1~6 ᠳ᠋ᠤᠭᠠᠷ ᠰᠠᠷ᠎ᠠ ᠳᠤ ᠮᠠᠨ ᠤ ᠣᠷᠣᠨ ᠤ ᠰᠢᠨ᠎ᠡ ᠪᠠᠷ ᠠᠵᠢᠯ ᠡᠬᠢᠯᠡᠭᠦᠯᠦᠭᠰᠡᠨ ᠪᠣᠬᠢᠷᠲᠤᠯ ᠦᠭᠡᠢ ᠪᠠᠷᠢᠯᠭ᠎ᠠ ᠶᠢᠨ ᠲᠠᠯᠠᠪᠠᠶ 984.69 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ
ᠨᠡᠶᠢᠲᠡᠯᠡᠭᠰᠡᠨ ᠴᠠᠭ᠄
2023/7/28
      ︽ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠵᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠶᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠲᠦᠷᠦᠭᠦᠸ ᠬᠠᠭᠠᠰ ᠵᠢᠯ ᠳᠤ ᠪᠥᠬᠦ ᠣᠷᠣᠨ ᠳᠤ ᠰᠢᠨ᠎ᠡ ᠪᠠᠷ ᠠᠵᠢᠯ ᠡᠬᠢᠯᠡᠭᠦᠯᠦᠭᠰᠡᠨ ᠪᠣᠬᠢᠷᠲᠤᠯ ᠦᠭᠡᠢ ᠪᠠᠷᠢᠯᠭ᠎ᠠ ᠶᠢᠨ ᠲᠠᠯᠠᠪᠠᠶ 984.69 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠨᠡ ᠪᠣᠯ ᠰᠤᠷᠪᠤᠯᠵᠢᠯᠠᠭᠴᠢ ᠶᠢᠨ 7 ᠳ᠋ᠤᠭᠠᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠵᠤ ᠥᠪᠥᠷ ᠮᠣᠩᠭᠤᠯ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠤᠶ᠎ᠠ︾ ᠭᠡᠬᠦ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠤᠨ 17 ᠳ᠋ᠤᠭᠠᠷ ᠲᠠᠯᠠᠪᠤᠷ ︱ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠲᠤᠰᠬᠠᠢ ᠲᠠᠯᠠᠪᠤᠷ ᠠᠴᠠ ᠣᠶᠢᠯᠠᠭᠠᠭᠰᠠᠨ ᠮᠡᠳᠡᠭᠡ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠶᠠᠪᠤᠳᠠᠯ ᠢ ᠰᠠᠶᠢᠲᠤᠷ ᠬᠢᠬᠦ ᠳᠤ ᠬᠦᠴᠦ ᠣᠷᠣᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠦᠨᠡᠨ ᠴᠢᠳᠠᠪᠦᠷᠢ ᠢ ᠢᠯᠡᠷᠡᠭᠦᠯᠵᠦ᠂ ᠪᠣᠳᠠᠲᠠᠢ ᠠᠳᠬᠤᠵᠤ ᠲᠦᠷᠭᠡᠨ ᠠᠵᠢᠯᠯᠠᠬᠤ ᠲᠠᠯ᠎ᠠ ᠪᠠᠷ ᠦᠷ᠎ᠡ ᠪᠦᠲᠦᠭᠡᠯ ᠭᠠᠷᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠵᠡᠢ᠃      ᠪᠥᠬᠦ ᠣᠷᠣᠨ ᠤ ᠪᠣᠬᠢᠷᠲᠤᠯ ᠦᠭᠡᠢ ᠪᠠᠷᠢᠯᠭ᠎ᠠ ᠶᠢ ︽ᠨᠣᠭᠤᠭᠠᠨ︾ ᠳᠠᠰᠢ ︽ᠰᠢᠨ᠎ᠡ︾ ᠳᠠᠰᠢ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠪᠠ᠃ ᠲᠤᠰ ᠲᠢᠩᠬᠢᠮ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠤᠯᠪᠣᠭᠳᠠᠯ ᠪᠦᠬᠦᠢ ᠬᠡᠷᠡᠭᠵᠢᠭᠦᠯᠬᠦ ᠲᠥᠰᠥᠯ ᠨᠡᠶᠢᠲᠡᠯᠡᠬᠦ ᠶᠢ ᠠᠬᠢᠭᠤᠯᠪᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠪᠠᠷᠢᠯᠭ᠎ᠠ ᠳᠠᠭᠤᠰᠤᠭᠰᠠᠨ ᠪᠣᠬᠢᠷᠲᠤᠯ ᠦᠭᠡᠢ ᠪᠠᠷᠢᠯᠭ᠎ᠠ ᠶᠢᠨ ᠲᠠᠯᠠᠪᠠᠶ 612.09 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠪᠡ᠃ ᠬᠥᠬᠡᠬᠤᠲᠠ ᠶᠢᠨ ︽ᠢᠳᠡᠪᠬᠢ ᠪᠤᠰᠤ ᠮᠠᠶ᠋ᠢᠭ ᠤᠨ ᠬᠡᠲᠦ ᠳᠣᠣᠷ᠎ᠠ ᠡᠨᠧᠷᠭᠢ ᠶᠢᠨ ᠬᠤᠷᠣᠭᠳᠠᠭᠤᠯᠤᠯ ᠤᠨ ᠣᠷᠣᠨ ᠰᠠᠭᠤᠴᠠ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠠ ᠦᠬᠠᠢ ᠬᠤᠲᠠ ᠶᠢᠨ ︽ᠨᠡᠭᠦᠷᠡᠰᠦᠲᠥ᠋ᠷᠥᠭᠴᠢ ᠦᠭᠡᠢ ᠢᠷᠡᠭᠡᠳᠦᠢ ᠶᠢᠨ ᠨᠡᠶᠢᠭᠡᠮ ᠲᠣᠭᠤᠷᠢᠭ︾ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠭᠦᠨᠵᠡᠭᠡᠢ ᠲᠦᠯᠬᠢᠨ ᠠᠬᠢᠭᠤᠯᠵᠤ᠂ ᠪᠥᠬᠦ ᠣᠷᠣᠨ ᠤ ᠪᠠᠷᠢᠯᠭ᠎ᠠ ᠶᠢᠨ ᠦᠢᠯᠡᠰ ᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠭᠯᠡᠯ ᠳᠠᠰᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠪᠡ᠃      ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠷᠢᠭᠤᠨ ᠴᠡᠪᠡᠷ ᠢᠶᠠᠷ ᠳᠤᠯᠠᠭᠠᠯᠠᠬᠤ ᠶᠢ ᠲᠦᠯᠬᠢᠨ ᠠᠬᠢᠭᠤᠯᠪᠠ᠃ ᠣᠳᠣᠬᠠᠨ ᠳᠤ᠂ ᠪᠥᠬᠦ ᠣᠷᠣᠨ ᠤ ᠬᠤᠲᠠ ᠪᠠᠯᠭᠠᠰᠤ ᠶᠢᠨ ᠲᠥᠪᠯᠡᠷᠡᠭᠦᠯᠦᠨ ᠢᠯᠴᠢ ᠬᠠᠩᠭᠠᠬᠤ ᠶᠡᠷᠦᠩᠬᠡᠢ ᠲᠠᠯᠠᠪᠠᠶ 9.8 ᠳ᠋ᠦᠩᠰᠢᠭᠤᠷ ᠲᠡᠭᠰᠢ ᠳᠥᠷᠪᠡᠯᠵᠢᠨ ᠮᠧᠲᠷ ᠲᠤ ᠬᠦᠷᠴᠦ᠂ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠢ ᠲᠣᠣᠷ 4.1 ᠲᠦᠮᠡᠨ ᠺᠢᠯᠣᠮᠧᠲᠷ ᠲᠤ ᠬᠦᠷᠴᠦ᠂ ᠬᠤᠲᠠ ᠪᠠᠯᠭᠠᠰᠤ ᠶᠢᠨ ᠴᠡᠪᠡᠷ ᠳᠤᠯᠠᠭᠠᠯᠠᠭ᠎ᠠ ᠶᠢᠨ ᠨᠣᠷᠮ᠎ᠠ 91% ᠳᠤ ᠬᠦᠷᠴᠡᠢ᠃ 2021᠂ 2022 ᠣᠨ ᠳᠤ᠂ ᠪᠤᠭᠤᠲᠤ ᠬᠤᠲᠠ᠂ ᠬᠥᠬᠡᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠤᠷᠢᠳ ᠬᠤᠵᠢᠳ ᠤᠮᠠᠷᠠᠲᠤ ᠣᠷᠣᠨ ᠤ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠲᠤᠷᠰᠢᠯᠲᠠ ᠶᠢᠨ ᠬᠤᠲᠠ ᠳᠤ ᠵᠢᠭᠰᠠᠭᠠᠭᠳᠠᠪᠠ᠃ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠤᠲᠠ ᠶᠢᠨ ᠪᠠᠶᠢᠭᠤᠯᠤᠭᠰᠠᠨ ᠲᠣᠭᠤᠷᠢᠭ ᠤᠨ 10 ᠲᠣᠨ ᠠᠭᠤᠷᠰᠢᠭᠤᠯᠬᠤ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠵᠤ ᠢᠯᠴᠢ ᠬᠠᠩᠭᠠᠬᠤ ᠭᠦᠸᠧᠯᠦ ᠶᠢ ᠨᠢᠭᠡᠨᠲᠡ ᠪᠦᠬᠦᠨ ᠢ ᠰᠢᠭᠰᠢᠭᠳᠡᠭᠦᠯᠵᠦ᠂ ᠬᠥᠬᠡᠬᠤᠲᠠ᠂ ᠪᠤᠭᠤᠲᠤ ᠬᠤᠲᠠ᠂ ᠦᠬᠠᠢ ᠬᠤᠲᠠ ᠶᠢᠨ ᠬᠤᠲᠠ ᠶᠢᠨ ᠪᠠᠶᠢᠭᠤᠯᠤᠭᠰᠠᠨ ᠲᠣᠭᠤᠷᠢᠭ ᠤᠨ 35 ᠲᠣᠨ ᠠᠭᠤᠷᠰᠢᠭᠤᠯᠬᠤ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠵᠤ ᠢᠯᠴᠢ ᠬᠠᠩᠭᠠᠬᠤ ᠭᠦᠸᠧᠯᠦ ᠶᠢ ᠨᠢᠭᠡᠨᠲᠡ ᠪᠦᠬᠦᠨ ᠢ ᠰᠢᠭᠰᠢᠭᠳᠡᠭᠦᠯᠪᠡ᠃ ᠬᠥᠬᠡᠬᠤᠲᠠ᠂ ᠪᠤᠭᠤᠲᠤ ᠬᠤᠳᠠ᠂ ᠦᠬᠠᠢ ᠬᠤᠳᠠ ᠬᠡᠮᠵᠢᠯᠳᠡ ᠪᠠᠷ ᠢᠯᠴᠢ ᠬᠠᠩᠭᠠᠬᠤ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠪᠡ᠃      ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠠᠮᠵᠢᠯᠴᠠᠨ ᠲᠦᠯᠬᠢᠨ ᠠᠬᠢᠭᠤᠯᠪᠠ᠃ ᠪᠥᠬᠦ ᠣᠷᠣᠨ ᠳᠤ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ 2022 ᠣᠨ ᠤ ᠡᠴᠦᠰ ᠪᠣᠯᠲᠠᠯ᠎ᠠ᠂ ᠬᠤᠲᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠬᠤᠭᠤᠯᠠᠢ ᠲᠣᠣᠷ ᠢ ᠨᠡᠶᠢᠲᠡ 1.23 ᠲᠦᠮᠡᠨ ᠺᠢᠯᠣᠮᠧᠲᠷ᠂ ᠳᠠᠬᠢᠯᠲᠠ ᠤᠰᠤᠨ ᠤ ᠬᠤᠭᠤᠯᠠᠢ ᠲᠣᠣᠷ ᠢ ᠨᠡᠶᠢᠲᠡ 3131 ᠺᠢᠯᠣᠮᠧᠲᠷ ᠪᠠᠶᠢᠭᠤᠯᠵᠤ ᠳᠠᠭᠤᠰᠬᠠᠪᠠ᠃ ᠪᠥᠬᠦ ᠣᠷᠣᠨ ᠤ 13 ᠵᠤᠷᠪᠤᠰ 23.46 ᠺᠢᠯᠣᠮᠧᠲᠷ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠬᠠᠷ᠎ᠠ ᠦᠮᠡᠬᠡᠢ ᠤᠰᠤᠨ ᠴᠣᠭᠴᠠ ᠶᠢ ᠤᠯᠤᠰ ᠤᠨ ᠵᠠᠰᠠᠬᠤ ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠵᠦ᠂ ᠬᠤᠲᠠ ᠶᠢᠨ ᠭᠤᠣᠯ ᠤᠨ ᠭᠤᠯᠳᠤᠷᠢᠯ ᠤᠨ ︽ᠪᠤᠵᠠᠷ᠂ ᠡᠷᠦᠢ ᠬᠤᠷᠤᠢ ᠦᠭᠡᠢ᠂ ᠪᠠᠷᠤᠭᠲᠠᠢ︾ ᠦᠵᠡᠭᠳᠡᠯ ᠢ ᠪᠦᠲᠦᠮᠵᠢᠲᠡᠶ ᠬᠤᠷᠢᠭᠯᠠᠵᠤ᠂ ᠤᠰᠤᠨ ᠤ ᠴᠢᠨᠠᠷ ᠢ ᠢᠯᠡᠳᠲᠡ ᠰᠠᠶᠢᠵᠢᠷᠠᠭᠤᠯᠪᠠ᠃      ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠨᠣᠭᠤᠭᠠᠷᠠᠭᠤᠯᠤᠯᠲᠠ ᠶᠢ ᠥᠷᠭᠡᠳᠬᠡᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠤᠲᠠ ᠬᠥᠳᠡᠭᠡ ᠶᠢᠨ ᠪᠣᠬᠢᠷᠲᠤᠯ ᠦᠭᠡᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠪᠡ᠃ 2022 ᠣᠨ ᠤ ᠰᠡᠭᠦᠯᠴᠢ ᠪᠣᠯᠲᠠᠯ᠎ᠠ᠂ ᠪᠥᠬᠦ ᠣᠷᠣᠨ ᠤ ᠬᠤᠲᠠ ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠤᠨ ᠨᠣᠭᠤᠭᠠᠨ ᠬᠥᠷᠥᠰᠥ ᠶᠢᠨ ᠨᠣᠷᠮ᠎ᠠ 38.96%᠂ ᠬᠥᠮᠥᠨ ᠳᠤᠮᠳᠠᠴᠢ ᠶᠢᠨ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠶ 19.47 ᠲᠡᠭᠰᠢ ᠳᠥᠷᠪᠡᠯᠵᠢᠨ ᠮᠧᠲᠷ  ᠲᠤ ᠬᠦᠷᠴᠦ᠂ ᠤᠯᠤᠰ ᠤᠨ ᠴᠡᠴᠡᠷᠯᠢᠭᠵᠢᠭᠦᠯᠦᠭᠰᠡᠨ ᠬᠤᠲᠠ 10᠂ ᠤᠯᠤᠰ ᠤᠨ ᠴᠡᠴᠡᠷᠯᠢᠭᠵᠢᠭᠦᠯᠦᠭᠰᠡᠨ ᠰᠢᠶᠠᠨ ᠤ ᠬᠤᠲᠠ 13᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠦᠯᠦᠭᠰᠡᠨ ᠬᠤᠲᠠ 18᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠦᠯᠦᠭᠰᠡᠨ ᠰᠢᠶᠠᠨ ᠤ ᠬᠤᠲᠠ 45᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠦᠯᠦᠭᠰᠡᠨ ᠬᠤᠲᠠ ᠪᠠᠯᠭᠠᠰᠤ 4 ᠶᠢ ᠡᠭᠦᠳᠦᠨ ᠪᠠᠶᠢᠭᠤᠯᠪᠠ᠃ ᠬᠤᠳᠠ ᠶᠢᠨ ︽ᠬᠠᠷᠮᠠᠨ ᠴᠡᠴᠡᠷᠯᠢᠭ︾ ᠪᠠ ᠨᠣᠭᠤᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ 2023 ᠣᠨ ᠳᠤ ᠬᠤᠳᠠ ᠶᠢᠨ ︽ᠬᠠᠷᠮᠠᠨ ᠴᠡᠴᠡᠷᠯᠢᠭ︾ ᠢ 150᠂ ᠬᠤᠳᠠ ᠶᠢᠨ ᠨᠣᠭᠤᠭᠠᠨ ᠵᠠᠮ ᠢ 120 ᠺᠢᠯᠣᠮᠧᠲᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ 131 ᠬᠤᠲᠠ ᠶᠢᠨ ︽ᠬᠠᠷᠮᠠᠨ ᠴᠡᠴᠡᠷᠯᠢᠭ︾ ᠢ ᠰᠢᠨ᠎ᠡ ᠪᠠᠷ ᠪᠠᠶᠢᠭᠤᠯᠬᠤ ᠠᠵᠢᠯ ᠢ ᠡᠬᠢᠯᠡᠭᠦᠯᠵᠦ᠂ 124.9 ᠺᠢᠯᠣᠮᠧᠲᠷ ᠬᠤᠲᠠ ᠶᠢᠨ ᠨᠣᠭᠤᠭᠠᠨ ᠵᠠᠮ ᠢ ᠰᠢᠨ᠎ᠡ ᠪᠠᠷ ᠪᠠᠶᠢᠭᠤᠯᠪᠠ᠃ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1