ᠲᠤᠯᠤᠭᠠᠨ ᠰᠠᠯᠠᠭ᠎ᠠ ᠮᠥᠴᠢᠷ ᠲᠤᠷᠰᠢᠯᠲᠠ ᠶᠢᠨ ᠴᠡᠭ ᠤᠨ ᠨᠡᠷᠡᠰ ᠢ ᠨᠡᠶᠢᠲᠡᠯᠡᠪᠡ︕ ᠥᠪᠥᠷ ᠮᠣᠩᠭᠤᠯ ᠤᠨ 4 ᠨᠡᠶᠢᠭᠡᠮ ᠲᠣᠭᠤᠷᠢᠭ ᠰᠣᠩᠭᠤᠭᠳᠠᠪᠠ
ᠨᠡᠶᠢᠲᠡᠯᠡᠭᠰᠡᠨ ᠴᠠᠭ᠄
2023/7/26
      ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 7 ᠰᠠᠯᠠᠭ᠎ᠠ ᠮᠥᠴᠢᠷ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠨᠡᠷᠡᠰ ᠢ ᠨᠡᠶᠢᠲᠡᠯᠡᠪᠡ᠃ ᠰᠣᠩᠭᠤᠭᠳᠠᠭᠰᠠᠨ 106 ᠨᠡᠶᠢᠭᠡᠮ ᠲᠣᠭᠤᠷᠢᠭ 2023 ᠣᠨ ᠤ 7 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ᠂ 2 ᠵᠢᠯ ᠤᠨ ᠬᠤᠭᠤᠴᠠᠭ᠎ᠠ ᠲᠠᠢ ᠲᠤᠷᠰᠢᠯᠲᠠ ᠶᠢᠨ ᠠᠵᠢᠯ ᠥᠷᠨᠢᠭᠦᠯᠦᠨ᠎ᠡ ᠃ ᠡᠭᠦᠨ ᠳᠤ᠂ ᠥᠪᠥᠷ ᠮᠣᠩᠭᠤᠯ ᠤᠨ 4 ᠨᠡᠶᠢᠭᠡᠮ ᠲᠣᠭᠤᠷᠢᠭ ᠲᠤ ᠰᠣᠩᠭᠤᠭᠳᠠᠪᠠ᠂ ᠡᠨᠡ ᠨᠢ ᠲᠣᠰ ᠲᠣᠰ ︱      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠪᠠᠶᠠᠨᠨᠠᠭᠤᠷ ᠬᠤᠶᠢᠲᠤ ᠵᠠᠮ ᠤᠨ ᠨᠡᠶᠢᠭᠡᠮ ᠲᠣᠭᠤᠷᠢᠭ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠪᠦᠯᠬᠦᠮ 11 ᠨᠡᠶᠢᠭᠡᠮ ᠲᠣᠭᠤᠷᠢᠭ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠬᠤᠩ ᠱᠠᠨ ᠲᠣᠭᠤᠷᠢᠭ ᠤᠨ ᠪᠠᠢ ᠯᠢᠦ ᠨᠡᠶᠢᠭᠡᠮ ᠲᠣᠭᠤᠷᠢᠭ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠢᠦᠢ ᠶᠢᠩ ᠨᠡᠶᠢᠭᠡᠮ ᠲᠣᠭᠤᠷᠢᠭ           ᠮᠡᠳᠡᠭᠳᠡᠯ ᠨᠢ ᠳᠣᠣᠷᠠᠬᠢ ᠮᠡᠲᠦ᠄      ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠨᠡᠷᠡᠰ ᠢ ᠲᠠᠷᠤᠮᠠᠯᠯᠠᠨ ᠲᠠᠷᠬᠠᠭᠠᠬᠤ ᠲᠤᠬᠠᠢ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠵᠡᠷᠭᠡ ᠶᠢᠨ ᠮᠡᠳᠡᠭᠳᠡᠯᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︵ᠵᠥᠪᠯᠡᠯ᠂ ᠬᠠᠮᠢᠶᠠᠷᠤᠯᠲᠠ‌‍ᠶᠢᠨ ᠵᠥᠪᠯᠡᠯ︶᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠡᠶ᠎ᠡ ᠲᠠᠮᠢᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠡᠶ᠎ᠡ ᠲᠠᠮᠢᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠳᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠦᠷᠢᠯᠡᠬᠦ ᠶᠢᠨ ᠲᠥᠯᠥᠭᠡ᠂ ᠡᠯ᠎ᠡ ᠭᠠᠵᠠᠷ ᠤᠨ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠰᠤᠳᠤᠯᠬᠤ ᠪᠠᠷ ᠲᠠᠮᠵᠢᠨ᠂ 106 ᠨᠡᠶᠢᠭᠡᠮ ᠲᠣᠭᠤᠷᠢᠭ ︵ᠨᠡᠷᠡᠰ ᠢ ᠳᠠᠭᠠᠯᠳᠤᠭᠤᠯᠤᠯ ᠳᠤ ᠦᠵᠡ︶ ᠳᠤ ᠪᠦᠷᠢᠨ ᠪᠦᠲᠦᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠲᠤᠷᠰᠢᠯᠲᠠ ᠶᠢ ᠥᠷᠨᠢᠭᠦᠯᠬᠦ ᠪᠠᠷ ᠲᠣᠭᠲᠠᠪᠠ᠃ ᠲᠤᠷᠰᠢᠯᠲᠠ ᠨᠢ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ᠂ 2 ᠵᠢᠯ ᠤᠨ ᠬᠤᠭᠤᠴᠠᠭ᠎ᠠ ᠲᠠᠢ ᠶᠠᠪᠤᠭᠳᠠᠭᠤᠯᠤᠨ᠎ᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠲᠤᠷᠰᠢᠯᠲᠠ ᠶᠢᠨ ᠴᠡᠭ ᠤᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ      ᠡᠯ᠎ᠡ ᠱᠠᠲᠤᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠠᠷᠠᠳ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠡᠶ᠎ᠡ ᠲᠠᠮᠢᠷ᠂ ᠡᠨᠧᠷᠭᠢ ᠵᠡᠷᠭᠡ ᠰᠠᠯᠠᠭ᠎ᠠ ᠮᠥᠴᠢᠷ ᠤᠳ ᠬᠠᠮᠵᠢᠯᠴᠠᠬᠤ ᠲᠣᠭᠲᠠᠴᠠ ᠪᠠᠶᠢᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ᠂ ᠨᠠᠰᠤᠵᠢᠯᠳᠠ ᠶᠢᠨ ᠠᠰᠠᠷᠠᠮᠵᠢ ᠬᠡᠦᠬᠡᠳ ᠰᠠᠭᠠᠲᠠᠭᠤᠯᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠨᠢᠭᠡ ᠮᠥᠴᠡ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ᠂ ᠭᠡᠷ ᠤᠨ ᠶᠠᠪᠤᠳᠠᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠲᠠᠢ ᠨᠢᠭᠡᠳᠦᠯᠲᠡᠢ ᠲᠥᠯᠥᠪᠯᠡᠵᠦ᠂ ᠬᠤᠯᠪᠣᠭᠳᠠᠯ ᠪᠦᠬᠦᠢ ᠡᠬᠢ ᠪᠠᠶᠠᠯᠢᠭ᠂ ᠪᠡᠯᠡ ᠮᠥᠩᠭᠦ ᠪᠠ ᠬᠦᠴᠦᠨ ᠴᠢᠳᠠᠯ ᠢ ᠡᠮᠬᠢᠯᠡᠨ ᠨᠡᠶᠢᠯᠡᠭᠦᠯᠵᠦ᠂ ᠢᠴᠢ ᠪᠦᠷᠢᠯᠳᠦᠭᠰᠡᠨ ᠲᠥᠷᠥ ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠢ ᠵᠢᠯᠣᠭᠤᠳᠤᠨ ᠰᠢᠮᠳᠠᠭᠤᠯᠵᠤ ᠪᠠᠶᠢᠭᠠᠳ ᠲᠤᠷᠰᠢᠯᠲᠠ ᠶᠢᠨ ᠴᠡᠭ ᠤᠨ ᠠᠵᠢᠯ ᠤᠨ ᠲᠥᠰᠥᠯ ᠢ ᠨᠠᠷᠢᠯᠢᠭᠵᠢᠭᠤᠯᠵᠤ᠂ ᠪᠡᠯᠡ ᠮᠥᠩᠭᠦ ᠶᠢᠨ ᠢᠷᠡᠯᠲᠡ᠂ ᠪᠦᠲᠦᠭᠡᠨ ᠪᠠᠶᠢᠭᠤᠯᠤᠯᠲᠠ ᠶᠢᠨ ᠴᠠᠭ ᠤᠨ ᠳᠠᠷᠠᠭᠠᠯᠠᠯ ᠪᠠ ᠪᠦᠲᠦᠭᠡᠨ ᠪᠠᠶᠢᠭᠤᠯᠵᠤ ᠡᠵᠡᠩᠨᠡᠬᠦ ᠠᠷᠭ᠎ᠠ ᠮᠠᠶ᠋ᠢᠭ ᠢ ᠨᠠᠶᠢᠳᠠᠪᠤᠷᠢᠵᠢᠭᠤᠯᠤᠨ᠂ ᠲᠤᠷᠰᠢᠯᠲᠠ ᠶᠢᠨ ᠴᠡᠭ ᠤᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠳᠤᠯᠠᠨ᠎ᠠ᠃      ᠬᠤᠶᠠᠷ᠂ ᠤᠯᠠᠨ ᠲᠦᠮᠡᠨ ᠤ ᠪᠠᠴᠢᠮ ᠬᠦᠴᠢᠷ ᠵᠣᠪᠠᠨᠢᠯ ᠬᠦᠰᠡᠯ ᠤᠨ ᠠᠰᠠᠭᠤᠳᠠᠯ ᠢ ᠰᠢᠢᠳᠪᠦᠷᠢᠯᠡᠨ᠎ᠡ      ᠡᠯ᠎ᠡ ᠭᠠᠵᠠᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠠᠢ ᠤᠶᠠᠯᠳᠤᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠠᠷᠠᠳ ᠲᠤ ᠦᠢᠯᠡᠴᠢᠯᠡᠬᠦ᠂ ᠠᠷᠠᠳ ᠲᠤ ᠲᠦᠬᠦᠮ ᠦᠵᠡᠭᠦᠯᠬᠦ᠂ ᠠᠷᠠᠳ ᠢ ᠠᠮᠤᠷᠵᠢᠭᠤᠯᠤᠨ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠦᠴᠢᠷᠳᠡᠯ᠂ ᠲᠦᠭᠵᠢᠷᠡᠯ᠂ ᠡᠪᠡᠷᠰᠢᠶᠡᠯ ᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠥᠭᠵᠢᠭᠦᠯᠦᠯᠲᠡ ᠥᠭᠡᠷᠡᠴᠢᠯᠡᠯᠲᠡ᠂ ᠠᠷᠠᠳ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠡᠶ᠎ᠡ ᠶᠢᠨ ᠲᠠᠮᠢᠷ᠂ ᠡᠨᠧᠷᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠤᠷᠰᠢᠯᠲᠠ ᠶᠢᠨ ᠨᠡᠶᠢᠭᠡᠮ ᠲᠣᠭᠤᠷᠢᠭ ᠤᠨ ᠲᠤᠰᠬᠠᠢ ᠵᠦᠢᠯ ᠤᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠬᠦ ᠶᠢ ᠵᠢᠭᠠᠨ ᠵᠢᠯᠣᠭᠤᠳᠤᠨ᠎ᠠ᠃ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠥᠷᠭᠡᠨ ᠢᠶᠠᠷ ᠣᠷᠣᠯᠴᠠᠭᠤᠯᠵᠤ᠂ ᠲᠥᠬᠦᠭᠡᠷᠦᠮᠵᠢ ᠶᠢᠨ ᠢᠵᠢ ᠪᠦᠷᠢᠳᠦᠭᠦᠯᠬᠦ᠂ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ᠂ ᠦᠢᠯᠡᠴᠢᠯᠡᠭᠡᠨ ᠤ ᠵᠠᠰᠠᠯᠲᠠ ᠵᠡᠷᠭᠡ ᠠᠰᠠᠭᠤᠳᠠᠯ ᠤᠨ ᠲᠤᠳᠠᠭᠳᠠᠯ ᠢ ᠲᠣᠳᠣᠷᠬᠠᠢ ᠣᠶᠢᠯᠠᠭᠠᠵᠤ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠵᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠠᠷᠢᠨ ᠳᠠᠩᠰᠠ ᠶᠢ ᠨᠠᠰᠤᠵᠢᠯᠳᠠ ᠶᠢᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠪᠡᠶ᠎ᠡ ᠴᠢᠭᠢᠷᠠᠭᠵᠢᠭᠤᠯᠬᠤ᠂ ᠲᠡᠷᠭᠡ ᠵᠣᠭᠰᠤᠭᠠᠬᠤ᠂ ᠴᠠᠬᠢᠯᠭᠠᠨ ᠴᠡᠨᠡᠭᠯᠡᠬᠦ᠂ ᠲᠥᠬᠦᠮ ᠳᠡᠯᠭᠡᠭᠦᠷ᠂ ᠥᠷᠯᠥᠭᠡ ᠶᠢᠨ ᠬᠤᠭᠤᠯᠠᠨ ᠤ ᠳᠡᠯᠭᠡᠭᠦᠷ᠂ ᠨᠣᠭᠤᠭ᠎ᠠ ᠶᠢᠨ ᠵᠠᠬ᠎ᠠ ᠳᠡᠯᠭᠡᠭᠦᠷ᠂ ︽ᠪᠠᠭ᠎ᠠ ᠵᠠᠰᠠᠯᠲᠠ ᠪᠠᠭ᠎ᠠ ᠨᠥᠬᠦᠪᠦᠷᠢ︾ ᠴᠡᠭ ᠵᠡᠷᠭᠡ ᠪᠡᠯᠡᠳᠬᠡᠮᠵᠢ ᠶᠢᠨ ᠲᠤᠳᠠᠭᠳᠠᠯ ᠢ ᠨᠥᠬᠦᠪᠦᠷᠢᠯᠡᠵᠦ ᠂ ᠨᠡᠶᠢᠭᠡᠮ ᠲᠣᠭᠤᠷᠢᠭ ᠤᠨ ᠨᠠᠰᠤᠵᠢᠯᠲᠠ ᠳᠤ ᠲᠣᠬᠢᠷᠠᠬᠤ᠂ ᠬᠡᠦᠬᠡᠳ ᠲᠤ ᠲᠣᠬᠢᠷᠠᠬᠤ ᠥᠭᠡᠷᠡᠴᠢᠯᠡᠯᠲᠡ ᠶᠢ ᠠᠬᠢᠭᠤᠯᠤᠨ᠂ ᠭᠡᠷ ᠤᠨ ᠶᠠᠪᠤᠳᠠᠯ ᠢ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠣᠭᠠᠴᠢᠯᠠᠯᠲᠠ᠂ ᠣᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃      ᠭᠤᠷᠪᠠ᠂ ᠪᠥᠬᠦ ᠶᠠᠪᠤᠴᠠ ᠶᠢ ᠵᠢᠯᠤᠭᠤᠳᠴᠤ ᠦᠨᠡᠯᠡᠨ ᠵᠢᠱᠢᠬᠦ ᠶᠢ ᠴᠢᠩᠭᠠᠳᠬᠠᠨ᠎ᠠ      ᠡᠯ᠎ᠡ ᠱᠠᠲᠤᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠠᠷᠠᠳ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠡᠶ᠎ᠡ ᠲᠠᠮᠢᠷ᠂ ᠡᠨᠧᠷᠭᠢ ᠵᠡᠷᠭᠡ ᠰᠠᠯᠠᠭ᠎ᠠ ᠮᠥᠴᠢᠷ ᠤᠳ ᠲᠤᠷᠰᠢᠯᠲᠠ ᠶᠢᠨ ᠴᠡᠭ ᠤᠨ ᠠᠵᠢᠯ ᠢ ᠪᠠᠶᠢᠴᠠᠭᠠᠨ ᠰᠤᠳᠤᠯᠵᠤ ᠵᠢᠯᠤᠭᠤᠳᠬᠤ ᠪᠠ ᠮᠥᠷᠳᠡᠨ ᠦᠨᠡᠯᠡᠬᠦ ᠪᠠᠨ ᠴᠢᠩᠭᠠᠳᠬᠠᠵᠤ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠰᠣᠨᠣᠰᠴᠤ ᠂ ᠲᠤᠷᠰᠢᠯᠲᠠ ᠶᠢᠨ ᠴᠡᠭ ᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠤᠷᠰᠢᠯᠲᠠ ᠶᠢᠨ ᠴᠡᠭ ᠤᠨ ᠠᠵᠢᠯ ᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠲᠤᠷᠰᠢᠯᠲᠠ ᠶᠢᠨ ᠴᠡᠭ ᠤᠨ ᠠᠵᠢᠯ ᠢ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠲᠤᠷᠰᠢᠯᠲᠠ ᠶᠢᠨ ᠴᠡᠭ ᠤᠨ ᠠᠵᠢᠯ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ︽ᠠᠷᠠᠳ ᠤᠨ ᠬᠤᠳᠠ ᠶᠢ ᠠᠷᠠᠳ ᠲᠦᠮᠡᠨ ᠪᠠᠶᠢᠭᠤᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠡᠶ᠎ᠡ ᠲᠠᠮᠢᠷ ᠤᠨ ᠶᠡᠷᠦᠩᠬᠡᠢ ᠲᠣᠪᠴᠢᠶ᠎ᠠ᠂ ᠤᠯᠤᠰ ᠤᠨ ᠡᠨᠧᠷᠭᠢ ᠶᠢᠨ ᠲᠣᠪᠴᠢᠶ᠎ᠠ ᠠᠴᠠ ᠲᠣᠰ ᠲᠣᠰ 2023 ᠣᠨ᠂ 2024 ᠣᠨ ᠤ ᠡᠴᠦᠰ ᠠᠴᠠ ᠡᠮᠦᠨ᠎ᠡ ᠲᠤᠷᠰᠢᠯᠲᠠ ᠶᠢᠨ ᠠᠵᠢᠯ ᠤᠨ ᠪᠠᠶᠢᠳᠠᠯ ᠳᠤ ᠦᠨᠡᠯᠡᠯᠲᠡ ᠬᠢᠵᠦ᠂ ᠨᠢᠭᠡ ᠪᠦᠯᠦᠭ ᠪᠦᠷᠢᠨ ᠪᠦᠲᠦᠨ ᠨᠡᠶᠢᠭᠡᠮ ᠲᠣᠭᠤᠷᠢᠭ ᠤᠨ ᠥᠯᠢᠭᠡᠷ ᠳᠠᠭᠤᠷᠢᠶᠠᠯ ᠢ ᠰᠢᠯᠢᠨ ᠰᠣᠩᠭᠤᠵᠤ᠂ ᠪᠥᠬᠦ ᠤᠯᠤᠰ ᠤᠨ ᠬᠡᠪᠴᠢᠶᠡᠨ ᠳᠤ ᠤᠬᠠᠭᠤᠯᠤᠨ ᠳᠡᠯᠭᠡᠷᠡᠭᠦᠯᠦᠨ᠎ᠡ᠃ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠥᠭᠵᠢᠭᠦᠯᠦᠯᠲᠡ ᠥᠭᠡᠷᠡᠴᠢᠯᠡᠯᠲᠡ᠂ ᠠᠷᠠᠳ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠡᠶ᠎ᠡ ᠲᠠᠮᠢᠷ᠂ ᠡᠨᠧᠷᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠤᠷᠰᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠳ᠋ᠦᠩᠨᠡᠵᠦ᠂ ᠵᠢᠯ ᠪᠦᠷᠢ ᠶᠢᠨ 6 ᠳ᠋ᠤᠭᠠᠷ ᠰᠠᠷ᠎ᠠ ᠶᠢᠨ 30 ᠤ ᠡᠳᠦᠷ᠂ 11 ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠲᠤᠷᠰᠢᠯᠲᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠨ᠎ᠡ᠃ ᠮᠡᠳᠡᠭᠦᠯᠦᠯᠲᠡ ᠶᠢᠨ ᠭᠤᠣᠯ ᠠᠭᠤᠯᠭ᠎ᠠ ᠳᠤ᠂ ᠠᠵᠢᠯ ᠤᠨ ᠲᠣᠭᠲᠠᠴᠠ ᠶᠢᠨ ᠠᠵᠢᠯᠯᠠᠭᠠᠨ ᠤ ᠪᠠᠶᠢᠳᠠᠯ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠪᠦᠲᠦᠭᠡᠨ ᠪᠠᠶᠢᠭᠤᠯᠤᠯᠲᠠ ᠶᠢᠨ ᠵᠠᠭᠪᠤᠷ ᠪᠠ ᠲᠥᠷᠥ ᠶᠢᠨ ᠪᠣᠳᠣᠯᠭ᠎ᠠ ᠳᠦᠷᠢᠮ ᠤᠨ ᠰᠢᠨ᠎ᠡ ᠶᠢ ᠡᠭᠦᠳᠦᠭᠰᠡᠨ ᠪᠠᠶᠢᠳᠠᠯ᠂ ᠰᠠᠭᠤᠭᠠᠯᠢ ᠠᠷᠠᠳ ᠤᠨ ᠦᠨᠡᠯᠡᠯᠲᠡ ᠶᠢᠨ ᠪᠠᠶᠢᠳᠠᠯ ᠵᠢᠴᠢ ᠤᠬᠠᠭᠤᠯᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠪᠠᠭᠲᠠᠨ᠎ᠠ᠃      ᠳᠠᠭᠠᠯᠳᠤᠭᠤᠯᠤᠯ᠄ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠨᠡᠷᠡᠰ      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠦᠨ ᠤ ᠠᠯᠪᠠᠨ ᠲᠢᠩᠬᠢᠮ      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ      ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ      ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ      ᠪᠡᠶ᠎ᠡ ᠲᠠᠮᠢᠷ ᠤᠨ ᠶᠡᠷᠦᠩᠬᠡᠢ ᠲᠤᠪᠴᠢᠶ᠎ᠠ ᠶᠢᠨ ᠠᠯᠪᠠᠨ ᠲᠢᠩᠬᠢᠮ      ᠤᠯᠤᠰ ᠤᠨ ᠡᠨᠧᠷᠭᠢ ᠶᠢᠨ ᠲᠣᠪᠴᠢᠶ᠎ᠠ ᠶᠢᠨ ᠶᠡᠷᠦᠩᠬᠡᠢ ᠵᠤᠷᠭᠠᠨ                    2023 ᠣᠨ 7 ᠳ᠋ᠤᠭᠠᠷ ᠰᠠᠷ᠎ᠠ ᠶᠢᠨ 20 ᠤ ᠡᠳᠦᠷᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1