ᠠᠷᠠᠳ ᠣᠯᠠᠨ ᠤ ᠴᠠᠬᠢᠯᠭᠠᠨ ᠬᠤᠯᠪᠣᠭᠠᠨ ᠤ ᠮᠡᠬᠡᠯᠡᠯ ᠪᠠ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ | ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠵᠤ ᠠᠬᠤᠶᠢᠯᠠᠯ ᠤᠨ | ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠲᠡᠭᠡᠭᠰᠢᠯᠡᠭᠦᠯᠦᠨ᠂ ︽ᠵᠣᠨ ᠤ | ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ︾ ᠶᠢᠨ ᠪᠥᠬᠦ | ᠲᠠᠯ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠬᠢᠬᠠᠨ ᠮᠡᠬᠡᠯᠡᠬᠦ ᠶᠢ ᠡᠰᠡᠷᠭᠦᠴᠡᠬᠦ ᠲᠥᠪ᠂ ᠠᠵᠤ ᠠᠬᠤᠢ ᠶᠢᠨ ᠲᠤᠷᠰᠢᠨ ᠪᠠᠶᠢᠴᠠᠭᠠᠬᠤ ᠶᠡᠭᠡ ᠠᠩᠭᠢ | ᠂ ᠰᠦᠷᠳᠡᠭᠦᠯᠦᠯ ᠢ ᠡᠰᠡᠷᠭᠦᠴᠡᠬᠦ ᠪᠠ ᠴᠠᠭᠳᠠᠨ ᠪᠠᠶᠢᠴᠠᠭᠠᠬᠤ ᠣᠨᠴᠠ ᠴᠠᠭᠳᠠᠭ᠎ᠠ ᠶᠢᠨ ᠶᠡᠭᠡ ᠠᠩᠭᠢ ᠬᠠᠷᠢᠶᠠᠲᠤ | ᠣᠷᠣᠨ ᠤ ᠪᠠᠨ ᠬᠤᠸᠠ ᠷᠦᠨ ᠱᠤᠸᠠᠩ ᠾᠧ ᠱᠧᠨ ᠵᠸᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠵᠢᠯᠲᠠᠳ ᠲᠤ ︽ᠬᠠᠤᠯᠢ | ᠲᠦᠭᠡᠮᠡᠯᠵᠢᠭᠦᠯᠬᠦ᠂ ᠬᠢᠬᠠᠨ ᠮᠡᠬᠡᠯᠡᠬᠦ ᠶᠢ ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠬᠦ︾ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠠᠵᠢᠯᠲᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | | | | ᠮᠡᠬᠡᠯᠡᠨ ᠬᠢᠬᠠᠬᠤ ᠶᠢ ᠡᠰᠡᠷᠭᠦᠴᠡᠬᠦ ᠠᠷᠠᠳ ᠤᠨ ᠴᠠᠭᠳᠠᠭ᠎ᠠ PPT ᠨᠡᠪᠲᠡᠷᠡᠭᠦᠯᠬᠦ᠂ ᠲᠤᠬᠠᠢ ᠶᠢᠨ | ᠲᠠᠯᠠᠪᠤᠷ ᠤᠨ ᠠᠰᠠᠭᠤᠯᠲᠠ ᠬᠠᠷᠢᠭᠤᠯᠲᠠ ᠶᠢᠨ ᠬᠠᠷᠢᠯᠴᠠᠨ ᠦᠢᠯᠡᠳᠦᠯᠴᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ | ᠂ ᠠᠵᠤ ᠠᠬᠤᠶᠢᠯᠠᠯ ᠤᠨ ᠠᠵᠢᠯᠲᠠᠳ ᠲᠤ ᠶᠠᠭᠤ ᠶᠢ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠭᠡᠬᠦ ᠶᠢ | ᠨᠠᠷᠢᠨ ᠲᠠᠶᠢᠯᠪᠤᠷᠢᠯᠠᠵᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠪᠠᠶᠢᠩᠭᠤ ᠲᠣᠬᠢᠶᠠᠯᠳᠤᠬᠤ ᠬᠡᠯᠪᠡᠷᠢ ᠵᠢᠴᠢ | ᠴᠠᠬᠢᠯᠭᠠᠨ ᠬᠤᠯᠪᠣᠭᠠᠨ ᠤ ᠮᠡᠬᠡᠯᠡᠯ ᠢ ᠬᠡᠷᠬᠢᠨ ᠢᠯᠭᠠᠨ ᠲᠠᠨᠢᠵᠤ ᠰᠡᠷᠭᠡᠶᠢᠯᠡᠬᠦ᠂ ᠲᠡᠷᠡᠴᠢᠯᠡᠨ ᠣᠶᠢᠷ᠎ᠠ ᠶᠢᠨ | ᠬᠤᠭᠤᠴᠠᠭᠠᠨ ᠤ ᠬᠠᠷᠢᠶ᠎ᠠ ᠣᠷᠣᠨ ᠳᠤ ᠡᠭᠦᠰᠦᠭᠰᠡᠨ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ | ᠣᠯᠠᠨ ᠳᠤ ︽ᠮᠡᠳᠡᠬᠦ ᠦᠭᠡᠢ ᠴᠥᠷᠬᠡᠯᠡᠭᠡ ᠶᠢ ᠲᠣᠪᠴᠢᠳᠠᠬᠤ ᠦᠭᠡᠢ︾ ︽ᠲᠠᠨᠢᠯ ᠪᠤᠰᠤ ᠤᠲᠠᠰᠤ ᠢᠷᠡᠪᠡᠯ | ᠠᠮᠠᠷᠬᠠᠨ ᠢᠲᠡᠭᠡᠬᠦ ᠦᠭᠡᠢ︾ ︽ᠬᠤᠪᠢ ᠬᠥᠮᠥᠨ ᠤ ᠮᠡᠳᠡᠭᠡ ᠵᠠᠩᠭᠢ ᠶᠢ ᠵᠠᠳᠠᠷᠠᠭᠤᠯᠬᠤ ᠦᠭᠡᠢ︾ ︽ᠲᠠᠩᠰᠠ | ᠰᠢᠯᠵᠢᠭᠦᠯᠵᠦ ᠭᠤᠪᠢᠭᠤᠯᠤᠭᠰᠠᠨ ᠵᠣᠭᠤᠰ ᠢ ᠢᠯᠡᠭᠦᠦ ᠬᠢᠨᠠᠨ ᠬᠠᠷᠭᠤᠭᠤᠯᠬᠤ︾ ᠵᠡᠷᠭᠡ ᠰᠡᠷᠭᠡᠶᠢᠯᠡᠬᠦ ᠰᠠᠨᠠᠭᠤᠯᠭ᠎ᠠ ᠶᠢ | ᠰᠡᠷᠡᠮᠵᠢᠯᠡᠭᠦᠯᠵᠦ᠂ ᠣᠯᠠᠨ ᠳᠤ ᠥᠪᠡᠷ ᠤᠨ ︽ᠵᠣᠭᠤᠰᠤᠨ ᠤᠭᠤᠲᠠ︾ ᠪᠠᠨ ᠵᠠᠪᠠᠯ ᠰᠠᠶᠢᠲᠤᠷ ᠰᠠᠬᠢᠵᠤ᠂ ᠴᠠᠬᠢᠯᠭᠠᠨ | ᠮᠡᠬᠡᠯᠡᠯ ᠤᠨ ᠬᠡᠷᠡᠭ ᠲᠣᠬᠢᠶᠠᠯᠳᠤᠪᠠᠯ ᠲᠡᠷᠡ ᠳᠠᠷᠤᠢ ᠳᠤᠨᠢ ᠴᠠᠭᠳᠠᠭ᠎ᠠ ᠳᠤ ᠮᠡᠳᠡᠭᠦᠯᠬᠦ ᠬᠡᠷᠡᠭᠲᠡᠢ ᠭᠡᠵᠦ ᠰᠠᠨᠠᠭᠤᠯᠵᠠᠢ᠃ | | | | | | ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ | ᠴᠠᠭᠳᠠᠭ᠎ᠠ ᠠᠵᠤ ᠠᠬᠤᠶᠢᠯᠠᠯ ᠳᠤ ᠬᠤᠯᠪᠣᠭᠳᠠᠵᠤ ᠮᠡᠳᠡᠬᠦ ᠠᠵᠤ ᠠᠬᠤᠢ ᠶᠢᠨ ᠶᠠᠯᠠᠲᠤ ᠠᠵᠢᠯᠯᠠᠭ᠎ᠠ ᠶᠢᠨ ᠬᠦᠷᠢᠶᠡᠨ ᠤ | ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠡᠷᠡᠭ ᠤᠨ ᠵᠢᠱᠢᠶ᠎ᠡ ᠶᠢ ᠲᠠᠶᠢᠯᠪᠤᠷᠢᠯᠠᠵᠤ᠂ ᠲᠤᠬᠠᠢ ᠶᠢᠨ | ᠲᠠᠯᠠᠪᠤᠷ ᠤᠨ ᠬᠥᠮᠥᠰ ᠲᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠭᠡᠷ᠎ᠡ ᠪᠠᠷ ᠮᠡᠬᠡᠯᠡᠬᠦ᠂ ᠪᠡᠯᠡ | ᠮᠥᠩᠭᠦ ᠶᠢ ᠨᠡᠭᠦᠯᠭᠡᠨ ᠬᠡᠷᠡᠭᠯᠡᠬᠦ᠂ ᠬᠠᠤᠯᠢ ᠪᠤᠰᠤ ᠪᠠᠷ ᠳᠠᠮᠵᠢᠭᠤᠯᠤᠨ ᠪᠣᠷᠣᠯᠠᠭᠤᠯᠬᠤ ᠵᠡᠷᠭᠡ ᠶᠠᠯᠠᠲᠤ ᠠᠵᠢᠯᠯᠠᠭ᠎ᠠ ᠶᠢᠨ | ᠣᠨᠴᠠᠯᠢᠭ ᠵᠢᠴᠢ ᠬᠤᠣᠷ ᠬᠥᠨᠥᠭᠡᠯ ᠢ ᠲᠠᠨᠢᠯᠴᠠᠭᠤᠯᠤᠭᠰᠠᠨ ᠪᠥᠭᠡᠳ ᠤᠯᠤᠰ ᠠᠴᠠ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ | ᠭᠤᠣᠯᠳᠠᠯᠭ᠎ᠠ ᠲᠠᠢ ᠪᠠᠷ ᠲᠠᠶᠢᠯᠪᠤᠷᠢᠯᠠᠵᠤ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠂ ᠭᠤᠷᠢᠳᠠᠬᠤ | ᠪᠤᠳᠤᠯ ᠲᠠᠢ ᠪᠠᠶᠢᠵᠤ ᠪᠣᠯᠬᠤ ᠦᠭᠡᠢ᠂ ᠪᠡᠯᠡ ᠣᠷᠣᠭᠤᠯᠬᠤ ᠳᠠᠭᠠᠨ ᠪᠣᠯᠭᠤᠮᠵᠢᠲᠠᠢ᠂ ᠥᠪᠡᠷ ᠤᠨ ︽ᠵᠣᠭᠤᠰᠤᠨ | ᠪᠣᠭᠴᠣ︾ ᠪᠠᠨ ᠰᠠᠶᠢᠲᠤᠷ ᠰᠠᠬᠢᠬᠤ ᠬᠡᠷᠡᠭᠲᠡᠢ ᠭᠡᠵᠦ ᠤᠯᠠᠨ ᠳᠤ ᠰᠠᠨᠠᠭᠤᠯᠵᠠᠢ᠃ ᠠᠵᠤ ᠠᠬᠤᠢ ᠶᠢᠨ ᠶᠠᠯᠠᠲᠤ | ᠠᠵᠢᠯᠯᠠᠭ᠎ᠠ ᠶᠢ ᠡᠷᠲᠡ ᠢᠯᠡᠷᠡᠭᠦᠯᠵᠦ᠂ ᠤᠷᠢᠳᠴᠢᠯᠠᠨ ᠰᠡᠷᠡᠮᠵᠢᠯᠡᠭᠦᠯᠵᠦ᠂ ︽ᠴᠠᠭᠳᠠᠭ᠎ᠠ ᠪᠠ ᠠᠵᠤ ᠠᠬᠤᠶᠢᠯᠠᠯ︾ | ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠠᠵᠤ ᠠᠬᠤᠢ ᠪᠠ ᠮᠥᠩᠭᠦᠨ ᠭᠦᠢᠯᠭᠡᠭᠡᠨ ᠤ ᠡᠮᠬᠢ | ᠵᠢᠷᠤᠮ ᠤᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠬᠠᠮᠲᠤ ᠪᠠᠷ ᠪᠠᠲᠤᠯᠠᠪᠠ᠃ | ᠣᠨᠴᠠ ᠴᠠᠭᠳᠠᠭ᠎ᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠨᠠᠷ ᠣᠶᠢᠷ᠎ᠠ ᠶᠢᠨ ᠵᠢᠯ ᠳᠤ ᠤᠯᠤᠰ ᠤᠨ | ᠳᠣᠲᠣᠭᠠᠳᠤ ᠭᠠᠳᠠᠭᠠᠳᠤ ᠳᠤ ᠡᠭᠦᠰᠦᠭᠰᠡᠨ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠤᠨ ᠨᠡᠶᠢᠲᠡᠯᠢᠭ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠬᠠᠷᠠᠭᠠᠨ ᠠᠴᠠ ᠡᠭᠦᠰᠴᠦ᠂ ᠤᠬᠠᠭᠤᠯᠭ᠎ᠠ ᠶᠢᠨ ᠹᠢᠯᠢᠮ ᠢ | ᠨᠡᠪᠲᠡᠷᠡᠭᠦᠯᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠠᠵᠢᠯᠲᠠᠳ ᠲᠤ ᠶᠠᠭᠤ ᠶᠢ ᠰᠦᠷᠳᠡᠭᠦᠯᠬᠦ ᠦᠵᠡᠯ ᠭᠡᠬᠦ᠂ ᠰᠦᠷᠳᠡᠭᠦᠯᠦᠯ ᠤᠨ ᠳᠠᠭᠠᠷᠢᠯᠲᠠ ᠶᠢᠨ | ᠠᠷᠭ᠎ᠠ ᠪᠠᠷᠢᠯ ᠶᠠᠭᠤ ᠶᠠᠭᠤ ᠪᠠᠶᠢᠬᠤ᠂ ᠰᠦᠷᠳᠡᠭᠦᠯᠦᠯ ᠤᠨ ᠰᠡᠵᠢᠭᠲᠡᠨ ᠢ ᠬᠡᠷᠬᠢᠨ ᠢᠯᠭᠠᠨ ᠲᠠᠨᠢᠬᠤ᠂ ᠭᠡᠨᠡᠳᠲᠡ ᠶᠢᠨ | ᠳᠠᠭᠠᠷᠢᠯᠲᠠ ᠳᠤ ᠤᠴᠠᠷᠠᠪᠠᠯ ᠬᠡᠷᠬᠢᠨ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠵᠡᠷᠭᠡ ᠠᠭᠤᠯᠭ᠎ᠠ ᠶᠢ | ᠲᠠᠶᠢᠯᠪᠤᠷᠢᠯᠠᠨ ᠥᠭᠴᠦ᠂ ᠠᠵᠤ ᠠᠬᠤᠶᠢᠯᠠᠯ ᠤᠨ ᠠᠵᠢᠯᠲᠠᠳ ᠲᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ | ᠰᠡᠷᠭᠡᠶᠢᠯᠡᠬᠦ ᠶᠢᠨ ᠠᠴᠢ ᠬᠤᠯᠪᠣᠭᠳᠠᠯ ᠢ ᠣᠶᠢᠯᠠᠭᠠᠭᠤᠯᠵᠤ᠂ ᠭᠡᠨᠡᠳᠲᠡ ᠶᠢᠨ ᠪᠠᠶᠢᠳᠠᠯ ᠳᠣᠣᠷᠠᠬᠢ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠷᠭ᠎ᠠ ᠶᠢ ᠰᠤᠷᠭᠠᠬᠤ ᠬᠡᠷᠡᠭᠲᠡᠢ ᠭᠡᠵᠡᠢ᠃ | | | | | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠠᠵᠤ | ᠠᠬᠤᠶᠢᠯᠠᠯ ᠤᠨ ᠠᠯᠪᠠᠯᠠᠬᠤ ᠲᠣᠭᠤᠷᠢᠭ ᠲᠤ ᠬᠦᠷᠴᠦ᠂ ᠠᠵᠢᠯᠲᠠᠳ ᠲᠤ ᠤᠬᠠᠭᠤᠯᠭ᠎ᠠ ᠶᠢᠨ ᠳᠡᠪᠲᠡᠷ ᠲᠠᠷᠬᠠᠭᠠᠨ᠂ ︽ | ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP︾ ᠶᠢ ᠪᠠᠭᠤᠯᠭᠠᠨ ᠤᠭᠰᠠᠷᠠᠬᠤ ᠠᠵᠢᠯ ᠢ ᠵᠢᠯᠤᠭᠤᠳᠴᠤ᠂ | ᠲᠡᠭᠦᠨ ᠤ ᠦᠢᠯᠡᠳᠦᠯ ᠪᠠ ᠴᠢᠳᠠᠮᠵᠢ ᠶᠢ ᠨᠢᠭᠤᠷᠲᠠᠨ ᠲᠠᠶᠢᠯᠪᠤᠷᠢᠯᠠᠪᠠ᠃ ᠲᠤᠰ ᠤᠳᠠᠭᠠᠨ ᠤ ᠡᠯ᠎ᠡ ᠰᠠᠯᠠᠭ᠎ᠠ | ᠮᠥᠴᠢᠷ ᠤᠨ ᠬᠠᠮᠲᠤᠷᠠᠭᠰᠠᠨ ᠤᠬᠠᠭᠤᠯᠭ᠎ᠠ ᠶᠢᠨ ᠠᠵᠢᠯᠯᠠᠭ᠎ᠠ᠂ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 300 | ᠭᠠᠷᠤᠢ ᠬᠤᠪᠢ ᠲᠠᠷᠬᠠᠭᠠᠵᠤ᠂ 30 ᠭᠠᠷᠤᠢ ᠬᠥᠮᠥᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ᠂ ᠴᠠᠭᠳᠠᠭ᠎ᠠ | ᠪᠣᠯᠣᠨ ᠠᠵᠤ ᠠᠬᠤᠶᠢᠯᠠᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠮᠡᠬᠡᠯᠡᠯ ᠢ ᠡᠰᠡᠷᠭᠦᠴᠡᠬᠦ᠂ ᠳᠠᠮᠵᠢᠭᠤᠯᠤᠨ ᠪᠣᠷᠣᠯᠠᠭᠤᠯᠬᠤ᠂ | ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠤᠬᠠᠮᠰᠠᠷ ᠪᠣᠯᠣᠨ ᠢᠯᠭᠠᠨ ᠲᠠᠨᠢᠬᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠪᠡ᠂ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠠᠵᠤ | ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ | ᠰᠡᠷᠭᠡᠶᠢᠯᠡᠯᠲᠡ ᠶᠢᠨ ᠮᠡᠳᠡᠯᠭᠡ ᠶᠢ ᠰᠤᠷᠤᠯᠴᠠᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠲᠣᠣᠷ ᠢ ᠰᠦᠯᠵᠢᠨ᠎ᠡ ᠭᠡᠵᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |