ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠢᠷᠠᠭᠤ ᠠᠯᠳᠠᠷᠲᠤ ᠤᠯᠠᠮᠵᠢᠯᠠᠯ ᠢ ᠤᠯᠠᠮ | ᠴᠢᠨᠠᠭᠰᠢᠳᠠ ᠤᠯᠠᠮᠵᠢᠯᠠᠨ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ᠂ | ᠦᠨᠳᠦᠰᠦᠲᠡᠨ ᠤ ᠣᠮᠣᠭᠰᠢᠯᠲᠤ ᠰᠡᠳᠬᠢᠯᠭᠡ ᠪᠣᠯᠣᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠴᠢᠩᠭᠠᠳᠬᠠᠵᠤ᠂ | ᠬᠤᠪᠢᠰᠬᠠᠯ ᠤᠨ ᠤᠳᠤᠮᠰᠢᠯ ᠢ ᠦᠷᠭᠦᠯᠵᠢᠯᠡᠭᠦᠯᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 25 ᠤ ᠡᠳᠦᠷ ᠤᠨ | ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠨᠠᠮ ᠵᠠᠰᠠᠭ ᠤᠨ ᠪᠠᠶᠢᠭᠤᠯᠤᠯᠭ᠎ᠠ ᠶᠢᠨ ᠬᠡᠰᠡᠭ ᠺᠠᠳ᠋ᠷ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ | ᠰᠤᠷᠤᠭᠴᠢᠳ ᠤᠨ ᠲᠥᠯᠥᠭᠡᠯᠡᠭᠴᠢ ᠪᠣᠯᠣᠨ ᠰᠠᠭᠤᠭ᠎ᠠ ᠭᠠᠵᠠᠷ ᠤᠨ ᠣᠯᠠᠨ ᠲᠦᠮᠡᠨ ᠢ ᠵᠣᠬᠢᠶᠠᠨ ᠪᠠᠶᠢᠭᠤᠯᠵᠤ | ᠴᠡᠷᠢᠭ ᠤᠨ ᠬᠤᠸᠠᠷᠠᠨ ᠤ ᠠᠮᠢᠳᠤᠷᠠᠯ ᠢ ᠣᠶᠢᠯᠠᠭᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠢ ᠭᠥᠷᠳᠡᠵᠦ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠶᠢ ᠲᠦᠯᠬᠢᠨ ᠠᠬᠢᠭᠤᠯᠵᠤ᠂ ᠰᠢᠶᠠᠨ ᠳᠤ | ᠰᠠᠭᠤᠭ᠎ᠠ ᠨᠢᠭᠡᠨ ᠴᠡᠷᠢᠭ ᠠᠩᠭᠢ ᠶᠢᠨ ︽ᠨᠠᠮ ᠤᠨ ᠵᠢᠯᠣᠭᠤᠳᠤᠯᠭ᠎ᠠ ᠶᠢ ᠳᠠᠭᠠᠵᠤ᠂ ᠢᠯᠠᠭᠤᠭᠰᠠᠨ ᠳᠠᠶᠢᠨ ᠬᠢᠵᠦ | ᠴᠢᠳᠠᠬᠤ᠂ ᠰᠤᠷᠲᠠᠯ ᠰᠢᠯᠢᠳᠡᠭ ᠰᠠᠶᠢᠨ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠥᠴᠥᠬᠡᠨ ᠴᠦ ᠵᠠᠢ | ᠦᠭᠡᠢ ᠤᠶᠢᠯᠠᠭᠠᠭᠤᠯᠪᠠ᠃ | | | | | | | 2023 ᠣᠨ ᠠᠴᠠ ᠨᠠᠰᠢ᠂ ᠮᠠᠨ ᠤ ᠰᠢᠶᠠᠨ ︽ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 | ᠵᠢᠯ ᠤᠨ ᠣᠶ ᠶᠢ ᠳᠤᠷᠠᠰᠬᠠᠬᠤ︾ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠣᠯᠠᠨ ᠬᠡᠯᠪᠡᠷᠢ ᠶᠢᠨ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ | ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠰᠢᠶᠠᠨ ᠳᠤ ᠰᠠᠭᠤᠭ᠎ᠠ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢᠳ ᠵᠢᠭᠰᠠᠭᠠᠯ ᠤᠨ ᠪᠣᠯᠪᠠᠰᠤᠷᠠᠯ ᠪᠣᠯᠣᠨ ᠵᠢᠳᠠᠯᠠᠬᠤ ᠪᠣᠯᠪᠠᠰᠤᠷᠠᠯ ᠢ ᠳᠡᠯᠭᠡᠨ ᠦᠵᠡᠭᠦᠯᠵᠡᠢ᠃ | ᠳᠠᠷᠠᠭ᠎ᠠ ᠳᠤᠨᠢ᠂ ᠤᠯᠠᠨ ᠢᠶᠠᠷ ᠢᠶᠠᠨ ᠳᠠᠷᠤᠭ᠎ᠠ ᠪᠠᠶᠢᠯᠳᠤᠭᠴᠢᠳ ᠤᠨ ᠳᠠᠭᠠᠭᠤᠯᠭ᠎ᠠ ᠪᠠᠷ ᠳᠣᠲᠣᠭᠠᠳᠤ ᠶᠠᠪᠤᠳᠠᠯ ᠤᠨ | ᠪᠠᠶᠢᠭᠤᠯᠤᠯᠲᠠ᠂ ᠰᠤᠷᠤᠯᠴᠠᠯᠭ᠎ᠠ ᠶᠢᠨ ᠲᠠᠰᠤᠭ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠠᠰᠤᠭ᠂ | ᠬᠤᠭᠤᠯᠠᠨ ᠭᠡᠷ ᠵᠡᠷᠭᠡ ᠶᠢ ᠲᠣᠭᠤᠷᠢᠨ ᠦᠵᠡᠵᠦ᠂ ᠰᠢᠶᠠᠨ ᠳᠤ ᠰᠠᠭᠤᠭ᠎ᠠ ᠴᠡᠷᠢᠭ ᠠᠩᠭᠢ ᠶᠢᠨ ᠭᠡᠷᠡᠯ ᠰᠠᠴᠤᠷᠠᠩᠭᠤᠢ | ᠥᠩᠭᠡᠷᠡᠯᠲᠡ ᠶᠢ ᠭᠦᠨᠵᠡᠭᠡᠢ ᠣᠶᠢᠯᠠᠭᠠᠵᠤ᠂ ᠳᠠᠷᠤᠭ᠎ᠠ ᠪᠠᠶᠢᠯᠳᠤᠭᠴᠢᠳ ᠤᠨ ᠰᠢᠯᠢᠳᠡᠭ ᠰᠤᠷᠲᠠᠯ ᠢ ᠭᠦᠨᠵᠡᠭᠡᠢ | ᠣᠶᠢᠯᠠᠭᠠᠪᠠ᠃ ᠳᠠᠷᠤᠭ᠎ᠠ ᠪᠠᠶᠢᠯᠳᠤᠭᠴᠢᠳ ᠤᠨ ᠢᠯᠡᠷᠡᠯ ᠨᠢ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠪᠣᠯᠣᠨ | ᠪᠠᠭᠠᠴᠤᠳ ᠬᠡᠦᠬᠡᠳ ᠤᠨ ᠮᠠᠭᠲᠠᠭᠠᠯ ᠰᠠᠶᠢᠰᠢᠶᠠᠯ ᠢ ᠣᠯᠵᠤ᠂ ᠴᠡᠷᠢᠭ ᠢᠶᠠᠨ ᠬᠦᠷᠢᠶᠡᠯᠡᠬᠦ᠂ ᠴᠡᠷᠢᠭ ᠢᠶᠠᠨ ᠳᠡᠭᠡᠳᠦᠯᠡᠬᠦ | ᠂ ᠴᠡᠷᠢᠭ ᠢᠶᠠᠨ ᠬᠠᠶᠢᠷᠠᠯᠠᠬᠤ ᠠᠭᠤᠷ ᠠᠮᠢᠰᠬᠤᠯ ᠢ ᠤᠯᠠᠮ ᠴᠢᠨᠠᠭᠰᠢᠳᠠ ᠴᠢᠩᠭᠠᠳᠬᠠᠵᠠᠢ᠃ | | | | | | | | ᠲᠣᠰ ᠤᠳᠠᠭᠠᠨ ᠤ ︽ᠴᠡᠷᠢᠭ ᠤᠨ ᠬᠤᠸᠠᠷᠠᠨ ᠤ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠪᠠᠷ | ᠳᠠᠮᠵᠢᠭᠤᠯᠤᠨ᠂ ᠰᠢᠨ᠎ᠡ ᠴᠠᠭ ᠦᠶ᠎ᠡ ᠶᠢᠨ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠤᠨ ᠴᠤᠭ | ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠪᠠ ᠴᠡᠷᠢᠭ ᠤᠨ ᠶᠠᠪᠤᠳᠠᠯ ᠤᠨ ᠬᠡᠪ ᠴᠢᠨᠠᠷ ᠢ ᠭᠦᠢᠴᠡᠳ | ᠢᠯᠡᠷᠡᠭᠦᠯᠵᠦ᠂ ᠴᠡᠷᠢᠭ ᠠᠷᠠᠳ ᠤᠨ ᠵᠢᠭᠠᠰᠤ ᠤᠰᠤᠨ ᠤ ᠪᠠᠶᠢᠳᠠᠯ ᠢ ᠵᠣᠬᠢᠴᠠᠭᠤᠯᠤᠭᠰᠠᠨ ᠢᠶᠠᠷ ᠪᠠᠷᠠᠬᠤ ᠦᠭᠡᠢ ᠨᠠᠩ | ᠴᠤ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠦ᠂ ᠣᠯᠠᠨ ᠤ | ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠬᠠᠮᠠᠭᠠᠯᠠᠬᠤ ᠢᠷᠠᠭᠤ ᠠᠯᠳᠠᠷᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ | ᠬᠥᠭᠵᠢᠭᠡᠵᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |