ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠢ ᠶᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/3
       ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠮᠥᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠳᠤᠮᠳᠠᠳᠤ ᠤᠯᠤᠰ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠦᠬᠦ ᠪᠠᠶᠢᠴᠠᠭᠠᠬᠤ ᠠᠵᠢᠯᠲᠠᠳ ᠢ ᠵᠣᠷᠢᠭᠵᠢᠭᠤᠯᠤᠨ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠤᠯᠠᠨ ᠲᠦᠮᠡᠨ ᠳᠤ ᠦᠢᠯᠡᠴᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠳᠤ ᠪᠡᠯᠡᠭ ᠬᠦᠷᠭᠡᠶ᠎ᠡ︕      ᠭᠤᠣᠯ ᠰᠡᠳᠦᠪᠲᠦ ᠨᠠᠮ ᠤᠨ ᠬᠢᠴᠢᠶᠡᠯ ᠣᠷᠣᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠶ᠎ᠠ      ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠴᠢᠶᠣᠤ ᠸᠠᠨ ᠯᠢᠩ ᠨᠠᠮ ᠤᠨ ᠬᠢᠴᠢᠶᠡᠯ ᠣᠷᠣᠵᠤ᠂ ᠲᠥᠷᠥ ᠶᠢᠨ ᠪᠣᠳᠣᠯᠭ᠎ᠠ ᠶᠢ ᠤᠬᠠᠭᠤᠯᠪᠠ      ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠡᠯ᠎ᠡ ᠵᠦᠢᠯ ᠤᠨ ᠠᠵᠢᠯ ᠢ ᠪᠦᠲᠦᠮᠵᠢᠲᠡᠶ ᠪᠠᠷ ᠪᠣᠳᠠᠲᠠᠢ ᠪᠥᠭᠡᠳ ᠨᠠᠷᠢᠯᠢᠭ ᠪᠥᠭᠡᠳ ᠪᠠᠲᠤ ᠪᠠᠬᠢ ᠬᠢᠵᠦ᠂ ᠪᠠᠶᠢᠴᠠᠭᠠᠬᠤ ᠠᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠭᠠᠴᠠᠭᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠠᠮᠲᠤ ᠪᠠᠷ ᠳᠠᠪᠰᠢᠭᠤᠯᠵᠤ᠂ ᠬᠠᠮᠲᠤ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ︽ᠶᠡᠭᠡ ᠨᠠᠮ ᠤᠨ ᠪᠠᠶᠢᠭᠤᠯᠤᠯᠲᠠ︾ ᠶᠢᠨ ᠠᠵᠢᠯ ᠤᠨ ᠰᠢᠨ᠎ᠡ ᠪᠠᠶᠢᠷᠢᠰᠢᠯ ᠢ ᠢᠳᠡᠪᠬᠢᠲᠡᠢ ᠪᠠᠷ ᠪᠤᠢ ᠪᠣᠯᠭᠠᠬᠤ ᠶᠢᠨ ᠲᠥᠯᠥᠭᠡ᠂  ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠪᠣᠯᠣᠨ ᠪᠧᠢ ᠲᠠᠢ ᠵᠢᠢ ᠭᠠᠴᠠᠭ᠎ᠠ ᠬᠠᠮᠲᠤ ᠪᠠᠷ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠰ︾ ᠤᠨ ᠠᠵᠢᠯᠯᠠᠭ᠎ᠠ ᠶᠢ ᠥᠷᠨᠢᠭᠦᠯᠪᠡ᠃      ᠲᠣᠭᠤᠷᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ ᠨᠠᠮ ᠤᠨ ᠬᠠᠶᠢᠷ᠎ᠠ ᠬᠠᠯᠠᠮᠵᠢ   ᠶᠢ ᠬᠦᠷᠭᠡᠵᠡᠢ      ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠴᠢᠶᠣᠤ ᠸᠠᠨ ᠯᠢᠩ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠲᠢᠶᠠᠨ ᠰᠢᠶᠣᠣ ᠹᠠᠩ ᠨᠠᠷ ᠡᠷᠦᠬᠡ ᠳᠤ ᠬᠦᠷᠴᠦ ᠨᠠᠮ ᠤᠨ ᠪᠠᠶᠢᠭᠤᠯᠤᠯᠲᠠ ᠶᠢᠨ ᠳᠠᠭᠠᠭᠠᠴᠢᠯᠠᠨ ᠬᠤᠯᠪᠣᠭᠠᠯᠠᠬᠤ ᠴᠡᠭ ︱ ᠪᠧᠢ ᠲᠠᠢ ᠵᠢᠢ ᠲᠣᠰᠬᠤᠨ ᠤ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ᠂ ᠭᠤᠣᠨᠢ ᠪᠡᠯᠪᠡᠰᠦᠨ ᠨᠠᠰᠤᠲᠠᠨ ᠢ ᠲᠣᠬᠤᠨᠢᠭᠤᠯᠵᠤ᠂ ᠲᠡᠳᠡᠨ ᠤ ᠪᠡᠶ᠎ᠡ ᠶᠢᠨ ᠪᠠᠶᠢᠳᠠᠯ ᠪᠣᠯᠣᠨ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠵᠣᠭᠤᠭ ᠳᠡᠯᠭᠡᠵᠦ᠂ ᠲᠠᠷᠢᠶᠠᠯᠠᠩ ᠤᠨ ᠶᠠᠪᠤᠳᠠᠯ ᠢ ᠶᠠᠷᠢᠯᠴᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠨᠠᠮ ᠤᠨ ᠭᠡᠰᠢᠭᠦᠨ ᠤᠯᠠᠨ ᠲᠦᠮᠡᠨ ᠤ ᠳᠡᠷᠭᠡᠳᠡ ᠬᠦᠷᠭᠡᠪᠡ᠃ ᠠᠬᠠᠮᠠᠳ ᠨᠠᠮ ᠤᠨ ᠭᠡᠰᠢᠭᠦᠨ ᠡᠪ ᠬᠠᠮᠲᠤ ᠨᠠᠮ ᠤᠨ ᠭᠡᠰᠢᠭᠦᠨ ᠤ ᠣᠣᠷ ᠴᠢᠨᠠᠷ ᠢᠶᠠᠨ ᠬᠠᠳᠠᠭᠠᠯᠠᠵᠤ᠂ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠬᠠᠪᠰᠤᠷᠤᠯᠭ᠎ᠠ ᠶᠢᠨ ᠳᠣᠣᠷ᠎ᠠ ᠤᠯᠠᠨ ᠲᠦᠮᠡᠨ ᠤ ᠪᠡᠶ᠎ᠡ ᠮᠠᠬᠠᠪᠤᠳ ᠢᠶᠠᠨ ᠰᠠᠶᠢᠬᠠᠨ ᠰᠤᠪᠢᠯᠠᠵᠤ᠂ ᠠᠮᠢᠳᠤᠷᠠᠯ ᠢᠶᠠᠨ ᠰᠠᠶᠢᠬᠠᠨ ᠠᠮᠢᠳᠤᠷᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1