7 ᠳ᠋ᠤᠭᠠᠷ ᠰᠠᠷ᠎ᠠ ᠶᠢᠨ 2 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ︽ᠪᠠᠶᠠᠰᠬᠤᠯᠠᠩᠲᠤ ᠲᠠᠯ᠎ᠠ ᠨᠤᠲᠤᠭ · | ᠡᠷᠡᠭᠦᠯ ᠡᠩᠬᠡ ᠥᠪᠥᠷ ᠮᠣᠩᠭᠤᠯ︾ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ | ᠲᠠᠮᠢᠷ ᠤᠨ ᠴᠤᠭᠯᠠᠭᠠᠨ ᠦᠪᠡᠳᠡᠭᠰᠢ ᠶᠡᠭᠡ ᠪᠠᠷ ᠥᠨᠳᠥᠷᠯᠡᠪᠡ᠃ ᠲᠣᠰ ᠤᠳᠠᠭᠠᠨ ᠤ ᠬᠥᠬᠡᠬᠤᠲᠠ ᠶᠢᠨ 2 | ᠲᠥᠯᠥᠭᠡᠯᠡᠭᠴᠢᠳ ᠤᠨ ᠠᠩᠭᠢ ᠨᠢ ᠲᠣᠭᠲᠠᠬᠤ ᠰᠢᠶᠠᠨ ᠤ ᠤᠯᠠᠭᠠᠨᠮᠥ᠋ᠴᠢᠷ ᠪᠣᠯᠣᠨ ᠨᠡᠶᠢᠭᠡᠮ ᠤᠨ ᠡᠯ᠎ᠡ ᠡᠲᠡᠭᠡᠳ ᠤᠨ | ᠰᠢᠯᠢᠳᠡᠭ ᠲᠠᠯᠠᠪᠠᠶ ᠶᠢᠨ ᠪᠥᠵᠢᠭ ᠲᠤ ᠪᠠᠭ᠋ᠠᠲᠠᠢ ᠬᠥᠮᠥᠰ ᠢᠶᠠᠷ ᠪᠦᠷᠢᠯᠳᠦᠵᠦ᠂ ᠤᠷᠤᠯᠳᠤᠭᠠᠨ ᠳᠤ ᠨᠢᠭᠡ ᠠᠯᠲᠠᠨ | ᠮᠧᠳᠠᠯ ᠨᠢᠭᠡ ᠮᠥᠩᠭᠦᠨ ᠮᠧᠳᠠᠯ ᠬᠤᠶᠠᠷ ᠮᠧᠳᠠᠯ ᠣᠯᠪᠠ᠃ | ᠲᠣᠰ ᠤᠳᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ ᠳᠤ ᠪᠡᠶ᠎ᠡ ᠴᠢᠭᠢᠷᠠᠭᠵᠢᠭᠤᠯᠬᠤ ᠶᠠᠩᠭᠠᠷ ︵ | ᠬᠡᠩᠭᠡᠷᠭᠡ︶ ᠤᠨ ᠲᠣᠭᠲᠠᠭᠠᠭᠰᠠᠨ ᠴᠥᠷᠬᠡᠯᠡᠭᠡ᠂ ᠪᠡᠶ᠎ᠡ ᠴᠢᠭᠢᠷᠠᠭᠵᠢᠭᠤᠯᠬᠤ ᠪᠥᠵᠢᠭ ᠤᠨ ᠲᠣᠭᠲᠠᠭᠠᠭᠰᠠᠨ | ᠴᠥᠷᠬᠡᠯᠡᠭᠡ᠂ ᠪᠡᠶ᠎ᠡ ᠴᠢᠭᠢᠷᠠᠭᠵᠢᠭᠤᠯᠬᠤ ᠪᠥᠵᠢᠭ ᠤᠨ ᠥᠪᠡᠰᠦᠪᠡᠨ ᠰᠣᠩᠭᠤᠬᠤ ᠴᠥᠷᠬᠡᠯᠡᠭᠡ᠂ ᠪᠡᠶ᠎ᠡ | ᠴᠢᠭᠢᠷᠠᠭᠵᠢᠭᠤᠯᠬᠤ ᠶᠠᠩᠭᠠᠷ ︵ᠬᠡᠩᠭᠡᠷᠭᠡ︶ ᠤᠨ ᠥᠪᠡᠰᠦᠪᠡᠨ ᠰᠣᠩᠭᠤᠬᠤ ᠴᠥᠷᠬᠡᠯᠡᠭᠡ ᠵᠡᠷᠭᠡ 4 ᠬᠤᠪᠢᠶᠠᠷᠢ ᠵᠦᠢᠯ | ᠭᠠᠷᠭᠠᠵᠤ᠂ ᠪᠥᠬᠦ ᠣᠷᠣᠨ ᠤ 11 ᠠᠶᠢᠮᠠᠭ ᠬᠤᠲᠠ᠂ 18 ᠲᠥᠯᠥᠭᠡᠯᠡᠭᠴᠢᠳ ᠤᠨ ᠠᠩᠭᠢ᠂ 295 ᠬᠥᠮᠥᠨ | ᠤᠷᠤᠯᠳᠤᠭᠠᠨ ᠳᠤ ᠣᠷᠣᠯᠴᠠᠵᠠᠢ᠃ | ᠲᠣᠰ ᠤᠳᠠᠭᠠᠨ ᠤ ᠤᠷᠤᠯᠳᠤᠭᠠᠨ ᠳᠤ 2 ᠡᠳᠦᠷ ᠶᠠᠪᠤᠭᠳᠠᠵᠤ᠂ ᠲᠠᠯᠠᠪᠠᠶ ᠶᠢᠨ ᠪᠥᠵᠢᠭ ᠲᠤ ᠪᠠᠭ᠋ᠠᠲᠠᠢ 295 | ᠬᠥᠮᠥᠨ ᠣᠷᠣᠯᠴᠠᠵᠠᠢ᠃ ᠭᠤᠶᠢᠳᠠ ᠰᠠᠶᠢᠬᠠᠨ ᠥᠷᠢᠰᠦᠯᠳᠦᠭᠡᠨ ᠢᠶᠠᠷ ᠲᠠᠮᠵᠢᠨ᠂ ᠣᠷᠳᠣᠰ ᠬᠤᠳᠠ᠂ ᠬᠥᠬᠡᠬᠤᠲᠠ | ᠪᠣᠯᠣᠨ ᠪᠠᠶᠠᠨᠨᠠᠭᠤᠷ ᠬᠤᠳᠠ ᠶᠢᠨ ᠲᠥᠯᠥᠭᠡᠯᠡᠭᠴᠢᠳ ᠤᠨ ᠠᠩᠭᠢ ᠲᠤᠰ ᠲᠤᠰ ᠥᠪᠡᠷᠲᠡᠭᠡᠨ ᠵᠠᠰᠠᠬᠤ ᠣᠷᠣᠨ ᠤ | ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠯᠠᠨ ᠲᠦᠮᠡᠨ ᠤ ᠲᠦᠷᠦᠯ ᠵᠦᠢᠯ ᠤᠨ | ᠲᠠᠯᠠᠪᠠᠢ ᠶᠢᠨ ᠪᠥᠵᠢᠭ ᠤᠨ ᠤᠷᠤᠯᠳᠤᠭᠠᠨ ᠤ ᠪᠡᠶ᠎ᠡ ᠴᠢᠭᠢᠷᠠᠭᠵᠢᠭᠤᠯᠬᠤ ᠶᠠᠩᠭᠠᠷ ︵ᠬᠡᠩᠭᠡᠷᠭᠡ︶ ᠤᠨ ᠥᠪᠡᠷ ᠢᠶᠠᠨ | ᠰᠣᠩᠭᠤᠬᠤ ᠬᠦᠯᠢᠯ ᠤᠨ ᠠᠯᠳᠠ᠂ ᠮᠥᠩᠭᠦ᠂ ᠭᠠᠤᠯᠢᠨ ᠮᠧᠳᠠᠯ ᠢ ᠭᠠᠷᠳᠠᠵᠠᠢ︔ ᠬᠥᠬᠡᠬᠤᠲᠠ᠂ ᠣᠷᠳᠣᠰ ᠬᠤᠲᠠ | ᠪᠣᠯᠣᠨ ᠠᠯᠠᠱᠠ ᠠᠶᠢᠮᠠᠭ ᠤᠨ ᠲᠥᠯᠥᠭᠡᠯᠡᠭᠴᠢᠳ ᠤᠨ ᠠᠩᠭᠢ ᠲᠣᠰ ᠲᠣᠰ ᠪᠡᠶ᠎ᠡ ᠴᠢᠭᠢᠷᠠᠭᠵᠢᠭᠤᠯᠬᠤ ᠪᠥᠵᠢᠭ ᠤᠨ | ᠥᠪᠡᠰᠦᠪᠡᠨ ᠰᠣᠩᠭᠤᠬᠤ ᠴᠥᠷᠬᠡᠯᠡᠭᠡ ᠵᠠᠮ ᠤᠨ ᠲᠥᠷᠥᠯ ᠵᠦᠢᠯ ᠤᠨ ᠠᠯᠲᠠᠨ ᠮᠧᠳᠠᠯ᠂ ᠮᠥᠩᠭᠦᠨ ᠮᠧᠳᠠᠯ᠂ | ᠭᠠᠤᠯᠢᠨ ᠮᠧᠳᠠᠯ ᠢ ᠭᠠᠷᠳᠠᠪᠠ᠃ ᠤᠯᠠᠭᠠᠨᠴᠠᠪ ᠬᠤᠲᠠ᠂ ᠪᠤᠭᠤᠲᠤ ᠬᠤᠲᠠ ᠪᠠ ᠪᠠᠶᠠᠨᠨᠠᠭᠤᠷ ᠬᠤᠲᠠ ᠶᠢᠨ | ᠲᠥᠯᠥᠭᠡᠯᠡᠭᠴᠢᠳ ᠤᠨ ᠠᠩᠭᠢ ︽ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠤᠯ︾ ᠤᠨ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ | ᠲᠠᠮᠢᠷ ᠤᠨ ᠴᠤᠭᠯᠠᠭᠠᠨ ᠤ ᠪᠡᠶ᠎ᠡ ᠴᠢᠭᠢᠷᠠᠭᠵᠢᠭᠤᠯᠬᠤ ᠶᠠᠩᠭᠠᠷ ︵ᠬᠡᠩᠭᠡᠷᠭᠡ︶ ᠤᠨ ᠲᠣᠭᠲᠠᠭᠠᠭᠰᠠᠨ ᠴᠥᠷᠬᠡᠯᠡᠭᠡ | ᠵᠠᠮ ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ︔ ᠬᠥᠬᠡᠬᠤᠲᠠ᠂ ᠪᠤᠭᠤᠲᠤ ᠬᠤᠲᠠ ᠪᠣᠯᠣᠨ ᠲᠦᠩᠯᠢᠶᠣᠣ | ᠬᠤᠲᠠ ᠶᠢᠨ ᠲᠥᠯᠥᠭᠡᠯᠡᠭᠴᠢᠳ ᠤᠨ ᠠᠩᠭᠢ ᠪᠡᠶ᠎ᠡ ᠴᠢᠭᠢᠷᠠᠭᠵᠢᠭᠤᠯᠬᠤ ᠪᠥᠵᠢᠭ ᠤᠨ ᠲᠣᠭᠲᠠᠭᠰᠠᠨ ᠬᠦᠯᠢᠯ ᠤᠨ | ᠨᠢᠭᠡᠳᠦᠭᠡᠷ ᠳᠡᠰ ᠤᠨ ᠱᠠᠩᠨᠠᠯ ᠭᠥᠷᠳᠡᠪᠡ᠃ ᠲᠣᠰ ᠤᠳᠠᠭᠠᠨ ᠤ ᠤᠷᠤᠯᠳᠤᠭᠠᠨ ᠨᠢ ᠲᠠᠯᠠᠪᠠᠶ ᠶᠢᠨ ᠪᠥᠵᠢᠭ ᠲᠤ | ᠪᠠᠭ᠋ᠠᠲᠠᠢ ᠬᠥᠮᠥᠰ ᠤᠨ ᠦᠪᠡᠳᠡᠭᠰᠢ ᠴᠤᠭᠯᠠᠭᠠᠨ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠣᠮᠣ ᠲᠠᠪᠴᠠᠩ | ᠲᠡᠳᠦᠢ ᠪᠢᠰᠢ᠂ ᠨᠠᠩ ᠴᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠤᠨ ᠦᠪᠡᠳᠡᠭᠰᠢ | ᠴᠤᠭᠯᠠᠭᠠᠨ ᠪᠣᠯᠣᠨ᠎ᠠ᠃ ᠡᠨᠡᠬᠦ ᠲᠠᠪᠴᠠᠩ ᠢᠶᠠᠷ ᠳᠠᠮᠵᠢᠭᠤᠯᠤᠨ ᠲᠠᠯᠠᠪᠠᠶ ᠶᠢᠨ ᠪᠥᠵᠢᠭ ᠤᠨ ᠰᠣᠶᠣᠯ ᠢ ᠨᠡᠩ | ᠰᠠᠶᠢᠨ ᠤᠯᠠᠮᠵᠢᠯᠠᠨ ᠬᠥᠭᠵᠢᠭᠦᠯᠵᠦ᠂ ᠥᠷᠭᠡᠨ ᠣᠯᠠᠨ ᠲᠦᠮᠡᠨ ᠤ ᠪᠦᠬᠦ ᠠᠷᠠᠳ ᠤᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠤᠬᠠᠮᠰᠠᠷ ᠪᠣᠯᠣᠨ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠦᠭᠰᠡᠨ ᠪᠥᠭᠡᠳ ᠪᠡᠶ᠎ᠡ | ᠴᠢᠭᠢᠷᠠᠭᠵᠢᠭᠤᠯᠬᠤ ᠬᠠᠮᠲᠤᠯᠢᠭ ᠤᠨ ᠣᠶᠤᠨ ᠰᠠᠨᠠᠭᠠᠨ ᠤ ᠰᠠᠶᠢᠨ ᠰᠠᠶᠢᠬᠠᠨ ᠳᠦᠷᠰᠦ ᠪᠠᠶᠢᠳᠠᠯ ᠢ ᠥᠷᠭᠡᠨ ᠣᠯᠠᠨ | ᠲᠦᠮᠡᠨ ᠳᠤ ᠦᠨᠡᠨᠬᠦ ᠮᠡᠳᠡᠷᠡᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ᠂ ᠡᠷᠡᠭᠦᠯ ᠡᠩᠬᠡ ᠥᠪᠥᠷ | ᠮᠣᠩᠭᠤᠯ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠭᠰᠡᠨ | ᠪᠠᠶᠢᠨ᠎ᠠ᠃ | ᠲᠣᠰ ᠤᠳᠠᠭ᠎ᠠ ᠲᠣᠭᠲᠠᠬᠤ ᠰᠢᠶᠠᠨ ᠤ ᠬᠤᠶᠠᠷ ᠲᠥᠯᠥᠭᠡᠯᠡᠭᠴᠢᠳ ᠤᠨ ᠠᠩᠭᠢ ᠬᠥᠬᠡᠬᠤᠲᠠ ᠶᠢ ᠲᠥᠯᠥᠭᠡᠯᠡᠨ | ᠨᠢᠭᠡ ᠠᠯᠲᠠᠨ ᠮᠧᠳᠠᠯ ᠨᠢᠭᠡ ᠮᠥᠩᠭᠦᠨ ᠮᠧᠳᠠᠯ ᠬᠤᠶᠠᠷ ᠮᠧᠳᠠᠯ ᠣᠯᠵᠤ᠂ ᠲᠣᠭᠲᠠᠬᠤ ᠰᠢᠶᠠᠨ ᠤ ᠣᠯᠠᠨ ᠲᠦᠮᠡᠨ ᠤ | ᠡᠷᠡᠭᠦᠯ ᠴᠢᠭᠢᠷᠠᠭ᠂ ᠪᠣᠯᠪᠠᠰᠤᠨ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ | ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠳᠡᠯᠭᠡᠨ ᠦᠵᠡᠭᠦᠯᠵᠦ᠂ ᠪᠥᠬᠦ ᠠᠷᠠᠳ ᠤᠨ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠬᠤ ᠠᠭᠤᠷ ᠠᠮᠢᠰᠬᠤᠯ ᠢ ᠲᠤᠶᠢᠯ ᠤᠨ ᠰᠠᠶᠢᠨ ᠪᠣᠶ ᠪᠣᠯᠭᠠᠵᠤ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠦᠭᠰᠡᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ ᠲᠣᠭᠲᠠᠬᠤ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠴᠤ ᠪᠦᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠤᠯᠠᠨ ᠶᠠᠩᠵᠤ ᠶᠢᠨ ᠤᠯᠠᠨ | ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠨᠡᠩ ᠤᠯᠠᠨ ᠤᠯᠠᠨ ᠲᠦᠮᠡᠨ ᠢ | ᠳᠠᠶᠢᠴᠢᠯᠠᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠣᠷᠣᠯᠴᠠᠭᠤᠯᠵᠤ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠰ ᠲᠤ ᠥᠩᠭᠡ ᠭᠡᠷᠡᠯ ᠨᠡᠮᠡᠷᠢᠯᠡᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |