ᠬᠠᠲᠤᠨ ᠭᠤᠣᠯ ᠠᠮᠤᠭᠤᠯᠠᠩ ᠪᠣᠯᠪᠠᠰᠤ ᠳᠡᠯᠡᠬᠡᠢ ᠳ᠋ᠠᠬᠢᠨ ᠲᠠᠶᠢᠪᠤᠩ ᠪᠣᠯᠣᠮᠤᠢ᠃ ᠬᠠᠲᠤᠨ ᠭᠤᠣᠯ ᠤᠨ | ᠪᠦᠬᠦ ᠣᠷᠳᠣ ᠨᠢ 5464 ᠺᠢᠯᠣᠮᠧᠲᠷ᠂ ᠰᠠᠪᠠ ᠭᠠᠵᠠᠷ ᠤᠨ ᠶᠡᠷᠦᠩᠬᠡᠢ ᠲᠠᠯᠠᠪᠠᠶ ᠨᠢ 79.5 ᠲᠦᠮᠡᠨ ᠲᠡᠭᠰᠢ | ᠳᠥᠷᠪᠡᠯᠵᠢᠨ ᠺᠢᠯᠣᠮᠧᠲᠷ ᠪᠠᠶᠢᠵᠤ᠂ ᠮᠠᠨ ᠤ ᠤᠯᠤᠰ ᠤᠨ ᠬᠤᠶᠠᠳᠤᠭᠠᠷ ᠶᠡᠭᠡ ᠭᠤᠣᠯ ᠪᠣᠯᠣᠨ᠎ᠠ᠃ ᠰᠦᠷ | ᠳᠠᠯᠠᠶᠢᠴᠠᠲᠠᠢ ᠬᠠᠲᠤᠨ ᠭᠤᠣᠯ ᠬᠥᠬᠡᠨᠠᠭᠤᠷ ᠲᠥᠪᠡᠳ ᠤᠨ ᠥᠨᠳᠦᠷᠯᠢᠭ ᠢᠶᠠᠷ ᠥᠩᠭᠡᠷᠡᠨ᠂ ᠥᠪᠥᠷ ᠮᠣᠩᠭᠤᠯ ᠤᠨ | ᠲᠣᠭᠲᠠᠬᠤ ᠰᠢᠶᠠᠨ ᠢᠶᠠᠷ 37.5 ᠺᠢᠯᠣᠮᠧᠲᠷ ᠤᠷᠤᠰᠤᠨ ᠥᠩᠭᠡᠷᠡᠵᠦ᠂ ᠵᠢᠯ ᠤᠨ ᠳᠤᠮᠳᠠᠴᠢ ᠤᠷᠤᠰᠬᠠᠯ ᠤᠨ | ᠬᠡᠮᠵᠢᠶ᠎ᠡ ᠨᠢ 31.54 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠲᠣᠭᠲᠠᠬᠤ ᠾᠧ ᠺᠸᠦ ᠡᠷᠲᠡᠨ ᠤ | ᠭᠠᠲᠤᠯᠤᠯᠲᠠ ᠳᠤ ︽几︾ ᠦᠰᠦᠭ ᠤᠨ ᠬᠡᠯᠪᠡᠷᠢ ᠪᠠᠷ ᠬᠠᠮᠤᠭ ᠶᠡᠭᠡ ᠮᠤᠷᠤᠶᠢᠬᠤ ᠶᠢ ᠢᠯᠡᠷᠡᠭᠦᠯᠦᠭᠰᠡᠨ ᠪᠥᠭᠡᠳ | ᠠᠳᠡ ᠳᠡᠭᠡᠳᠦ ᠤᠷᠤᠰᠬᠠᠯ᠂ ᠳᠤᠮᠳᠠᠳᠤ ᠤᠷᠤᠰᠬᠠᠯ ᠭᠡᠵᠦ ᠬᠤᠪᠢᠶᠠᠭᠳᠠᠨ᠂ ᠡᠮᠦᠨᠡᠰᠢ ᠳᠠᠪᠠᠯᠭᠠᠯᠠᠨ ᠱᠠᠨ ᠰᠢ | ᠱᠠᠨᠰᠢ ᠶᠢᠨ ᠶᠡᠭᠡ ᠬᠠᠪᠴᠢᠯ ᠳᠤ ᠣᠷᠣᠭᠰᠠᠨ ᠪᠠᠶᠢᠨ᠎ᠠ᠃ | ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠮᠥᠨ᠂ ᠰᠠᠪᠠ ᠭᠠᠵᠠᠷ ᠤᠨ ᠠᠵᠤ | ᠠᠬᠤᠢ᠂ ᠨᠡᠶᠢᠭᠡᠮ᠂ ᠠᠮᠢ ᠠᠬᠤᠢ ᠶᠢᠨ ᠬᠥᠭᠵᠢᠯᠲᠡ ᠶᠢᠨ ᠠᠮᠢᠨ ᠰᠤᠳᠠᠰᠤ ᠮᠥᠨ᠃ ᠣᠳᠣᠬᠠᠨ ᠳᠤ᠂ ︽ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ︾ ᠶᠢᠨ ᠪᠠᠶᠢᠯᠳᠤᠬᠤ ᠪᠣᠳᠣᠯᠭ᠎ᠠ ᠶᠢ ᠠᠯᠬᠤᠮ ᠠᠯᠬᠤᠮ ᠢᠶᠠᠷ ᠭᠦᠨᠵᠡᠭᠡᠢ ᠬᠡᠷᠡᠭᠵᠢᠭᠦᠯᠦᠭᠰᠡᠨ ᠨᠢ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠬᠠᠤᠯᠢ ᠪᠠᠷ | ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠪᠣᠯ ᠨᠢᠭᠡᠨ ᠴᠢᠬᠤᠯᠠ ᠶᠡᠭᠡ ᠪᠥᠭᠡᠳ | ᠪᠠᠴᠢᠮ ᠲᠤᠯᠭᠠᠮ ᠲᠡᠦᠬᠡᠲᠦ ᠡᠭᠦᠷᠭᠡ ᠮᠥᠨ᠃ ︽几︾ ᠦᠰᠦᠭᠲᠦ ᠪᠤᠯᠤᠩ ᠤᠨ ᠬᠠᠵᠠᠭᠤ ᠳᠠᠬᠢ ᠪᠠᠶᠢᠴᠠᠭᠠᠬᠤ | ᠪᠠᠶᠢᠭᠤᠯᠭ᠎ᠠ ᠪᠣᠯᠤᠭᠰᠠᠨ ᠤ ᠬᠤᠪᠢ ᠳᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠣᠶᠢᠷ᠎ᠠ ᠶᠢᠨ ᠵᠢᠯ ᠳᠤ ᠡᠯ᠎ᠡ | ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ | ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠂ ᠭᠤᠣᠯ ᠮᠥᠷᠡᠨ ᠤ ᠳᠠᠷᠤᠭ᠎ᠠ ᠨᠠᠭᠤᠷ ᠤᠨ ᠳᠠᠷᠤᠭ᠎ᠠ ᠶᠢᠨ ᠵᠣᠬᠢᠶᠠᠨ | ᠪᠠᠶᠢᠭᠤᠯᠵᠤ ᠤᠳᠤᠷᠢᠳᠬᠤ ᠬᠠᠷᠢᠭᠤᠴᠠᠯᠭ᠎ᠠ ᠶᠢ ᠴᠢᠩᠭᠠᠳᠬᠠᠵᠤ᠂ ︽ᠭᠤᠣᠯ ᠮᠥᠷᠡᠨ ᠤ ᠳᠠᠷᠤᠭ᠎ᠠ + ᠪᠠᠶᠢᠴᠠᠭᠠᠬᠤ | ᠳᠠᠷᠤᠭ᠎ᠠ︾ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠠᠷᠭ᠎ᠠ ᠬᠡᠯᠪᠡᠷᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠢ ᠬᠠᠮᠠᠭᠠᠯᠠᠬᠤ ᠬᠠᠤᠯᠢ | ︾ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠨᠡᠶᠢᠲᠡ ᠶᠢᠨ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠬᠠᠲᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠪᠤᠯᠭᠠᠪᠠ᠃ | ᠣᠶᠢᠷ᠎ᠠ ᠶᠢᠨ ᠵᠢᠯ ᠤᠳ ᠲᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠠᠲᠤᠨ ᠭᠤᠣᠯ ᠤᠨ ᠲᠠᠷᠢᠶᠠᠨ ᠡᠮ ᠳᠤ ᠬᠤᠯᠪᠣᠭᠳᠠᠭᠰᠠᠨ ᠤᠰᠤᠨ | ᠣᠷᠣᠨ ᠢ ᠪᠣᠬᠢᠷᠲᠤᠭᠤᠯᠤᠭᠰᠠᠨ᠂ ᠦᠬᠦᠭᠰᠡᠨ ᠮᠠᠯ ᠤᠨᠤᠭ᠎ᠠ ᠳᠤ ᠬᠤᠯᠪᠣᠭᠳᠠᠭᠰᠠᠨ ᠭᠤᠣᠯ ᠤᠨ ᠭᠤᠯᠳᠤᠷᠢᠯ ᠢ | ᠪᠣᠬᠢᠷᠲᠤᠭᠤᠯᠤᠭᠰᠠᠨ᠂ ᠭᠤᠣᠯ ᠤᠨ ᠳᠠᠷᠤᠭ᠎ᠠ ᠶᠢᠨ ᠬᠢᠭᠰᠡᠨ ᠨᠡᠶᠢᠲᠡ ᠶᠢᠨ ᠫᠠᠶᠢᠰᠠ ᠶᠢ ᠡᠪᠳᠡᠨ ᠰᠦᠢᠳᠬᠡᠭᠰᠡᠨ᠂ | ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠭᠰᠠᠨ ᠵᠡᠷᠭᠡ 20 ᠭᠠᠷᠤᠢ ᠬᠡᠷᠡᠭ ᠢ ᠰᠢᠢᠳᠪᠦᠷᠢᠯᠡᠵᠦ᠂ | ᠪᠠᠷᠤᠭ 70 ᠭᠠᠷᠤᠢ ᠲᠣᠨ ᠬᠤᠭ ᠨᠣᠪᠰᠢ ᠶᠢ ᠴᠡᠪᠡᠷᠯᠡᠵᠦ᠂ ᠪᠠᠷᠤᠭ 20 ᠺᠢᠯᠣᠮᠧᠲᠷ ᠭᠤᠣᠯ ᠤᠨ ᠭᠤᠯᠳᠤᠷᠢᠯ ᠢ | ᠴᠡᠪᠡᠷᠯᠡᠵᠡᠢ᠃ 2019 ᠣᠨ ᠳᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠬᠠᠲᠤᠨ ᠭᠤᠣᠯ ᠤᠨ ᠫᠥ᠋ ᠲᠠᠨ | ᠭᠤᠤ ᠶᠢᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠣᠯᠠᠨ ᠵᠢᠭᠠᠰᠤᠨ ᠴᠥᠭᠦᠷᠥᠮ᠂ | ᠲᠠᠷᠢᠶᠠᠴᠢᠨ ᠠᠶᠢᠯ ᠤᠨ ᠵᠤᠭᠠᠴᠠᠯ ᠤᠨ ᠢᠳᠡᠭᠡᠨ ᠤᠮᠳᠠᠭᠠᠨ ᠤ ᠨᠢᠭᠡᠴᠡ ᠳᠤ ᠪᠣᠬᠢᠷᠲᠤᠯ ᠢ ᠰᠡᠷᠭᠡᠶᠢᠯᠡᠬᠦ ᠠᠷᠭ᠎ᠠ | ᠬᠡᠮᠵᠢᠶ᠎ᠡ ᠠᠪᠤᠭᠰᠠᠨ ᠦᠭᠡᠢ ᠪᠠᠶᠢᠳᠠᠯ ᠳᠤ ᠴᠢᠭᠯᠡᠭᠦᠯᠦᠨ᠂ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ | ᠪᠣᠬᠢᠷᠲᠤᠭᠤᠯᠵᠤ ᠮᠡᠳᠡᠬᠦ ᠠᠰᠠᠭᠤᠳᠠᠯ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ ᠵᠠᠭᠠᠯᠳᠤᠬᠤ | ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠪᠠᠶᠢᠴᠠᠭᠠᠬᠤ ᠪᠠᠶᠢᠭᠤᠯᠤᠯᠭ᠎ᠠ ᠶᠢᠨ ᠦᠷᠭᠦᠯᠵᠢᠯᠡᠨ ᠮᠥᠷᠳᠡᠨ | ᠳᠠᠭᠠᠵᠤ ᠬᠢᠨᠠᠯᠲᠠ ᠲᠠᠯᠪᠢᠬᠤ ᠪᠠᠶᠢᠳᠠᠯ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠣᠬᠢᠷᠲᠤᠯ ᠢ | ᠰᠡᠷᠭᠡᠶᠢᠯᠡᠬᠦ ᠠᠷᠭ᠎ᠠ ᠬᠡᠮᠵᠢᠶ᠎ᠡ ᠤᠭᠰᠠᠷᠠᠭᠰᠠᠨ ᠦᠭᠡᠢ 6 ᠵᠢᠭᠠᠰᠤᠨ ᠴᠥᠭᠦᠷᠥᠮ ᠢ ᠪᠦᠬᠦᠨ ᠢ ᠬᠦᠴᠦᠨ ᠦᠭᠡᠢ | ᠪᠣᠯᠭᠠᠵᠤ᠂ 27 ︽ᠲᠠᠷᠢᠶᠠᠴᠢᠨ ᠠᠶᠢᠯ ᠤᠨ ᠵᠢᠭᠤᠯᠴᠢᠯᠠᠯ︾ ᠳᠤ ᠴᠥᠮ ᠪᠣᠬᠢᠷ ᠤᠰᠤ ᠬᠤᠷᠢᠶᠠᠨ ᠴᠤᠭᠯᠠᠭᠤᠯᠬᠤ | ᠲᠥᠬᠦᠭᠡᠷᠦᠮᠵᠢ ᠤᠭᠰᠠᠷᠠᠭᠰᠠᠨ ᠪᠠᠶᠢᠨ᠎ᠠ᠂ ᠲᠣᠰ ᠬᠡᠷᠡᠭ ᠨᠢ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠤᠯᠭ᠎ᠠ ᠶᠢᠨ | ︽ᠭᠠᠷ ᠬᠤᠯᠪᠣᠨ ᠳᠥᠷᠪᠡᠨ ᠰᠠᠮᠠᠭᠤᠨ ᠢ ᠠᠷᠢᠯᠭᠠᠵᠤ᠂ ᠡᠬᠡ ᠭᠤᠣᠯ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢᠨ | ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ | ᠡᠭᠦᠨ ᠠᠴᠠ ᠭᠠᠳᠠᠨ᠎ᠠ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠪᠠᠰᠠ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠪᠠᠶᠢᠭᠤᠯᠭ᠎ᠠ ᠲᠠᠢ ᠬᠠᠮᠲᠤᠷᠠᠨ ᠬᠠᠲᠤᠨ ᠭᠤᠣᠯ ᠢ ᠬᠠᠮᠠᠭᠠᠯᠠᠬᠤ ᠬᠠᠮᠵᠢᠯᠴᠠᠭᠠᠨ ᠤ ᠲᠣᠭᠲᠠᠴᠠ ᠳᠤ | ᠭᠠᠷ ᠤᠨ ᠦᠰᠦᠭ ᠵᠢᠷᠤᠵᠤ᠂ ᠡᠯ᠎ᠡ ᠭᠠᠵᠠᠷ ᠤᠨ ᠠᠵᠢᠯᠯᠠᠬᠤ ᠥᠷᠲᠡᠭᠡ ᠪᠠᠶᠢᠭᠤᠯᠤᠨ᠂ ᠣᠨᠣᠯ ᠤᠨ ᠰᠤᠳᠤᠯᠭᠠᠨ ᠢ | ᠥᠷᠨᠢᠭᠦᠯᠪᠡ ᠁ | 2022 ᠣᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠬᠠᠲᠤᠨ ᠭᠤᠣᠯ ᠤᠨ ︽几︾ ᠦᠰᠦᠭᠲᠦ ᠪᠤᠯᠤᠩ ᠤᠨ ᠬᠠᠮᠠᠭᠠᠯᠠᠯᠲᠠ ᠳᠤ ᠲᠡᠷᠡ ᠴᠢᠭ ᠢᠶᠠᠷ ᠨᠢ | ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠨᠢ ᠬᠥᠷᠰᠢ | ᠵᠡᠷᠭᠡᠯᠡᠳᠡᠭᠡ ᠭᠠᠵᠠᠷ ᠣᠷᠣᠨ ᠤ ᠵᠡᠭᠦᠨᠭᠠᠷ ᠬᠤᠰᠢᠭᠤᠨ ᠤ ᠪᠠᠶᠢᠴᠠᠭᠠᠬᠤ ᠬᠤᠷᠢᠶ᠎ᠠ᠂ ᠲᠦᠮᠡᠳ ᠪᠠᠷᠠᠭᠤᠨ | ᠬᠤᠰᠢᠭᠤᠨ ᠤ ᠪᠠᠶᠢᠴᠠᠭᠠᠬᠤ ᠬᠤᠷᠢᠶ᠎ᠠ᠂ ᠳ᠋ᠦᠩ ᠾᠧ ᠲᠣᠭᠤᠷᠢᠭ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ︽ | ᠬᠠᠲᠤᠨ ᠭᠤᠣᠯ ᠤᠨ ᠰᠠᠪᠠ ᠭᠠᠵᠠᠷ ᠤᠨ ᠣᠷᠣᠨ ᠪᠦᠰᠡ ᠠᠯᠤᠰᠯᠠᠭᠰᠠᠨ ᠠᠮᠢ ᠠᠬᠤᠢ ᠶᠢᠨ ᠣᠷᠴᠢᠨ ᠲᠣᠭᠤᠷᠢᠨ ᠪᠠ | ᠡᠬᠢ ᠪᠠᠶᠠᠯᠢᠭ ᠤᠨ ᠬᠠᠮᠠᠭᠠᠯᠠᠯᠲᠠ ᠶᠢᠨ ᠪᠠᠶᠢᠴᠠᠭᠠᠬᠤ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠲᠤᠬᠠᠢ ᠰᠠᠨᠠᠯ︾ ᠢ | ᠲᠣᠭᠲᠠᠭᠠᠪᠠ᠃ ᠬᠠᠲᠤᠨ ᠭᠤᠣᠯ ᠤᠨ ᠣᠷᠣᠨ ᠪᠦᠰᠡ ᠠᠯᠤᠰᠯᠠᠨ ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ᠂ | ᠲᠦᠮᠡᠳ ᠪᠠᠷᠠᠭᠤᠨ ᠬᠤᠰᠢᠭᠤᠨ ᠤ ᠪᠠᠶᠢᠴᠠᠭᠠᠬᠤ ᠬᠤᠷᠢᠶ᠎ᠠ᠂ ᠵᠡᠭᠦᠨᠭᠠᠷ ᠬᠤᠰᠢᠭᠤᠨ ᠤ ᠪᠠᠶᠢᠴᠠᠭᠠᠬᠤ ᠬᠤᠷᠢᠶ᠎ᠠ ᠯᠤᠭ᠎ᠠ | ᠬᠠᠲᠤᠨ ᠭᠤᠣᠯ ᠤᠨ ᠬᠠᠮᠠᠭᠠᠯᠠᠯᠲᠠ ᠶᠢᠨ ᠰᠢᠷᠢᠰ ᠤᠬᠠᠭᠤᠯᠭ᠎ᠠ ᠶᠢᠨ ᠠᠵᠢᠯᠯᠠᠭ᠎ᠠ᠂ ᠬᠠᠮᠲᠤᠷᠠᠨ ᠲᠣᠭᠤᠷᠢᠨ ᠴᠠᠭᠳᠠᠬᠤ | ᠠᠵᠢᠯᠯᠠᠭ᠎ᠠ ᠶᠢ ᠥᠷᠨᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠠᠮᠤᠷ ᠲᠦᠪᠰᠢᠨ ᠢ ᠬᠠᠮᠵᠢᠯᠴᠠᠨ | ᠠᠬᠢᠭᠤᠯᠪᠠ᠃ | 2023 ᠣᠨ ᠳᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠪᠣᠯᠣᠨ ᠰᠢᠶᠠᠨ ᠤ ᠭᠤᠣᠯ ᠮᠥᠷᠡᠨ ᠤ | ᠳᠠᠷᠤᠭ᠎ᠠ ᠶᠢᠨ ᠠᠯᠪᠠᠨ ᠭᠡᠷ ︽ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠬᠠᠪᠤᠷ ᠤᠨ | ᠤᠯᠠᠷᠢᠯ ᠤᠨ ᠠᠵᠢᠯᠯᠠᠭ᠎ᠠ ᠶᠢᠨ ᠲᠥᠰᠥᠯ︾ ᠢ ᠲᠣᠭᠲᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡ ᠶᠢ | ᠰᠠᠮᠠᠭᠤᠷᠠᠭᠤᠯᠬᠤ︾ ᠶᠢ ᠪᠠᠶᠢᠩᠭᠤᠵᠢᠭᠤᠯᠬᠤ ᠪᠠ ᠵᠢᠷᠤᠮᠵᠢᠭᠤᠯᠬᠤ ᠶᠢ ᠭᠦᠨᠵᠡᠭᠡᠢ ᠠᠬᠢᠭᠤᠯᠪᠠ︔ ᠴᠡᠭ ᠢᠶᠠᠷ | ᠨᠡᠶᠢᠳᠡᠮ ᠢ ᠳᠠᠶᠢᠴᠢᠯᠠᠨ ᠬᠠᠮᠲᠤᠪᠠᠷ ᠡᠳ᠋ᠯᠡᠵᠦ ᠬᠠᠮᠲᠤᠪᠠᠷ ᠵᠠᠰᠠᠬᠤ ᠶᠢ ᠠᠬᠢᠭᠤᠯᠵᠤ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠰᠣᠶᠣᠯ ᠤᠨ ᠬᠠᠮᠠᠭᠠᠯᠠᠯᠲᠠ ᠶᠢᠨ ᠠᠵᠢᠯ ᠤᠨ ᠲᠠᠰᠤᠭ ᠵᠢᠴᠢ ᠳᠥᠷᠪᠡᠨ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠥᠷᠲᠡᠭᠡ ᠶᠢ ᠪᠠᠶᠢᠭᠤᠯᠵᠤ᠂ 1 | ᠦᠷᠦᠭᠡ 4 ᠦᠷᠳᠡᠭᠡ ᠪᠠᠷ ᠳᠠᠮᠵᠢᠭᠤᠯᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠦᠢᠯᠡᠳᠦᠯ ᠢ | ᠪᠠᠳᠠᠷᠠᠭᠤᠯᠵᠤ᠂ ᠬᠤᠯᠪᠣᠭᠳᠠᠯ ᠪᠦᠬᠦᠢ ᠠᠵᠢᠯᠯᠠᠭᠠᠨ ᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ | ᠭᠤᠣᠯ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠪᠣᠯᠣᠨ ᠴᠡᠭᠴᠡᠯᠡᠨ ᠵᠠᠰᠠᠬᠤ | ᠬᠦᠴᠢᠷ ᠠᠰᠠᠭᠤᠳᠠᠯ ᠤᠨ ᠲᠣᠭᠤᠷᠢᠨ ᠳᠤ᠂ ᠭᠤᠣᠯ ᠨᠠᠭᠤᠷ ᠤᠨ ᠳᠠᠷᠤᠭ᠎ᠠ ᠶᠢ ᠬᠠᠪᠰᠤᠷᠤᠨ ᠬᠠᠮᠵᠢᠯᠴᠠᠵᠤ ᠪᠠᠶᠢᠭᠠᠳ | ᠠᠵᠢᠯ ᠢ ᠨᠢ ᠥᠷᠨᠢᠭᠦᠯᠵᠦ᠂ ᠰᠢᠶᠠᠨ ᠤ ᠬᠡᠪᠴᠢᠶ᠎ᠡ ᠪᠠᠷ ᠤᠷᠤᠰᠤᠨ ᠥᠩᠭᠡᠷᠡᠬᠦ ᠬᠠᠳᠤᠨ ᠭᠤᠣᠯ ᠤᠨ ᠬᠡᠰᠡᠭ ᠲᠤ | ᠬᠢᠨᠠᠨ ᠡᠵᠡᠮᠳᠡᠬᠦ ᠪᠠ ᠲᠣᠭᠤᠷᠢᠨ ᠪᠠᠶᠢᠴᠠᠭᠠᠬᠤ ᠶᠢ ᠪᠡᠶᠡᠯᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠪᠠᠳᠤᠯᠠᠪᠠ︔ ᠶᠡᠭᠡ ᠲᠠᠯ᠎ᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠠᠲᠤᠨ ᠭᠤᠣᠯ ᠤᠨ ᠰᠠᠶᠢᠷᠭᠠᠯ ᠤᠨ ᠣᠷᠣᠨ ᠢ ᠨᠡᠭᠦᠯᠭᠡᠨ | ᠪᠠᠶᠢᠭᠤᠯᠬᠤ ᠶᠢ ᠪᠠᠲᠤᠯᠠᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠰᠢᠶᠠᠨ ᠤ ᠨᠠᠮ ᠤᠨ ᠬᠤᠷᠢᠶ᠎ᠠ ᠶᠢᠨ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠠᠲᠤᠨ ᠭᠤᠣᠯ ᠤᠨ ᠰᠠᠶᠢᠷᠭᠠᠯ ᠤᠨ | ᠣᠷᠣᠨ ᠢ ᠨᠡᠭᠦᠯᠭᠡᠨ ᠪᠠᠶᠢᠭᠤᠯᠬᠤ ᠠᠵᠢᠯ ᠳᠤ ᠦᠢᠯᠡᠴᠢᠯᠡᠨ ᠪᠠᠲᠤᠯᠠᠵᠤ᠂ ᠢᠷᠭᠡᠨ ᠤ ᠬᠡᠷᠡᠭ᠂ ᠵᠠᠰᠠᠭ ᠵᠠᠬᠢᠷᠭᠠᠨ᠂ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠯ᠎ᠡ ᠵᠦᠢᠯ ᠤᠨ ᠪᠠᠶᠢᠴᠠᠭᠠᠬᠤ ᠡᠭᠦᠷᠭᠡ ᠴᠢᠳᠠᠪᠤᠷᠢ ᠶᠢ ᠭᠦᠢᠴᠡᠳ | ᠪᠠᠳᠠᠷᠠᠭᠤᠯᠤᠨ᠂ ᠬᠠᠲᠤᠨ ᠭᠤᠣᠯ ᠤᠨ ᠰᠠᠶᠢᠷᠭᠠᠯ ᠤᠨ ᠣᠷᠣᠨ ᠢ ᠨᠡᠭᠦᠯᠭᠡᠨ ᠪᠠᠶᠢᠭᠤᠯᠬᠤ ᠠᠵᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠪᠠ᠃ ᠣᠨᠣᠯ ᠤᠨ ᠰᠤᠳᠤᠯᠭᠠᠨ ᠢ ᠥᠷᠨᠢᠭᠦᠯᠵᠦ᠂ ᠥᠪᠥᠷ ᠮᠣᠩᠭᠤᠯ ᠤᠨ ᠡᠳ᠋ ᠤᠨ ᠵᠠᠰᠠᠭ | ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠲᠠᠢ ᠭᠠᠷ ᠬᠤᠯᠪᠣᠨ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠣᠶᠣᠯ ᠤᠨ ᠬᠠᠮᠠᠭᠠᠯᠠᠯᠲᠠ ᠶᠢᠨ ᠨᠡᠶᠢᠲᠡ ᠶᠢᠨ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠣᠨᠴᠠᠯᠢᠭᠲᠤ ᠰᠤᠳᠤᠯᠤᠯ ᠢᠶᠠᠷ ᠭᠠᠷᠳᠠᠨ ᠬᠢᠬᠦ ᠴᠡᠭ ᠪᠣᠯᠭᠠᠵᠤ᠂ | ︽几︾ ᠦᠰᠦᠭᠲᠦ ᠪᠤᠯᠤᠩ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ | ᠬᠢᠭᠡᠳ ᠵᠠᠰᠠᠯᠲᠠ ᠳᠤ ᠤᠨᠤᠯ ᠤᠨ ᠰᠤᠷᠤᠯᠴᠠᠯᠭ᠎ᠠ ᠬᠢᠭᠡᠳ ᠭᠦᠨᠵᠡᠭᠡᠢ ᠰᠤᠳᠤᠯᠤᠯᠲᠠ ᠬᠢᠵᠦ᠂ ᠤᠨᠤᠯ ᠬᠢᠭᠡᠳ | ᠪᠣᠳᠠᠲᠤ ᠠᠵᠢᠯ ᠤᠨ ᠲᠤᠬᠠᠢ ᠭᠦᠨᠵᠡᠭᠡᠢ ᠬᠠᠶᠢᠨ ᠰᠦᠪᠡᠭᠴᠢᠯᠡᠯᠲᠡ ᠪᠠᠷ ᠳᠠᠮᠵᠢᠭᠤᠯᠤᠨ᠂ ᠬᠠᠳᠤᠨ ᠭᠤᠣᠯ ᠤᠨ ︽几 | ︾ ᠦᠰᠦᠭᠲᠦ ᠪᠤᠯᠤᠩ ᠤᠨ ᠰᠠᠪᠠ ᠭᠠᠵᠠᠷ ᠤᠨ ᠠᠮᠢ ᠠᠬᠤᠢ ᠶᠢᠨ ᠵᠠᠰᠠᠯᠲᠠ ᠶᠢ ᠲᠦᠯᠬᠢᠨ ᠠᠬᠢᠭᠤᠯᠵᠤ᠂ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠬᠢᠨᠠᠯᠲᠠ ᠶᠢᠨ ᠣᠳᠣᠬᠢᠴᠢᠯᠠᠯᠲᠠ ᠬᠢᠭᠡᠳ ᠪᠠᠶᠢᠭᠠᠯᠢ ᠶᠢᠨ | ᠬᠠᠮᠠᠭᠠᠯᠠᠯᠲᠠ ᠶᠢᠨ ᠠᠭᠤᠰᠤᠯᠳᠤᠨ ᠰᠢᠨ᠎ᠡ ᠶᠢ ᠡᠭᠦᠳᠬᠦ ᠶᠢ ᠠᠬᠢᠭᠤᠯᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |