ᠥᠪᠥᠷ ᠮᠣᠩᠭᠤᠯ ᠤᠨ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ ᠲᠣᠭᠲᠠᠬᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/7/3
       ᠰᠢᠨᠬᠤᠸᠠ ᠬᠤᠷᠢᠶᠠᠨ ᠤ ᠬᠡᠷᠡᠭᠯᠡᠭᠴᠢ ᠶᠢᠨ ᠦᠵᠦᠭᠦᠷ ᠤᠨ ᠬᠥᠬᠡᠬᠤᠲᠠ ᠶᠢᠨ 7ᠳ᠋ᠤᠭᠠᠷ ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠺᠠᠢ ᠶᠠᠨ︶ 7 ᠳ᠋ᠤᠭᠠᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ︽ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠤᠯ︾ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ ᠬᠥᠬᠡᠬᠤᠲᠠ ᠶᠢᠨ ᠲᠣᠭᠲᠠᠬᠤ ᠰᠢᠶᠠᠨ ᠳᠤ ᠡᠬᠢᠯᠡᠪᠡ᠃      ᠪᠦᠬᠦ ᠣᠷᠣᠨ ᠠᠴᠠ ᠲᠠᠯᠠᠪᠠᠢ ᠶᠢᠨ ᠪᠥᠵᠢᠭ ᠲᠤ ᠪᠠᠭ᠋ᠠᠲᠠᠢ ᠬᠥᠮᠥᠰ ᠤᠯᠠᠨ ᠶᠠᠩᠵᠤ ᠶᠢᠨ ᠬᠤᠪᠴᠠᠰᠤ ᠵᠠᠰᠠᠯ ᠢᠶᠠᠨ ᠡᠮᠦᠰᠴᠦ᠂ ᠭᠤᠶᠢᠳᠠ ᠰᠠᠶᠢᠬᠠᠨ ᠪᠥᠵᠢᠭ ᠤᠨ ᠳᠦᠷᠢ᠂ ᠪᠠᠶᠠᠷ ᠪᠠᠶᠠᠰᠬᠤᠯᠠᠩᠲᠤ ᠳᠠᠭᠤᠤ ᠶᠢᠨ ᠠᠶᠠᠰ ᠢᠶᠠᠷ ᠵᠠᠮ ᠤᠨ ᠬᠥᠮᠥᠰ ᠤᠨ ᠠᠩᠬᠠᠷᠤᠯ ᠢ ᠲᠠᠲᠠᠵᠤ᠂ ᠲᠤᠬᠠᠢ ᠶᠢᠨ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠲᠡᠯ᠎ᠡ ᠳᠠᠭᠤᠷᠢᠰᠤᠨ᠎ᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠤ ᠵᠣᠷᠢᠯᠭ᠎ᠠ  ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢᠨ ᠲᠥᠯᠥᠭᠡ ᠶᠤᠮ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1