ᠨᠡᠶᠢᠭᠡᠮ ᠲᠣᠭᠤᠷᠢᠭ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ | ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ | ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠰᠠᠭᠤᠭᠠᠯᠢ ᠠᠷᠠᠳ᠂ ᠨᠡᠶᠢᠭᠡᠮ | ᠲᠣᠭᠤᠷᠢᠭ ᠤᠨ ᠠᠵᠢᠯᠲᠠᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠣᠨ ᠭᠠᠯ | ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠲᠣᠭᠲᠠᠬᠤ | ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠭᠠᠯ ᠰᠡᠷᠭᠡᠶᠢᠯᠡᠨ ᠤᠨᠲᠠᠷᠠᠭᠠᠬᠤ ᠰᠠᠶᠢᠨ | ᠳᠤᠷ᠎ᠠ ᠶᠢᠨ ᠠᠵᠢᠯᠯᠠᠭᠰᠠᠳ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠣᠷᠣᠨ ᠰᠠᠭᠤᠴᠠ ᠶᠢᠨ ᠲᠣᠭᠤᠷᠢᠭ ᠲᠤ | ᠭᠦᠨᠵᠡᠭᠡᠶᠢᠷᠡᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ | | | | | | | | ᠡᠨᠡ ᠬᠤᠭᠤᠴᠠᠭᠠᠨ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠢ ᠴᠠᠰᠢ ᠥᠩᠭᠡᠷᠡᠬᠦ ᠣᠯᠠᠨ | ᠲᠦᠮᠡᠨ ᠳᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠭᠠᠯ ᠤᠨ ᠭᠠᠮᠰᠢᠭ ᠤᠨ | ᠳᠠᠯᠳᠠ ᠬᠡᠮ ᠢ ᠬᠡᠷᠬᠢᠨ ᠡᠷᠢᠬᠦ᠂ ᠭᠠᠯ ᠤᠨᠲᠠᠷᠠᠭᠠᠭᠤᠷ ᠢ ᠬᠡᠷᠬᠢᠨ ᠵᠥᠪ ᠬᠡᠷᠡᠭᠯᠡᠬᠦ᠂ ᠠᠩᠬᠠᠨ ᠤ ᠦᠶ᠎ᠡ ᠶᠢᠨ ᠭᠠᠯ ᠢ | ᠬᠡᠷᠬᠢᠨ ᠤᠨᠲᠠᠷᠠᠭᠠᠬᠤ᠂ 119 ᠳ᠋ᠢᠶᠠᠩᠬᠤᠸᠠ ᠵᠢᠴᠢ ᠭᠠᠯ ᠤᠨ ᠲᠠᠯᠠᠪᠠᠶ ᠳᠤ ᠠᠮᠢ ᠵᠢᠭᠤᠲᠠᠬᠤ ᠵᠡᠷᠭᠡ ᠭᠠᠯ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠨᠢᠭᠤᠷᠲᠠᠨ ᠲᠠᠶᠢᠯᠪᠤᠷᠢᠯᠠᠬᠤ ᠶᠢᠨ | ᠬᠠᠮᠲᠤ ᠣᠯᠠᠨ ᠢᠶᠠᠷ ᠢᠶᠠᠨ ᠳᠡᠯᠭᠡᠭᠦᠷ ᠫᠦᠰᠡ ᠵᠢᠴᠢ ᠭᠡᠷ ᠪᠦᠯᠢ ᠶᠢᠨ ᠴᠠᠬᠢᠯᠭᠠᠨ ᠤᠳᠠᠰᠤ ᠶᠢ ᠴᠠᠭ ᠲᠤᠬᠠᠢ ᠳᠤᠨᠢ | ᠪᠠᠶᠢᠴᠠᠭᠠᠵᠤ᠂ ᠳᠤᠷ᠎ᠠ ᠪᠠᠷ ᠢᠶᠠᠨ ᠴᠠᠬᠢᠯᠭᠠᠨ ᠤᠲᠠᠰᠤ ᠲᠤᠰᠴᠤ ᠪᠣᠯᠬᠤ ᠦᠭᠡᠢ᠂ ᠭᠠᠯ ᠬᠡᠷᠡᠭᠯᠡᠬᠦ᠂ ᠬᠡᠢ ᠬᠡᠷᠡᠭᠯᠡᠬᠦ | ᠠᠮᠤᠷ ᠲᠦᠪᠰᠢᠨ ᠢ ᠠᠩᠬᠠᠷᠬᠤ ᠬᠡᠷᠡᠭᠲᠡᠢ ᠭᠡᠵᠦ ᠤᠷᠢᠶᠠᠯᠠᠵᠠᠢ᠃ ᠡᠭᠦᠨ ᠤ ᠬᠠᠮᠲᠤ ᠰᠠᠭᠤᠭᠠᠯᠢ ᠠᠷᠠᠳ ᠲᠦᠮᠡᠨ ᠳᠤ | ᠭᠠᠯ᠂ ᠴᠠᠬᠢᠯᠭᠠᠨ᠂ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ ᠶᠢ ᠰᠠᠨᠠᠭᠤᠯᠵᠤ᠂ ᠭᠡᠷ ᠤᠨ ᠴᠠᠬᠢᠯᠭᠠᠨ ᠬᠡᠷᠡᠭᠰᠡᠯ᠂ | ᠴᠠᠬᠢᠯᠭᠠᠨ ᠤᠲᠠᠰᠤ ᠶᠢ ᠦᠷᠭᠦᠯᠵᠢ ᠪᠠᠶᠢᠴᠠᠭᠠᠵᠤ᠂ ᠴᠠᠬᠢᠯᠭᠠᠨ ᠤᠲᠠᠰᠤᠨ ᠤ ᠬᠤᠭᠵᠢᠷᠠᠬᠤ ᠪᠠ ᠬᠠᠭᠤᠴᠢᠷᠠᠬᠤ ᠶᠢ | ᠰᠡᠷᠭᠡᠶᠢᠯᠡᠵᠦ᠂ ᠴᠠᠭ ᠢᠮᠠᠭᠲᠠ ︽ᠨᠣᠴᠣᠬᠤ︾ ᠠᠴᠠ ᠰᠡᠷᠭᠡᠶᠢᠯᠡᠬᠦ ᠬᠡᠷᠡᠭᠲᠡᠢ᠃ | | | | | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠳᠤ ᠣᠷᠣᠯᠴᠠᠬᠤ᠂ ᠭᠠᠯ ᠰᠡᠷᠭᠡᠶᠢᠯᠡᠨ ᠤᠨᠲᠠᠷᠠᠭᠠᠬᠤ ᠮᠡᠳᠡᠯᠭᠡ ᠶᠢ ᠰᠤᠷᠤᠯᠴᠠᠬᠤ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠪᠦᠲᠦᠮᠵᠢᠲᠡᠶ ᠪᠠᠷ ᠳᠠᠶᠢᠴᠢᠯᠠᠨ᠂ ᠥᠷᠭᠡᠨ ᠣᠯᠠᠨ ᠰᠠᠭᠤᠭᠠᠯᠢ | ᠠᠷᠠᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠠᠮᠢ ᠵᠢᠭᠤᠲᠠᠵᠤ ᠥᠪᠡᠷ ᠢ ᠪᠠᠨ | ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |