳᠡᠭᠴᠦᠳ ᠲᠤ ᠪᠥᠰ ᠨᠠᠭᠠᠮᠠᠯ ᠵᠢᠷᠤᠭ ᠤᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ ᠡᠵᠡᠮᠰᠢᠭᠦᠯᠵᠦ᠂ ᠠᠳᠠᠯ ᠦᠢᠯᠡᠰ ᠴᠣᠭᠴᠠᠯᠠᠬᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠂ ᠵᠡᠮᠳᠡᠭᠴᠦᠳ ᠢ ᠪᠥᠰ ᠨᠠᠭᠠᠮᠠᠯ ᠵᠢᠷᠤᠭ ᠢᠶᠠᠷ ᠳᠠᠮᠵᠢᠭᠤᠯᠤᠨ ᠭᠤᠶᠢᠳᠠ ᠰᠠᠶᠢᠬᠠᠨ ᠠᠮᠢᠳᠤᠷᠠᠯ ᠢ ᠳᠠᠬᠢᠨ ᠡᠬᠢᠯᠡᠭᠦᠯᠵᠦ᠂ ᠪᠥᠰ ᠨᠠᠭᠠᠮᠠᠯ ᠵᠢᠷᠤᠭ ᠤᠨ ᠠᠵᠢᠯ ᠲᠥᠷᠥᠯ ᠳᠤ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠥᠪᠡᠷ ᠤᠨ ᠪᠡᠶ᠎ᠡ ᠶᠢᠨ ᠦᠨ᠎ᠡ ᠥᠷᠲᠡᠭ ᠢᠶᠠᠨ ᠪᠡᠶᠡᠯᠡᠭᠦᠯᠬᠦ ᠳᠤ ᠬᠦᠷᠦᠭᠦᠯᠵᠡᠢ᠃
     ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠦᠷᠭᠦᠯᠵᠢᠯᠡᠨ ᠵᠡᠮᠳᠡᠭᠴᠦᠳ ᠤᠨ ᠪᠣᠯᠪᠠᠰᠤᠷᠠᠯ ᠤᠨ ᠬᠡᠷᠡᠭᠴᠡᠭᠡ ᠶᠢ ᠦᠨᠳᠦᠰᠦᠯᠡᠨ᠂ ᠵᠡᠮᠳᠡᠭᠴᠦᠳ ᠲᠤ ᠲᠣᠬᠢᠷᠠᠬᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ ᠨᠠᠩ ᠣᠯᠠᠨ ᠥᠷᠨᠢᠭᠦᠯᠵᠦ᠂ ᠵᠡᠮᠳᠡᠭᠴᠦᠳ ᠤᠨ ᠠᠵᠢᠯ ᠣᠯᠬᠤ ᠢᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠵᠡᠮᠳᠡᠭᠴᠦᠳ ᠤᠨ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠵᠡᠮᠳᠡᠭᠴᠦᠳ ᠤᠨ ᠵᠣᠯ ᠵᠢᠷᠭᠠᠯ ᠤᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1