ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ | ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠴᠢᠬᠤᠯᠠ | ᠵᠢᠭᠠᠪᠤᠷᠢ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠪᠡᠶ᠎ᠡ ᠶᠢᠨ | ᠲᠠᠮᠢᠷ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠮᠠᠨ ᠤ ᠰᠢᠶᠠᠨ ᠤ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠪᠠ ᠺᠠᠳ᠋ᠷ ᠣᠯᠠᠨ ᠲᠦᠮᠡᠨ ᠤ ᠰᠠᠶᠢᠨ ᠰᠠᠶᠢᠬᠠᠨ ᠣᠶᠤᠨ | ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ | ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠥᠷᠭᠡᠨ ᠣᠯᠠᠨ ᠺᠠᠳ᠋ᠷ ᠠᠵᠢᠯᠲᠠᠨ | ᠠᠵᠢᠯᠴᠢᠨ ᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤᠮᠳᠠ ᠪᠠᠶᠠᠷ ᠴᠡᠩᠭᠡᠯ ᠡᠳ᠋ᠯᠡᠭᠦᠯᠵᠦ᠂ ᠪᠡᠶ᠎ᠡ ᠮᠠᠬᠠᠪᠤᠳ ᠢ | ᠴᠢᠭᠢᠷᠠᠭᠵᠢᠭᠤᠯᠤᠨ᠂ ᠡᠷᠴᠢ ᠵᠣᠷᠢᠭ ᠢ ᠨᠢ ᠳᠠᠪᠲᠠᠨ ᠪᠣᠯᠪᠠᠰᠤᠷᠠᠭᠤᠯᠵᠤ᠂ ᠠᠵᠢᠯ ᠤᠨ ᠬᠠᠯᠠᠭᠤᠨ ᠰᠡᠳᠬᠢᠯᠭᠡ ᠪᠠ | ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠨᠢ ᠬᠦᠭᠵᠢᠭᠡᠬᠦ ᠶᠢᠨ ᠲᠦᠯᠦᠭᠡ᠂ 7 ᠳ᠋ᠤᠭᠠᠷ ᠰᠠᠷ᠎ᠠ ᠶᠢᠨ 3 ᠤ | ᠡᠳᠦᠷ᠂ ᠲᠣᠭᠲᠠᠬᠤ ᠰᠢᠶᠠᠨ ᠤ 2023 ᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ | ᠲᠣᠭᠲᠠᠬᠤ ᠰᠢᠶᠠᠨ ᠤ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠵᠢᠢ ᠹᠧᠢ᠂ ᠸᠠᠩ ᠳ᠋ᠦᠩ ᠱᠧᠩ᠂ | ᠰᠦᠨ ᠰᠢᠶᠦ᠋ᠨ᠂ ᠸᠠᠩ ᠮᠢᠩ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ | ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ᠂ ᠰᠢᠶᠠᠨ ᠤ ᠳᠠᠷᠤᠭ᠎ᠠ ᠭᠤᠣ ᠵᠧᠩ ᠪᠠᠶᠠᠷ ᠤᠨ ᠦᠭᠡ ᠬᠡᠯᠡᠭᠰᠡᠨ ᠪᠥᠭᠡᠳ ᠲᠠᠮᠢᠷ ᠤᠨ ᠴᠤᠭᠯᠠᠭᠠᠨ | ᠡᠬᠢᠯᠡᠭᠰᠡᠨ ᠢ ᠵᠠᠷᠯᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ | ᠶᠢᠨ ᠬᠤᠷᠢᠶᠠᠨ ᠤ ᠱᠦᠵᠢ ᠲᠦᠮᠡᠨ ᠬᠤᠷᠠᠯ ᠡᠷᠭᠢᠯᠡᠪᠡ᠃ | ᠦᠳᠡ ᠶᠢᠨ ᠡᠮᠦᠨᠡᠬᠢ 8 ᠴᠠᠭ ᠲᠤ᠂ ︽ᠲᠠᠮᠢᠷᠴᠢᠳ ᠤᠨ ᠤᠷᠤᠭᠰᠢᠯᠠᠯᠲᠠ ᠶᠢᠨ ᠬᠥᠭᠵᠢᠮ︾ ᠤᠨ | ᠤᠷᠤᠭᠰᠢᠯᠠᠯᠲᠠ ᠶᠢᠨ ᠠᠶᠠᠰ ᠢ ᠳᠠᠭᠠᠯᠳᠤᠨ᠂ ᠡᠬᠢᠯᠡᠯᠲᠡ ᠶᠢᠨ ᠶᠣᠰᠣᠯᠠᠯ ᠵᠢᠩᠬᠢᠨᠢ ᠪᠠᠷ ᠡᠬᠢᠯᠡᠪᠡ᠃ ᠨᠢᠭᠡᠳᠦᠯᠲᠡᠢ | ᠬᠤᠪᠴᠠᠰᠤ ᠡᠮᠦᠰᠦᠭᠰᠡᠨ᠂ ᠰᠦᠷ ᠵᠢᠪᠬᠤᠭ᠎ᠠ ᠲᠠᠢ ᠤᠯᠤᠰ ᠤᠨ ᠲᠤᠭ ᠤᠨ ᠬᠠᠮᠠᠭᠠᠯᠠᠯᠲᠠ ᠶᠢᠨ ᠠᠩᠭᠢ ᠡᠩ | ᠲᠡᠷᠢᠭᠦᠨ ᠳᠤ ᠬᠤᠷᠠᠯ ᠤᠨ ᠲᠠᠯᠠᠪᠠᠶ ᠳᠤ ᠣᠷᠣᠵᠤ ᠢᠷᠡᠪᠡ᠃ ᠲᠡᠭᠦᠨ ᠤ ᠳᠠᠷᠠᠭᠠᠬᠢ ᠶᠢ ᠳᠠᠭᠠᠭᠰᠠᠨ ᠪᠡᠶ᠎ᠡ ᠶᠢᠨ | ᠲᠠᠮᠢᠷ ᠤᠨ ᠴᠤᠭᠯᠠᠭᠠᠨ ᠤ ᠰᠦᠯᠳᠡ᠂ ᠠᠵᠢᠯᠴᠢᠨ ᠤ ᠡᠪᠯᠡᠯ ᠤᠨ ᠰᠦᠯᠳᠡ᠂ ᠤᠷᠢᠶ᠎ᠠ ᠯᠣᠽᠦ᠋ᠩ ᠤᠨ ᠠᠩᠭᠢ᠂ | ᠬᠡᠩᠭᠡᠷᠭᠡ ᠶᠢᠨ ᠪᠦᠷᠢᠶᠡᠨ ᠤ ᠠᠩᠭᠢ᠂ ᠴᠡᠴᠡᠭ ᠤᠨ ᠪᠠᠭᠴᠠ ᠶᠢᠨ ᠠᠩᠭᠢ᠂ ᠥᠩᠭᠡᠲᠦ ᠲᠤᠭ ᠳᠠᠯᠪᠠᠭ᠎ᠠ ᠶᠢᠨ ᠠᠩᠭᠢ᠂ | ᠬᠢᠨᠠᠭᠴᠢ ᠶᠢᠨ ᠵᠢᠭᠰᠠᠭᠠᠯ ᠵᠢᠴᠢ 46 ᠲᠥᠯᠥᠭᠡᠯᠡᠭᠴᠢᠳ ᠤᠨ ᠠᠩᠭᠢ ᠶᠢᠨ ᠵᠢᠭᠰᠠᠭᠠᠯ ᠨᠢ ᠲᠤᠭᠴᠢ ᠶᠢᠨ | ᠳᠠᠭᠠᠭᠤᠯᠭ᠎ᠠ ᠪᠠᠷ ᠲᠡᠷᠢ ᠲᠡᠭᠰᠢ ᠮᠥᠷᠯᠡᠨ ᠵᠢᠭᠰᠠᠵᠤ᠂ ᠲᠡᠷᠢᠭᠦᠯᠡᠭᠴᠢ ᠶᠢᠨ ᠲᠠᠶᠢᠰᠠ ᠪᠠᠷ ᠳᠡᠰ ᠳᠠᠷᠠᠭ᠎ᠠ ᠲᠠᠢ ᠪᠠᠷ | ᠥᠩᠭᠡᠷᠡᠨ᠎ᠡ᠃ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠢᠳᠡᠷᠡᠭᠦᠨ ᠠᠯᠬᠤᠭ᠎ᠠ᠂ ᠬᠠᠩᠭᠢᠨᠠᠮ᠎ᠠ ᠤᠷᠢᠶ᠎ᠠ ᠨᠢ | ᠮᠠᠨ ᠤ ᠰᠢᠶᠠᠨ ᠤ ᠺᠠᠳ᠋ᠷ ᠠᠵᠢᠯᠲᠠᠨ ᠠᠵᠢᠯᠴᠢᠨ ᠤ ᠡᠷᠡᠭᠦᠯ ᠥᠭᠡᠳᠡᠷᠬᠡᠭ ᠪᠠᠶᠢᠬᠤ᠂ ᠪᠦᠯᠬᠦᠮᠳᠡᠨ ᠲᠠᠪᠰᠢᠬᠤ᠂ | ᠡᠷᠡᠯᠬᠡᠭᠯᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠵᠤ ᠪᠠᠶᠢᠨ᠎ᠠ᠃ | ᠪᠡᠶ᠎ᠡ ᠶᠢᠨ ᠲᠠᠮᠢᠷ ᠪᠣᠯ ᠤᠯᠤᠰ ᠣᠷᠣᠨ ᠤ ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ ᠤᠨ ᠬᠦᠰᠡᠯ | ᠵᠡᠭᠦᠳᠦ ᠶᠢ ᠠᠴᠢᠶᠠᠯᠠᠵᠤ ᠪᠠᠶᠢᠳᠠᠭ᠃ ᠣᠶᠢᠷ᠎ᠠ ᠶᠢᠨ ᠵᠢᠯ ᠠᠴᠠ᠂ ᠮᠠᠨ ᠤ ᠰᠢᠶᠠᠨ ᠤᠯᠠᠨ ᠲᠦᠮᠡᠨ ᠤ ᠪᠡᠶ᠎ᠡ ᠶᠢᠨ | ᠲᠠᠮᠢᠷ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ ᠶᠢ | ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠭᠤᠯᠭ᠎ᠠ ᠪᠠ ᠪᠦᠬᠦ | ᠰᠢᠶᠠᠨ ᠤ ᠠᠷᠠᠳ ᠲᠦᠮᠡᠨ ᠤ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ | ᠪᠣᠯᠭᠠᠬᠤ ᠶᠢ ᠪᠠᠷᠢᠮᠲᠠᠯᠠᠪᠠ᠃ ᠡᠨᠡ ᠵᠢᠯ ᠠᠴᠠ ᠨᠠᠰᠢ᠂ ᠮᠠᠨ ᠤ ᠰᠢᠶᠠᠨ ᠤᠷᠢᠳ ᠬᠤᠵᠢᠳ ︽ᠰᠢᠨ᠎ᠡ ᠵᠢᠯ ᠤᠨ ᠪᠠᠶᠠᠷ | ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ᠂ ᠮᠥᠰᠥ ᠴᠠᠰᠤᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ | ᠴᠤᠭᠯᠠᠭᠠᠨ᠂ ᠶᠠᠪᠠᠭᠠᠨ ᠬᠥᠳᠡᠯᠭᠡᠭᠡᠨ᠂ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠫᠢᠩᠫᠠᠩ ᠪᠥᠮᠪᠦᠭᠡ᠂ | ᠥᠳᠥᠨ ᠪᠥᠮᠪᠦᠭᠡ ᠶᠢᠨ ᠤᠷᠤᠯᠳᠤᠭᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠬᠤᠯᠪᠣᠭᠠᠲᠤ ᠤᠷᠤᠯᠳᠤᠭᠠᠨ ᠵᠡᠷᠭᠡ ᠰᠢᠷᠢᠰ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ | ᠮᠠᠨ ᠤ ᠰᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠥᠷᠨᠢᠭᠦᠯᠬᠦ ᠶᠢ | ᠲᠦᠯᠬᠢᠨ ᠠᠬᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ | ᠭᠤᠷᠪᠠᠨ ᠡᠳᠦᠷ ᠤᠨ ᠤᠷᠤᠯᠳᠤᠭᠠᠨ ᠶᠠᠪᠤᠭᠳᠠᠵᠤ᠂ ᠮᠠᠨ ᠤ ᠰᠢᠶᠠᠨ ᠤ ᠡᠯ᠎ᠡ ᠵᠠᠰᠠᠭ ᠵᠠᠬᠢᠷᠭ᠎ᠠ᠂ ᠠᠵᠤ | ᠠᠬᠤᠶᠢᠯᠠᠯ ᠠᠵᠢᠯ ᠦᠢᠯᠡᠰ ᠤᠨ 2000 ᠭᠠᠷᠤᠢ ᠲᠠᠮᠢᠷᠴᠢᠨ ᠬᠦᠨᠳᠦ ᠬᠥᠩᠭᠡᠨ ᠲᠠᠮᠢᠷ ᠤᠨ ᠤᠷᠤᠯᠳᠤᠭᠠᠨ ᠪᠠ | ᠬᠥᠩᠭᠡᠨ ᠲᠠᠮᠢᠷ ᠤᠨ ᠤᠷᠤᠯᠳᠤᠭᠠᠨ ᠤ ᠬᠤᠶᠠᠷ ᠶᠡᠭᠡ ᠲᠥᠷᠥᠯ᠂ 103 ᠪᠠᠭ᠎ᠠ ᠲᠥᠷᠥᠯ ᠤᠨ ᠤᠷᠤᠯᠳᠤᠭᠠᠨ | ᠶᠠᠪᠤᠭᠤᠯᠬᠤ ᠪᠣᠯᠣᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |