2023 ᠣᠨ ᠤ 1 ᠠᠴᠠ 6 ᠳ᠋ᠤᠭᠠᠷ ᠰᠠᠷ᠎ᠠ ᠪᠣᠯᠲᠠᠯ᠎ᠠ ᠪᠥᠬᠦ ᠤᠯᠤᠰ ᠲᠤ 4.26 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠰᠢᠨ᠎ᠡ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2023/7/28
      2023 ᠣᠨ ᠳᠤ᠂ ᠪᠥᠬᠦ ᠤᠯᠤᠰ ᠲᠤ ᠬᠤᠲᠠ ᠪᠠᠯᠭᠠᠰᠤᠨ ᠤ 5.3 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠰᠢᠨ᠎ᠡ ᠪᠠᠷ ᠠᠵᠢᠯ ᠡᠬᠢᠯᠡᠭᠦᠯᠬᠦ ᠪᠠᠷ ᠲᠥᠯᠥᠪᠯᠡᠵᠦ᠂ 865 ᠲᠦᠮᠡᠨ ᠰᠠᠭᠤᠭᠠᠯᠢ ᠠᠷᠠᠳ ᠲᠤ ᠬᠤᠯᠪᠣᠭᠳᠠᠵᠠᠶ᠃ ᠡᠯ᠎ᠡ ᠭᠠᠵᠠᠷ ᠤᠨ ᠳᠡᠭᠡᠭᠰᠢ ᠮᠡᠳᠡᠭᠦᠯᠦᠭᠰᠡᠨ ᠪᠦᠷᠢᠳᠬᠡᠯ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ 1 ᠠᠴᠠ 6 ᠳ᠋ᠤᠭᠠᠷ ᠰᠠᠷ᠎ᠠ ᠳᠤ᠂ ᠪᠥᠬᠦ ᠤᠯᠤᠰ ᠲᠤ ᠬᠤᠲᠠ ᠪᠠᠯᠭᠠᠰᠤᠨ ᠤ 4.26 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠰᠢᠨ᠎ᠡ ᠪᠠᠷ ᠠᠵᠢᠯ ᠡᠬᠢᠯᠡᠭᠦᠯᠵᠦ᠂ 742 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ ᠰᠠᠭᠤᠭᠠᠯᠢ ᠲᠣᠭᠤᠷᠢᠭ ᠤᠨ ᠲᠤᠭ᠎ᠠ ᠪᠠᠷ ᠠᠵᠢᠯ ᠡᠬᠢᠯᠡᠭᠦᠯᠦᠭᠰᠡᠨ ᠨᠣᠷᠮ᠎ᠠ 80.4% ᠳᠤ ᠬᠦᠷᠪᠡ᠃ ᠮᠤᠵᠢ ᠬᠤᠪᠢᠶᠠᠨ ᠠᠪᠴᠤ ᠦᠵᠡᠪᠡᠯ᠂ ᠭᠦᠢᠵᠧᠦ᠂ ᠾᠧᠪᠧᠶ᠂ ᠬᠤᠪᠧᠶ᠂ ᠵᠢᠶᠠᠩᠰᠦ᠂ ᠵᠢᠶᠠᠩᠰᠢ᠂ ᠬᠤᠨᠠᠨ᠂ ᠱᠠᠨᠳᠦ᠋ᠩ᠂ ᠴᠦᠩᠴᠢᠩ᠂ ᠵᠧᠵᠢᠶᠠᠩ᠂ ᠯᠢᠶᠣᠤᠨᠢᠩ᠂ ᠥᠪᠥᠷ ᠮᠣᠩᠭᠤᠯ  ᠵᠡᠷᠭᠡ 11 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ︶ ᠶᠢᠨ ᠠᠵᠢᠯ ᠡᠬᠢᠯᠡᠭᠦᠯᠦᠭᠰᠡᠨ ᠨᠣᠷᠮ᠎ᠠ 95% ᠶᠢ ᠳᠠᠪᠠᠪᠠ᠃ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1