ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠠᠷᠪᠠᠨ | ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ | ᠪᠠᠶᠢᠴᠠᠭᠠᠵᠤ ᠬᠠᠷᠢᠭᠤ ᠲᠤᠰᠬᠠᠬᠤ ᠠᠵᠢᠯ ᠢ ᠴᠥᠮ ᠳᠠᠭᠤᠰᠬᠠᠪᠠ᠃ ᠲᠣᠰ ᠡᠭᠡᠯᠵᠢ ᠶᠢᠨ ᠴᠠᠭᠳᠠᠨ ᠪᠠᠶᠢᠴᠠᠭᠠᠵᠤ | ᠬᠠᠷᠢᠭᠤ ᠲᠤᠰᠬᠠᠬᠤ ᠶᠢ ᠲᠥᠪᠯᠡᠷᠡᠭᠦᠯᠦᠨ ᠬᠠᠷᠢᠭᠤ ᠲᠤᠰᠬᠠᠬᠤ ᠪᠠ ︽ᠨᠢᠭᠡ ᠳᠤ ᠨᠢᠭᠡ ᠶᠢᠨ︾ ᠬᠠᠷᠢᠭᠤ | ᠲᠤᠰᠬᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ | 7 ᠳ᠋ᠤᠭᠠᠷ ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ | ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢ ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ ᠢ | ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠲᠣᠭᠤᠷᠢᠨ ᠪᠠᠶᠢᠴᠠᠭᠠᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠰᠢᠶᠠᠨ ᠤ ᠨᠠᠮ ᠤᠨ | ᠬᠤᠷᠢᠶᠠᠨ ᠤ ᠱᠦᠵᠢ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ | ᠪᠠᠶᠢᠴᠠᠭᠠᠭᠠᠳ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠮᠡᠳᠡᠭᠳᠡᠵᠦ᠂ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠳᠤ ᠲᠥᠪᠯᠡᠷᠡᠩᠭᠦᠢ ᠪᠠᠶᠢᠷᠢᠯᠠᠭᠤᠯᠤᠯᠲᠠ ᠬᠢᠵᠡᠢ᠃ | 7 ᠳ᠋ᠤᠭᠠᠷ ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ | ᠴᠠᠭᠳᠠᠨ ᠪᠠᠶᠢᠴᠠᠭᠠᠬᠤ 3 ᠳᠤᠭᠤᠶᠢᠯᠠᠩ ᠲᠤᠰ ᠲᠤᠰ 11 ᠨᠠᠮ ᠤᠨ ᠵᠣᠬᠢᠶᠠᠨ ᠪᠠᠶᠢᠭᠤᠯᠤᠯᠲᠠ ᠳᠤ ︽ᠨᠢᠭᠡ ᠳᠤ | ᠨᠢᠭᠡ︾ ᠶᠢᠨ ᠬᠠᠷᠢᠭᠤ ᠲᠤᠰᠬᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ | ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠨᠢ ᠴᠠᠭᠳᠠᠨ | ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠴᠠᠭᠳᠠᠨ ᠪᠠᠶᠢᠴᠠᠭᠠᠭᠠᠳ ᠢᠯᠡᠷᠡᠭᠦᠯᠦᠭᠰᠡᠨ | ᠴᠢᠬᠤᠯᠠ ᠠᠰᠠᠭᠤᠳᠠᠯ ᠢ ᠮᠡᠳᠡᠭᠳᠡᠭᠰᠡᠨ ᠪᠥᠭᠡᠳ ᠤᠳᠤᠷᠢᠳᠬᠤ ᠪᠠᠭ ᠲᠤ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ | ᠬᠠᠷᠢᠭᠤ ᠲᠤᠰᠬᠠᠪᠠ᠃ | ᠬᠠᠷᠢᠭᠤ ᠲᠤᠰᠬᠠᠯ ᠳᠤ᠂ ᠣᠶᠢᠷ᠎ᠠ ᠶᠢᠨ ᠵᠢᠯ ᠠᠴᠠ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ | ᠵᠣᠬᠢᠶᠠᠨ ᠪᠠᠶᠢᠭᠤᠯᠤᠯᠲᠠ ᠨᠤᠭᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠬᠠᠷᠢᠭᠤ ᠲᠤᠰᠬᠠᠯ ᠳᠤ ᠪᠠᠰᠠ ᠴᠠᠭᠳᠠᠨ ᠪᠠᠶᠢᠴᠠᠭᠠᠭᠠᠳ ᠢᠯᠡᠷᠡᠭᠦᠯᠦᠭᠰᠡᠨ ᠲᠣᠪᠣᠶᠢᠮ᠎ᠠ ᠠᠰᠠᠭᠤᠳᠠᠯ ᠢ ᠵᠢᠭᠠᠵᠤ | ᠭᠠᠷᠭᠠᠪᠠ᠃ ᠡᠭᠦᠨ ᠳᠤ ᠡᠩ ᠤᠨ ᠴᠠᠭᠳᠠᠨ ᠪᠠᠶᠢᠴᠠᠭᠠᠯᠲᠠ ᠠᠴᠠ ᠣᠯᠵᠤ ᠮᠡᠳᠡᠭᠰᠡᠨ ᠨᠢ᠂ ᠵᠠᠷᠢᠮ ᠨᠢ ᠤᠯᠤᠰ | ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠬᠦᠷᠦᠯᠴᠡᠬᠦ ᠦᠭᠡᠢ᠂ ᠨᠠᠮ ᠤᠨ ᠰᠢᠨ᠎ᠡ ᠶᠢ ᠡᠭᠦᠳᠬᠦ ᠤᠨᠤᠯ | ᠵᠢᠴᠢ ᠶᠡᠷᠦᠩᠬᠡᠢ ᠱᠦᠵᠢ ᠰᠢ ᠶᠢᠨ ᠫᠢᠩ ᠶᠢᠨ ᠲᠤᠰ ᠰᠢᠰᠲ᠋ᠧᠮ ᠲᠤᠰ ᠬᠦᠷᠢᠶᠡᠨ ᠳᠠᠬᠢ ᠴᠢᠬᠤᠯᠠ ᠶᠠᠷᠢᠶᠠᠨ ᠤ | ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠤᠨᠤᠯ ᠤᠨ ᠰᠤᠷᠤᠯᠴᠠᠯᠭ᠎ᠠ ᠪᠠᠷ ᠬᠦᠷᠦᠯᠴᠡᠬᠦ | ᠦᠭᠡᠢ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢ ᠵᠥᠪᠬᠡᠨ ᠤᠯᠠᠮᠵᠢᠯᠠᠬᠤ ᠲᠠᠯ᠎ᠠ ᠳᠤ ᠵᠣᠭᠰᠣᠩᠭᠢᠷᠠᠵᠤ᠂ | ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ | ᠲᠤᠤᠱᠯᠠᠭᠤᠯᠤᠨ ᠨᠠᠶᠢᠳᠠᠪᠤᠷᠢᠵᠢᠭᠤᠯᠬᠤ ᠨᠢ ᠴᠥᠭᠡᠨ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠲᠠᠯ᠎ᠠ ᠪᠠᠷ ᠪᠠᠰᠠ ᠵᠥᠷᠢᠶ᠎ᠡ ᠲᠠᠢ ᠪᠠᠶᠢᠨ᠎ᠠ︔ ᠵᠠᠷᠢᠮ ᠨᠢ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ | ᠬᠠᠮᠢᠶᠠᠷᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠭᠦᠢᠴᠡᠳ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ | ᠪᠠᠶᠢᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠶᠢᠯ ᠤᠨ ᠴᠢᠬᠤᠯᠠ ᠴᠢᠨᠠᠷ ᠪᠠ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠲᠤᠬᠠᠢ ᠲᠠᠨᠢᠯᠲᠠ ᠳᠤᠲᠠᠮᠠᠭ ᠪᠠᠶᠢᠵᠤ᠂ ᠬᠤᠷᠠᠯ ᠤᠨ ᠲᠤᠰᠬᠠᠢ ᠰᠡᠳᠦᠪᠲᠦ ᠰᠤᠳᠤᠯᠭᠠᠨ | ᠪᠠᠶᠢᠷᠢᠯᠠᠭᠤᠯᠤᠯᠲᠠ ᠴᠥᠭᠡᠨ᠂ ᠪᠠᠭ ᠤᠨ ᠪᠦᠷᠢᠯᠳᠦᠭᠦᠨ ᠨᠢ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ | ᠮᠥᠴᠢᠷ ᠲᠡᠭᠡᠨ ᠪᠠᠶᠢᠩᠭᠤ ᠶᠢᠨ ᠴᠢᠨᠠᠷᠲᠠᠢ ᠵᠢᠯᠣᠭᠤᠳᠤᠯᠭ᠎ᠠ ᠳᠤᠲᠠᠮᠠᠭ ᠪᠠᠶᠢᠵᠤ᠂ ᠬᠠᠷᠢᠭᠤᠴᠠᠯᠭ᠎ᠠ ᠶᠢᠨ ᠳᠠᠮᠵᠢᠭᠤᠯᠭ᠎ᠠ | ᠬᠦᠴᠦᠲᠡᠢ ᠪᠢᠰᠢ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ | ᠯᠠᠪᠳᠠᠭᠤᠨ ᠪᠠᠲᠤᠲᠠᠢ ᠪᠢᠰᠢ᠂ ᠵᠠᠷᠢᠮ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ | ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠣᠷᠣᠰᠢᠵᠤ ᠪᠠᠶᠢᠨ᠎ᠠ︔ ᠵᠠᠷᠢᠮ ᠨᠢ ᠠᠷᠠᠳᠴᠢᠯᠠᠯ | ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠬᠦ ᠦᠭᠡᠢ ᠪᠠᠶᠢᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ | ᠬᠡᠷᠡᠭ ᠶᠠᠪᠤᠳᠠᠯ ᠳᠤ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠨᠠᠶᠢᠳᠠᠪᠤᠷᠢᠵᠢᠭᠤᠯᠬᠤ | ᠶᠠᠪᠤᠳᠠᠯ ᠢ ᠴᠢᠩᠭᠠᠳᠬᠠᠬᠤ ᠴᠢᠬᠤᠯᠠᠲᠠᠢ ᠪᠠᠶᠢᠨ᠎ᠠ︔ ᠵᠠᠷᠢᠮ ᠤᠨ ᠬᠢᠨᠢ ᠪᠡᠯᠡ ᠮᠥᠩᠭᠦ ᠶᠢ ᠬᠠᠮᠢᠶᠠᠷᠴᠤ᠂ ᠡᠳ᠋ | ᠬᠥᠷᠥᠩᠭᠡ ᠶᠢ ᠰᠢᠢᠳᠪᠦᠷᠢᠯᠡᠬᠦ ᠲᠠᠯ᠎ᠠ ᠪᠠᠷ ᠲᠡᠶᠢᠮᠦ ᠵᠢᠷᠤᠮᠵᠢᠭᠤᠨ ᠪᠢᠰᠢ ᠪᠠᠶᠢᠨ᠎ᠠ︔ ᠵᠠᠷᠢᠮ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠨᠢ ᠵᠢᠷᠤᠮᠵᠢᠭᠤᠨ ᠪᠤᠰᠤ᠂ ᠲᠥᠪ ᠴᠢᠩᠭ᠎ᠠ ᠪᠢᠰᠢ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ ᠢ | ᠴᠢᠩᠭ᠎ᠠ ᠬᠡᠷᠡᠭᠵᠢᠭᠦᠯᠦᠭᠰᠡᠨ ᠦᠭᠡᠢ᠂ ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠤᠨ ᠵᠢᠯᠣᠭᠤᠳᠤᠯᠭ᠎ᠠ ᠶᠢ ᠰᠠᠶᠢᠲᠤᠷ ᠠᠳᠬᠤᠭᠰᠠᠨ ᠦᠭᠡᠢ᠂ ᠰᠡᠭᠦᠯᠴᠢ ᠶᠢᠨ ᠬᠤᠭᠤᠴᠠᠭᠠᠨ ᠤ | ᠴᠡᠭᠴᠡᠯᠡᠨ ᠰᠠᠶᠢᠵᠢᠷᠠᠭᠤᠯᠬᠤ ᠠᠵᠢᠯ ᠨᠢ ᠯᠠᠪᠳᠠᠭᠤᠨ ᠪᠠᠲᠤᠲᠠᠢ ᠪᠢᠰᠢ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠨᠢ ᠢᠯᠡᠷᠬᠡᠢ ᠪᠢᠰᠢ ᠪᠠᠶᠢᠨ᠎ᠠ᠃ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠠᠴᠠ ᠣᠯᠵᠤ | ᠮᠡᠳᠡᠭᠰᠡᠨ ᠨᠢ᠂ ᠡᠯ᠎ᠡ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠤᠷᠤᠯᠴᠠᠨ | ᠲᠤᠤᠱᠯᠠᠭᠤᠯᠬᠤ ᠲᠠᠯ᠎ᠠ ᠪᠠᠷ ᠭᠦᠨᠵᠡᠭᠡᠢ ᠪᠢᠰᠢ᠂ ᠬᠤᠷᠠᠯ ᠤᠨ ᠲᠤᠰᠬᠠᠢ ᠰᠡᠳᠦᠪᠲᠦ ᠰᠤᠳᠤᠯᠭᠠᠨ ᠪᠠᠶᠢᠷᠢᠯᠠᠭᠤᠯᠤᠯᠲᠠ | ᠭᠦᠢᠴᠡᠳ ᠪᠢᠰᠢ᠂ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ | ᠪᠣᠳᠠᠲᠠᠢ ᠪᠥᠭᠡᠳ ᠪᠦᠲᠦᠮᠵᠢᠲᠡᠢ ᠪᠢᠰᠢ︔ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠲᠠᠯ᠎ᠠ ᠪᠠᠷ ᠵᠥᠷᠢᠶ᠎ᠡ ᠲᠠᠢ ᠪᠠᠶᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠬᠦ ᠲᠠᠯ᠎ᠠ ᠪᠠᠷ ᠲᠡᠶᠢᠮᠦ ᠯᠠᠪᠳᠠᠭᠤᠨ ᠪᠠᠲᠤᠲᠠᠢ | ᠪᠢᠰᠢ ᠪᠠᠶᠢᠨ᠎ᠠ᠃ | ᠬᠠᠷᠢᠭᠤ ᠲᠤᠰᠬᠠᠬᠤ ᠱᠠᠭᠠᠷᠳᠠᠯᠭ᠎ᠠ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠯᠭ᠎ᠠ ᠶᠢᠨ ᠬᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠢ ᠬᠢᠨᠠᠯᠲᠠ | ᠲᠠᠯᠪᠢᠬᠤ ᠨᠢᠭᠡᠳᠦᠭᠡᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ | ᠴᠢᠩᠭᠠᠳᠬᠠᠬᠤ᠂ ᠡᠳᠦᠷ ᠳᠤᠳᠤᠮ ᠤᠨ ᠬᠢᠨᠠᠯᠲᠠ ᠲᠠᠯᠪᠢᠬᠤ ᠶᠢᠨ ᠴᠢᠬᠤᠯᠠ ᠭᠠᠷᠳᠠᠴᠠ ᠪᠣᠯᠭᠠᠬᠤ ᠬᠡᠷᠡᠭᠲᠡᠢ᠃ | ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠰᠦᠪᠡᠭᠴᠢ ᠶᠢ ᠲᠣᠭᠲᠠᠭᠠᠯ ᠰᠠᠬᠢᠯᠭ᠎ᠠ ᠬᠠᠤᠯᠢ ᠶᠣᠰᠣᠭᠠᠷ | ᠰᠢᠢᠳᠪᠦᠷᠢᠯᠡᠵᠦ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠠ ᠰᠦᠪᠡᠭᠴᠢ ᠶᠢ ᠨᠠᠮ ᠢ ᠬᠠᠮᠢᠶᠠᠷᠴᠤ | ᠨᠠᠮ ᠢ ᠵᠠᠰᠠᠬᠤ᠂ ᠤᠯᠤᠰ ᠲᠦᠷᠦ ᠶᠢᠨ ᠠᠮᠢ ᠠᠬᠤᠢ ᠶᠢ ᠰᠤᠳᠤᠯᠤᠨ ᠮᠠᠭᠠᠳᠯᠠᠬᠤ ᠶᠢᠨ ᠴᠢᠬᠤᠯᠠ ᠯᠠᠪᠯᠠᠯᠲᠠ | ᠪᠣᠯᠭᠠᠵᠤ᠂ ᠠᠵᠢᠯ ᠤᠨ ᠡᠬᠡ ᠲᠠᠩᠰᠠ ᠪᠠᠶᠢᠭᠤᠯᠵᠤ᠂ ᠪᠠᠶᠢᠩᠭᠤ ᠶᠢᠨ ᠴᠢᠨᠠᠷᠲᠠᠢ ᠱᠠᠯᠠᠪᠳᠠᠭᠤᠯᠤᠨ ᠪᠠᠶᠢᠴᠠᠭᠠᠬᠤ ᠶᠢ | ᠴᠢᠩᠭᠠᠳᠬᠠᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠰᠢᠨ᠎ᠡ ᠴᠠᠭ | ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠴᠡᠭᠴᠡᠯᠡᠨ | ᠰᠠᠶᠢᠵᠢᠷᠠᠭᠤᠯᠬᠤ ᠠᠵᠢᠯ ᠤᠨ ᠡᠳᠦᠷ ᠲᠤᠳᠤᠮ ᠤᠨ ᠬᠢᠨᠠᠯᠲᠠ ᠶᠢ ᠰᠠᠶᠢᠲᠤᠷ ᠠᠳᠬᠤᠵᠤ᠂ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠳᠤᠷᠢᠳᠬᠤ ᠪᠠᠭ ᠤᠨ ᠣᠨ ᠤ ᠬᠢᠨᠠᠨ ᠰᠢᠯᠭᠠᠯᠲᠠ ᠳᠤ | ᠦᠨᠡᠨᠬᠦ ᠣᠷᠣᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠢ | ᠤᠳᠤᠷᠢᠳᠬᠤ ᠪᠠᠭ ᠤᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠠᠢ ᠤᠶᠠᠯᠳᠤᠭᠤᠯᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ | ᠴᠣᠭᠴᠠ ᠶᠢᠨ ᠬᠠᠷᠢᠭᠤᠴᠠᠯᠭ᠎ᠠ ᠵᠢᠴᠢ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠦᠷᠦᠭᠦᠯᠡᠨ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠰᠢᠯᠲᠠᠭᠠᠨ ᠢ | ᠵᠠᠳᠠᠯᠵᠤ᠂ ᠤᠭ ᠦᠨᠳᠦᠰᠦ ᠶᠢ ᠨᠢ ᠭᠦᠨᠵᠡᠭᠡᠢ ᠠᠭᠤᠳᠠᠯᠵᠤ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ | ᠠᠳᠬᠤᠨ᠎ᠠ᠃ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠪᠠᠷᠢᠮᠲᠠᠯᠠᠵᠤ᠂ | ᠴᠡᠭᠴᠡᠯᠡᠨ ᠰᠠᠶᠢᠵᠢᠷᠠᠭᠤᠯᠬᠤ ᠲᠥᠰᠥᠯ ᠢ ᠨᠠᠷᠢᠨ ᠬᠢᠨᠠᠮᠠᠭᠠᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠪᠠ ᠪᠡᠶᠡᠯᠡᠭᠦᠯᠬᠦ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ | ᠨᠢᠭᠡᠳᠦᠯᠲᠡᠢ ᠲᠥᠯᠥᠪᠯᠡᠬᠦ ᠶᠢ ᠤᠶᠠᠯᠳᠤᠭᠤᠯᠬᠤ ᠶᠢ ᠰᠠᠶᠢᠲᠤᠷ ᠠᠳᠬᠤᠵᠤ᠂ ᠠᠰᠠᠭᠤᠳᠠᠯ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠲᠣᠭᠲᠠᠴᠠ ᠶᠢ ᠪᠠᠶᠢᠭᠤᠯᠤᠨ ᠰᠠᠶᠢᠵᠢᠷᠠᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠡᠳᠦᠷ ᠲᠤᠳᠤᠮ ᠤᠨ ᠠᠵᠢᠯ᠂ ᠤᠳᠤᠷᠢᠳᠬᠤ ᠪᠠᠭ ᠢ ᠠᠳᠬᠤᠵᠤ | ᠡᠩᠨᠡᠭᠡ ᠶᠢ ᠳᠠᠭᠠᠭᠤᠯᠬᠤ ᠲᠠᠢ ᠤᠬᠠᠮᠰᠠᠷ ᠠᠴᠠ ᠪᠠᠨ ᠤᠶᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |