ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠣᠭᠠᠨ ᠤ ᠵᠡᠮᠳᠡᠭᠴᠦᠳ ᠤᠨ ᠦᠨᠡᠮᠯᠡᠯ ᠠᠪᠬᠤ ᠶᠠᠪᠤᠴᠠ ᠶᠢ ᠰᠢᠯᠢᠳᠡᠭᠵᠢᠭᠦᠯᠬᠦ ᠲᠤᠬᠠᠢ ᠠᠯᠪᠠᠨ ᠵᠠ᠊
ᠨᠡᠶᠢᠲᠡᠯᠡᠭᠰᠡᠨ ᠴᠠᠭ᠄
2023/7/4
       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠦᠢᠯᠡᠴᠢᠯᠡᠭᠡ ᠶᠢ ᠨᠠᠩ ᠢᠯᠡᠭᠦᠦ ᠳᠣᠲᠣᠨᠣ ᠪᠣᠯᠭᠠᠨ᠎ᠠ᠂ ᠰᠤᠳᠤᠯᠬᠤ ᠪᠠᠷ ᠳᠡᠮᠵᠢᠨ ᠲᠣᠭᠲᠠᠬᠤ ᠰᠢᠶᠠᠨ ᠤ ᠵᠡᠮᠳᠡᠭ ᠢ ᠦᠨᠡᠯᠡᠨ ᠲᠣᠭᠲᠠᠭᠠᠬᠤ᠂ ᠵᠡᠮᠳᠡᠭ ᠤᠨ ᠦᠨᠡᠮᠯᠡᠯ ᠢ ᠭᠦᠢᠴᠡᠳᠬᠡᠬᠦ ᠬᠠᠮᠢᠶ᠎ᠠ ᠪᠦᠬᠦᠢ ᠴᠤᠪᠤᠷᠠᠯ ᠳᠤ ᠰᠢᠯᠢᠳᠡᠭᠵᠢᠭᠦᠯᠦᠨ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠡᠳᠦᠭᠡ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠵᠡᠮᠳᠡᠭ ᠢ ᠦᠨᠡᠯᠡᠨ ᠲᠣᠭᠲᠠᠭᠠᠬᠤ ᠡᠮᠨᠡᠯᠭᠡ ᠶᠢᠨ ᠬᠤᠷᠢᠶ᠎ᠠ      ︵ᠨᠢᠭᠡ︶ ᠬᠠᠷᠠᠭ᠎ᠠ᠂ ᠮᠥᠴᠢ᠂ ᠣᠶᠤᠨ ᠤᠬᠠᠭᠠᠨ᠂ ᠦᠭᠡ ᠬᠡᠯᠡᠨ ᠤ ᠲᠥᠷᠥᠯ ᠤᠨ ᠵᠡᠮᠳᠡᠭ ᠢ ᠦᠨᠡᠯᠡᠨ ᠲᠣᠭᠲᠠᠭᠠᠬᠤ ᠡᠮᠨᠡᠯᠭᠡ ᠶᠢᠨ ᠬᠤᠷᠢᠶ᠎ᠠ᠄ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ᠃      ︵ᠬᠤᠶᠠᠷ︶ ᠰᠣᠨᠣᠷ ᠤᠨ ᠵᠡᠮᠳᠡᠭ ᠢ ᠦᠨᠡᠯᠡᠨ ᠲᠣᠭᠲᠠᠭᠠᠬᠤ ᠡᠮᠨᠡᠯᠭᠡ ᠶᠢᠨ ᠬᠤᠷᠢᠶ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠤᠶᠤ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ   ᠠᠴᠠ ᠣᠨᠣᠰᠢᠯᠠᠯᠲᠠ ᠶᠢᠨ ᠮᠡᠳᠡᠭᠦᠯᠦᠯᠲᠡ ᠭᠠᠷᠭᠠᠵᠤ᠂ ᠣᠨᠣᠰᠢᠯᠠᠯᠲᠠ ᠶᠢᠨ ᠮᠡᠳᠡᠭᠦᠯᠦᠯᠲᠡ ᠪᠠᠨ ᠠᠪᠴᠤ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠴᠢᠬᠢ ᠬᠠᠮᠠᠷ ᠬᠤᠭᠤᠯᠠᠢ ᠶᠢᠨ ᠰᠠᠯᠠᠭ᠎ᠠ ᠳᠤ ᠬᠦᠷᠴᠦ ᠲᠠᠰ ᠲᠣᠭᠲᠠᠭᠠᠨ᠎ᠠ᠃       ︵ᠭᠤᠷᠪᠠ︶ ᠮᠡᠳᠡᠷᠡᠯ ᠤᠨ ᠲᠥᠷᠥᠯ ᠤᠨ ᠵᠡᠮᠳᠡᠭ ᠢ ᠦᠨᠡᠯᠡᠨ ᠲᠣᠭᠲᠠᠭᠠᠬᠤ ᠡᠮᠨᠡᠯᠭᠡ ᠶᠢᠨ ᠬᠤᠷᠢᠶ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠡᠷᠡᠭᠦᠯ ᠬᠠᠮᠠᠭᠠᠯᠠᠯ ᠤᠨ ᠡᠮᠨᠡᠯᠭᠡ ᠶᠢᠨ ᠬᠤᠷᠢᠶ᠎ᠠ      ᠬᠤᠶᠠᠷ᠂ ᠵᠡᠮᠳᠡᠭ ᠢ ᠦᠨᠡᠯᠡᠨ ᠲᠣᠭᠲᠠᠭᠠᠬᠤ ᠵᠢᠴᠢ ᠦᠨᠡᠮᠯᠡᠯ ᠭᠦᠢᠴᠡᠳᠬᠡᠬᠦ ᠴᠤᠪᠤᠷᠠᠯ      ︵ᠨᠢᠭᠡ︶ ᠦᠨᠡᠮᠯᠡᠯ ᠭᠦᠢᠴᠡᠳᠬᠡᠬᠦ ᠨᠥᠬᠦᠴᠡᠯ᠄ ᠡᠮᠨᠡᠯᠭᠡ ᠶᠢᠨ ᠬᠤᠷᠢᠶ᠎ᠠ ᠶᠢᠨ ᠡᠮᠴᠢ ᠠᠴᠠ ᠭᠠᠷᠭᠠᠭᠰᠠᠨ ᠣᠨᠣᠰᠢᠯᠠᠯᠲᠠ ᠪᠠ ᠵᠡᠮᠳᠡᠭᠴᠦᠳ ᠢ ᠦᠨᠡᠯᠡᠬᠦ ᠰᠠᠨᠠᠭᠤᠯᠭ᠎ᠠ ᠶᠢ ᠦᠨᠡᠯᠡᠨ ᠲᠣᠭᠲᠠᠭᠠᠵᠤ᠂ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯᠲᠠᠨ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠠᠶ᠋ᠢ ᠵᠡᠮᠳᠡᠭᠴᠦᠳ ᠤᠨ ᠦᠨᠡᠮᠯᠡᠯ ᠢ ᠭᠦᠢᠴᠡᠳᠬᠡᠵᠦ ᠪᠣᠯᠣᠨ᠎ᠠ᠃       ︵ᠬᠤᠶᠠᠷ︶ ᠬᠡᠷᠡᠭᠰᠡᠬᠦ ᠮᠠᠲ᠋ᠧᠷᠢᠶᠠᠯ᠄ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ︵ᠵᠥᠪ ᠪᠤᠷᠤᠭᠤ ᠲᠠᠯ᠎ᠠ︶ ᠨᠢᠭᠡ ᠬᠤᠪᠢ᠂ ᠡᠷᠦᠬᠡ ᠠᠮᠠ ᠶᠢᠨ ᠲᠦᠷᠦᠭᠦᠸ ᠨᠢᠭᠤᠷ ᠵᠢᠴᠢ ᠭᠤᠶᠤᠴᠢᠯᠠᠭᠴᠢ ᠶᠢᠨ ᠲᠣᠰ ᠬᠥᠮᠥᠨ ᠤ ᠨᠢᠭᠤᠷ ᠤᠨ ᠬᠠᠭᠤᠯᠪᠤᠷᠢ ᠨᠢᠭᠡ ᠬᠤᠪᠢ᠂ ᠬᠤᠶᠠᠷ ᠢᠮᠠᠬᠤ ᠶᠢᠨ ᠴᠠᠭᠠᠨ ᠳᠡᠪᠢᠰᠬᠡᠷᠲᠦ ᠬᠡᠷᠡᠯ ᠵᠢᠷᠤᠭ 2 ᠬᠤᠪᠢ᠃       ︵ᠭᠤᠷᠪᠠ︶ ᠵᠡᠮᠳᠡᠭ ᠢ ᠦᠨᠡᠯᠡᠬᠦ ᠴᠠᠭ᠂ ᠭᠠᠵᠠᠷ ᠣᠷᠣᠨ᠄       ᠰᠣᠨᠣᠷ᠂ ᠣᠶᠣᠨ ᠮᠡᠳᠡᠷᠡᠯ ᠤᠨ ᠲᠥᠷᠥᠯ ᠤᠨ ᠵᠡᠮᠳᠡᠭ ᠢ ᠭᠠᠷᠭᠠᠪᠠᠯ᠂ ᠪᠤᠰᠤᠳ ᠢ ᠨᠢ ᠴᠥᠮ ᠰᠢᠶᠠᠨ ᠤ ᠡᠮᠨᠡᠯᠭᠡ ᠶᠢᠨ ᠬᠤᠷᠢᠶ᠎ᠠ ᠳᠤ ᠬᠦᠷᠴᠦ ᠰᠢᠶᠠᠨ ᠤ ᠡᠮᠨᠡᠯᠭᠡ ᠶᠢᠨ ᠬᠤᠷᠢᠶ᠎ᠠ ᠠᠴᠠ ᠡᠮᠴᠢ ᠪᠣᠯᠣᠨ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯᠲᠠᠨ ᠢ ᠵᠢᠭᠠᠨ ᠲᠣᠭᠲᠠᠭᠠᠵᠤ᠂ ᠲᠥᠪᠯᠡᠷᠡᠭᠦᠯᠦᠨ ᠬᠢᠨᠠᠨ ᠲᠣᠭᠲᠠᠭᠠᠨ᠎ᠠ᠃       ᠴᠠᠭ᠄ᠵᠤᠨ ᠤ ᠤᠯᠠᠷᠢᠯ ᠳᠤ ᠭᠠᠷᠠᠭ ᠪᠦᠷᠢ ᠶᠢᠨ ᠬᠤᠶᠠᠷ ᠤᠨ ᠦᠳᠡ ᠶᠢᠨ ᠬᠤᠶᠢᠨᠠᠬᠢ 15᠄ 00 ︱ 18᠄ 00᠂ᠡᠪᠦᠯ ᠤᠨ ᠤᠯᠠᠷᠢᠯ ᠤᠨ ᠭᠠᠷᠠᠭ ᠤᠨ ᠬᠤᠶᠠᠷ ᠤᠨ ᠦᠳᠡ ᠶᠢᠨ ᠬᠤᠶᠢᠨᠠᠬᠢ 14᠄ 30 ︱ 17᠄ 30᠂ᠪᠤᠰᠤᠳ ᠴᠠᠭ ᠲᠤ ᠬᠦᠯᠢᠶᠡᠨ ᠠᠪᠴᠤ ᠰᠢᠢᠳᠪᠦᠷᠢᠯᠡᠬᠦ ᠦᠭᠡᠢ᠃       ᠭᠠᠵᠠᠷ᠄      1᠂ ᠮᠥᠴᠢ ᠵᠡᠮᠳᠡᠭ᠄ ᠰᠢᠶᠠᠨ ᠤ ᠡᠮᠨᠡᠯᠭᠡ   ᠶᠢᠨ ᠬᠤᠷᠢᠶᠠᠨ ᠤ ᠳᠥᠷᠪᠡᠳᠦᠭᠡᠷ ᠳᠠᠪᠬᠤᠷᠯᠢᠭ ᠤᠨ ᠵᠡᠭᠦᠨ ᠬᠤᠷᠠᠯ ᠤᠨ ᠭᠡᠷ᠃       2᠂ ᠬᠠᠷᠠᠭ᠎ᠠ᠂ ᠣᠶᠤᠨ ᠤᠬᠠᠭᠠᠨ᠂ ᠦᠭᠡ ᠬᠡᠯᠡᠨ ᠤ ᠲᠥᠷᠥᠯ ᠤᠨ ᠵᠡᠮᠳᠡᠭ᠄ ᠬᠠᠷᠠᠭᠠᠯᠵᠠᠭᠰᠠᠨ ᠰᠠᠯᠠᠭ᠎ᠠ ᠲᠠᠰᠤᠭ᠃      ︵ᠳᠥᠷᠪᠡ︶ ᠦᠨᠡᠮᠯᠡᠯ ᠭᠦᠢᠴᠡᠳᠬᠡᠬᠦ ᠶᠠᠪᠤᠴᠠ᠄       1᠂ ᠦᠨᠡᠯᠡᠨ ᠲᠣᠭᠲᠠᠭᠠᠬᠤᠵᠤᠨ ᠤ ᠤᠯᠠᠷᠢᠯ ᠳᠤ ᠭᠠᠷᠠᠭ ᠪᠦᠷᠢ ᠶᠢᠨ ᠬᠤᠶᠠᠷ ᠤᠨ ᠦᠳᠡ ᠶᠢᠨ ᠬᠤᠶᠢᠨ᠎ᠠ 15:00-18:00ᠡᠪᠦᠯ ᠤᠨ ᠤᠯᠠᠷᠢᠯ ᠭᠠᠷᠠᠭ ᠤᠨ ᠬᠤᠶᠠᠷ ᠤᠨ ᠦᠳᠡ ᠶᠢᠨ ᠬᠤᠶᠢᠨᠠᠬᠢ 14᠄ 30 ︱ 17᠄ 30  ᠮᠥᠴᠢ ᠵᠡᠮᠳᠡᠭ᠄ ᠰᠢᠶᠠᠨ ᠤ ᠡᠮᠨᠡᠯᠭᠡ ᠶᠢᠨ ᠬᠤᠷᠢᠶ᠎ᠠ ᠳᠤ ᠡᠮᠴᠢ ᠶᠢᠨ ᠳ᠋ᠤᠭᠠᠷ ᠢ ᠰᠢᠯᠭᠠᠨ ᠲᠣᠭᠲᠠᠭᠠᠵᠤ᠂ ᠳ᠋ᠤᠭᠠᠷᠯᠠᠬᠤ ᠬᠠᠭᠤᠳᠠᠰᠤ ᠪᠠᠨ ᠠᠪᠴᠤ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠳᠥᠷᠪᠡᠳᠦᠭᠡᠷ ᠳᠠᠪᠬᠤᠷᠯᠢᠭ ᠤᠨ ᠵᠡᠭᠦᠨ ᠬᠤᠷᠠᠯ ᠤᠨ ᠭᠡᠷ ᠲᠤ ᠬᠦᠷᠴᠦ ᠬᠢᠨᠠᠨ ᠲᠣᠭᠲᠠᠭᠠᠯᠲᠠ ᠬᠢᠯᠭᠡᠪᠡᠯ᠂ ᠡᠮᠴᠢ ᠣᠨᠣᠰᠢᠯᠠᠯᠲᠠ ᠶᠢᠨ ᠪᠢᠴᠢᠭ ᠵᠢᠴᠢ ᠵᠡᠮᠳᠡᠭᠴᠦᠳ ᠢ ᠦᠨᠡᠯᠡᠬᠦ ᠰᠠᠨᠠᠭᠤᠯᠭ᠎ᠠ ᠭᠠᠷᠭᠠᠭᠰᠠᠨ ᠤ ᠲᠠᠷᠠᠭ᠎ᠠ᠂ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯᠲᠠᠨ ᠢ ᠡᠷᠢᠵᠦ ᠬᠢᠨᠠᠨ ᠬᠠᠷᠭᠤᠭᠤᠯᠤᠭᠤᠯᠤᠨ᠎ᠠ᠂ ᠬᠢᠨᠠᠨ ᠬᠠᠷᠭᠤᠭᠤᠯᠵᠤ ᠪᠠᠲᠤᠯᠠᠭᠰᠠᠨ ᠤ ᠲᠠᠷᠠᠭ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠭᠤᠶᠤᠴᠢᠯᠠᠬᠤ ᠬᠦᠰᠦᠨᠦᠭᠲᠦ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠢ ᠦᠨᠡᠯᠡᠬᠦ ᠬᠦᠰᠦᠨᠦᠭᠲᠦ︾ ᠶᠢ ᠠᠪᠬᠤ ᠶᠢᠨ ᠬᠠᠮᠲᠤ ᠠᠵᠢᠯᠲᠠᠨ ᠤ ᠵᠢᠯᠣᠭᠤᠳᠤᠯᠭ᠎ᠠ ᠳᠣᠣᠷ᠎ᠠ ᠲᠠᠭᠯᠠᠨ ᠪᠢᠴᠢᠵᠦ᠂ ᠡᠮᠴᠢ ᠪᠠᠷ ᠭᠠᠷ ᠤᠨ ᠦᠰᠦᠭ ᠵᠢᠷᠤᠭᠤᠯᠤᠭᠰᠠᠨ ᠤ ᠲᠠᠷᠠᠭ᠎ᠠ᠂ ᠲᠤᠬᠠᠢ ᠶᠢᠨ ᠲᠠᠯᠠᠪᠤᠷ ᠲᠤ ᠰᠢᠯᠭᠠᠨ ᠲᠣᠭᠲᠠᠭᠠᠬᠤ ᠶᠠᠪᠤᠴᠠ ᠳᠠᠭᠤᠰᠴᠤ᠂ ᠴᠠᠭᠠᠰᠤᠨ ᠮᠠᠲ᠋ᠧᠷᠢᠶᠠᠯ ᠢ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯᠲᠠᠨ ᠳᠤ ᠲᠤᠰᠢᠶᠠᠨ᠎ᠠ᠃       ᠬᠠᠷᠠᠭ᠎ᠠ᠂ ᠣᠶᠤᠨ ᠤᠬᠠᠭᠠᠨ᠂ ᠦᠭᠡ ᠬᠡᠯᠡᠨ ᠤ ᠲᠥᠷᠥᠯ ᠤᠨ ᠵᠡᠮᠳᠡᠭ᠄ ᠰᠢᠶᠠᠨ ᠤ ᠡᠮᠨᠡᠯᠭᠡ ᠶᠢᠨ ᠬᠤᠷᠢᠶ᠎ᠠ ᠳᠤ ᠡᠮᠴᠢ ᠶᠢᠨ ᠳ᠋ᠤᠭᠠᠷ ᠢ ᠰᠢᠯᠭᠠᠨ ᠲᠣᠭᠲᠠᠭᠠᠵᠤ᠂ ᠪᠠᠲᠤᠯᠠᠭ᠎ᠠ ᠶᠢᠨ ᠬᠠᠭᠤᠳᠠᠰᠤ ᠪᠠᠨ ᠠᠪᠴᠤ ᠵᠣᠬᠢᠬᠤ ᠰᠠᠯᠠᠭ᠎ᠠ ᠲᠠᠰᠤᠭ ᠲᠤ ᠬᠦᠷᠴᠦ ᠰᠢᠯᠭᠠᠨ ᠲᠣᠭᠲᠠᠭᠠᠬᠤ ᠳᠤ᠂ ᠡᠮᠴᠢ ᠣᠨᠣᠰᠢᠯᠠᠯᠲᠠ ᠶᠢᠨ ᠪᠢᠴᠢᠭ ᠵᠢᠴᠢ ᠵᠡᠮᠳᠡᠭᠴᠦᠳ ᠢ ᠦᠨᠡᠯᠡᠬᠦ ᠰᠠᠨᠠᠭᠤᠯᠭ᠎ᠠ ᠭᠠᠷᠭᠠᠭᠰᠠᠨ ᠤ ᠳᠠᠷᠠᠭ᠎ᠠ᠂  ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠳᠥᠷᠪᠡᠳᠦᠭᠡᠷ ᠳᠠᠪᠬᠤᠷᠯᠢᠭ ᠤᠨ ᠵᠡᠭᠦᠨ ᠬᠤᠷᠠᠯ ᠤᠨ ᠭᠡᠷ ᠲᠤ ᠬᠦᠷᠴᠦ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭᠠᠨ ᠤ ᠠᠵᠢᠯᠲᠠᠨ ᠢ ᠡᠷᠢᠵᠦ ᠬᠢᠨᠠᠭᠤᠯᠤᠨ᠎ᠠ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠢ ᠦᠨᠡᠯᠡᠨ ᠲᠣᠭᠲᠠᠭᠠᠬᠤ ᠬᠦᠰᠦᠨᠦᠭᠲᠦ︾ ᠶᠢ ᠠᠪᠬᠤ ᠶᠢᠨ ᠬᠠᠮᠲᠤ ᠠᠵᠢᠯᠲᠠᠨ ᠤ ᠵᠢᠯᠣᠭᠤᠳᠤᠯᠭ᠎ᠠ ᠳᠣᠣᠷ᠎ᠠ ᠲᠠᠭᠯᠠᠵᠤ ᠂ ᠡᠮᠴᠢ ᠪᠠᠷ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ ᠲᠤᠬᠠᠢ ᠶᠢᠨ ᠲᠠᠯᠠᠪᠤᠷ ᠤᠨ ᠦᠨᠡᠯᠡᠨ ᠲᠣᠭᠲᠠᠭᠠᠬᠤ ᠶᠠᠪᠤᠴᠠ ᠳᠠᠭᠤᠰᠴᠤ᠂ ᠴᠠᠭᠠᠰᠤᠨ ᠮᠠᠲ᠋ᠧᠷᠢᠶᠠᠯ ᠢ ᠰᠢᠶᠠᠨ ᠤ ᠵᠡᠮᠳᠡᠭᠴᠦᠳ ᠤᠨ ᠬᠤᠯᠪᠣᠭᠠᠨ ᠤ ᠠᠵᠢᠯᠲᠠᠨ ᠳᠤ ᠲᠤᠰᠢᠶᠠᠨ᠎ᠠ᠃      ᠰᠣᠨᠣᠷ ᠵᠡᠮᠳᠡᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠤᠶᠤ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠰᠢᠶᠠᠨ ᠤ ᠡᠮᠨᠡᠯᠭᠡ ᠶᠢᠨ ᠬᠤᠷᠢᠶᠠᠨ ᠳᠤ ᠬᠦᠷᠴᠦ ᠴᠢᠬᠢ ᠬᠠᠮᠠᠷ ᠬᠤᠭᠤᠯᠠᠢ ᠶᠢᠨ ᠰᠠᠯᠠᠭᠠᠨ ᠤ ᠳ᠋ᠤᠭᠠᠷ ᠢ ᠡᠯᠭᠦᠨ ᠰᠢᠯᠭᠠᠨ ᠲᠣᠭᠲᠠᠭᠠᠯᠲᠠ ᠬᠢᠯᠭᠡᠵᠦ᠂ ᠳᠠᠬᠢᠭᠠᠳ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠳᠥᠷᠪᠡᠳᠦᠭᠡᠷ ᠳᠠᠪᠬᠤᠷᠯᠢᠭ ᠤᠨ ᠵᠡᠭᠦᠨ ᠬᠤᠷᠠᠯ ᠤᠨ ᠭᠡᠷ ᠲᠤ ᠬᠦᠷᠴᠦ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭᠠᠨ ᠤ ᠠᠵᠢᠯᠲᠠᠨ ᠢ ᠡᠷᠢᠵᠦ ᠬᠢᠨᠠᠭᠤᠯᠤᠨ᠎ᠠ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠭᠤᠶᠤᠴᠢᠯᠠᠬᠤ ᠬᠦᠰᠦᠨᠦᠭᠲᠦ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠢ ᠦᠨᠡᠯᠡᠨ ᠲᠣᠭᠲᠠᠭᠠᠬᠤ ᠬᠦᠰᠦᠨᠦᠭᠲᠦ︾ ᠶᠢ ᠠᠪᠬᠤ ᠶᠢᠨ ᠬᠠᠮᠲᠤ ᠠᠵᠢᠯᠲᠠᠨ ᠤ ᠵᠢᠯᠣᠭᠤᠳᠤᠯᠭ᠎ᠠ ᠳᠣᠣᠷ᠎ᠠ ᠲᠠᠭᠯᠠᠵᠤ᠂ ᠡᠮᠴᠢ ᠪᠠᠷ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ ᠲᠤᠬᠠᠢ ᠶᠢᠨ ᠲᠠᠯᠠᠪᠤᠷ ᠤᠨ ᠦᠨᠡᠯᠡᠨ ᠲᠣᠭᠲᠠᠭᠠᠬᠤ ᠶᠠᠪᠤᠴᠠ ᠳᠠᠭᠤᠰᠴᠤ᠂ ᠴᠠᠭᠠᠰᠤᠨ ᠮᠠᠲ᠋ᠧᠷᠢᠶᠠᠯ ᠢ ᠰᠢᠶᠠᠨ ᠤ ᠵᠡᠮᠳᠡᠭᠴᠦᠳ ᠤᠨ ᠬᠤᠯᠪᠣᠭᠠᠨ ᠤ ᠠᠵᠢᠯᠲᠠᠨ ᠳᠤ ᠲᠤᠰᠢᠶᠠᠨ᠎ᠠ᠃      ᠣᠶᠤᠨ ᠮᠡᠳᠡᠷᠡᠯ ᠤᠨ ᠵᠡᠮᠳᠡᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠠᠴᠠ ᠦᠨᠡᠯᠡᠨ ᠲᠣᠭᠲᠠᠭᠠᠭᠰᠠᠨ ᠮᠠᠲ᠋ᠧᠷᠢᠶᠠᠯ ᠭᠠᠷᠭᠠᠵᠤ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠳᠥᠷᠪᠡᠳᠦᠭᠡᠷ ᠳᠠᠪᠬᠤᠷᠯᠢᠭ ᠤᠨ ᠵᠡᠭᠦᠨ ᠬᠤᠷᠠᠯ ᠤᠨ ᠭᠡᠷ ᠲᠤ ᠬᠦᠷᠴᠦ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯᠲᠠᠨ ᠢ ᠡᠷᠢᠵᠦ ᠬᠢᠨᠠᠨ ᠬᠠᠷᠭᠤᠭᠤᠯᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ︾ ᠶᠢ ᠠᠪᠬᠤ ᠶᠢᠨ ᠬᠠᠮᠲᠤ ᠠᠵᠢᠯᠲᠠᠨ ᠤ ᠵᠢᠯᠣᠭᠤᠳᠤᠯᠭ᠎ᠠ ᠳᠣᠣᠷ᠎ᠠ ᠲᠠᠭᠯᠠᠨ ᠪᠢᠴᠢᠵᠦ᠂ ᠴᠠᠭᠠᠰᠤᠨ ᠮᠠᠲ᠋ᠧᠷᠢᠶᠠᠯ ᠢ ᠰᠢᠶᠠᠨ ᠤ ᠵᠡᠮᠳᠡᠭᠴᠦᠳ ᠤᠨ ᠬᠤᠯᠪᠤᠭ᠎ᠠ ᠳᠤ ᠬᠦᠷᠭᠡᠨ᠎ᠡ᠃       2᠂ ᠢᠯᠡ ᠨᠡᠶᠢᠲᠡᠯᠡᠬᠦ       ᠭᠤᠶᠤᠴᠢᠯᠠᠭᠴᠢ ᠶᠢᠨ ᠦᠨᠡᠮᠯᠡᠯ ᠠᠪᠤᠭᠰᠠᠨ ᠬᠡᠰᠡᠭ ᠬᠠᠮᠢᠶ᠎ᠠ ᠪᠦᠬᠦᠢ ᠮᠡᠳᠡᠭᠡ ᠵᠠᠩᠭᠢ ᠶᠢ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠡᠳᠦᠷ᠂ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ 0471-8560553 ᠳᠤ ᠤᠲᠠᠰᠤᠳᠠᠵᠤ ᠬᠠᠷᠢᠭᠤ ᠲᠤᠰᠬᠠᠵᠤ ᠪᠣᠯᠣᠨ᠎ᠠ᠃       3᠂ ᠭᠡᠷᠡᠴᠢ ᠭᠠᠷᠭᠠᠬᠤ      ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠠᠴᠠ ᠣᠨᠳᠣᠣ ᠰᠠᠨᠠᠯ ᠦᠭᠡᠢ ᠭᠤᠶᠤᠴᠢᠯᠠᠯ ᠢ ᠰᠢᠰᠲ᠋ᠧᠮ ᠳᠤ ᠪᠢᠴᠢᠵᠦ ᠣᠷᠣᠭᠤᠯᠬᠤ ᠶᠢᠨ ᠬᠠᠮᠲᠤ ᠬᠢᠨᠠᠨ ᠬᠠᠷᠭᠤᠭᠤᠯᠵᠤ᠂ 10 ᠠᠵᠢᠯᠯᠠᠬᠤ ᠡᠳᠦᠷ ᠤᠨ ᠳᠣᠲᠣᠷ᠎ᠠ ᠵᠡᠮᠳᠡᠭᠴᠦᠳ ᠤᠨ ᠦᠨᠡᠮᠯᠡᠯ ᠵᠣᠬᠢᠶᠠᠵᠤ ᠣᠯᠭᠤᠨ᠎ᠠ᠃      ᠭᠤᠷᠪᠠ᠂ ᠭᠦᠢᠴᠡᠳᠬᠡᠭᠰᠡᠨ ᠡᠳᠦᠷ ᠬᠤᠭᠤᠴᠠᠭ᠎ᠠ      2023 ᠣᠨ ᠤ 7 ᠳ᠋ᠤᠭᠠᠷ ᠰᠠᠷ᠎ᠠ ᠶᠢᠨ 4 ᠤ ᠡᠳᠦᠷ ︵ᠭᠠᠷᠠᠭ ᠤᠨ ᠬᠤᠶᠠᠷ︶ ᠠᠴᠠ ᠡᠬᠢᠯᠡᠨ᠂ ᠭᠠᠷᠠᠭ ᠪᠦᠷᠢ ᠶᠢᠨ ᠬᠤᠶᠠᠷ ᠤᠨ ᠦᠳᠡ ᠶᠢᠨ ᠬᠤᠶᠢᠨᠠᠬᠢ 15᠄ 00 ︱ 18᠄ 00 ᠴᠠᠭ ᠲᠤ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠳᠥᠷᠪᠡᠳᠦᠭᠡᠷ ᠳᠠᠪᠬᠤᠷᠯᠢᠭ ᠤᠨ ᠵᠡᠭᠦᠨ ᠬᠤᠷᠠᠯ ᠤᠨ ᠭᠡᠷ ᠲᠤ ᠦᠨᠡᠮᠯᠡᠯ ᠭᠦᠢᠴᠡᠳᠬᠡᠬᠦ ᠤᠴᠢᠷ ᠶᠠᠪᠤᠳᠠᠯ ᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠨ᠎ᠡ᠃                    ᠡᠭᠦᠨ ᠤ ᠲᠤᠯᠠ ᠣᠨᠴᠣᠭᠤᠶᠢᠯᠠᠨ ᠵᠠᠷᠯᠠᠪᠠ︕               ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠤᠭ᠎ᠠ                             2023 ᠤᠨ ᠤ 5 ᠰᠠᠷ᠎ᠠ ᠶᠢᠨ 31 ᠤ ᠡᠳᠦᠷ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1