ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠰᠢᠶᠠᠨ ᠤ ᠡᠮᠨᠡᠯᠭᠡ ᠶᠢᠨ ᠬᠤᠷᠢᠶᠠᠨ ᠳᠤ ᠵᠡᠮᠳᠡᠭᠴᠦᠳ ᠤᠨ ᠦᠨᠡᠮᠯᠡᠯ ᠢ ᠲᠥᠪᠯᠡᠷᠡᠭᠦᠯᠦᠨ ᠭᠦᠢᠴᠡᠳᠬᠡᠪᠡ
ᠨᠡᠶᠢᠲᠡᠯᠡᠭᠰᠡᠨ ᠴᠠᠭ᠄
2023/7/7
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 4 ᠤ ᠡᠳᠦᠷ᠂ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠰᠢᠶᠠᠨ ᠤ ᠡᠮᠨᠡᠯᠭᠡ ᠶᠢᠨ ᠬᠤᠷᠢᠶ᠎ᠠ ᠳᠤ ︽ᠵᠡᠮᠳᠡᠭᠴᠦᠳ ᠤᠨ ᠦᠨᠡᠮᠯᠡᠯ︾ ᠢ ᠲᠥᠪᠯᠡᠷᠡᠭᠦᠯᠦᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠥᠷᠨᠢᠭᠦᠯᠪᠡ᠃      ᠰᠢᠶᠠᠨ ᠤ ᠡᠮᠨᠡᠯᠭᠡ ᠶᠢᠨ ᠬᠤᠷᠢᠶ᠎ᠠ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠵᠡᠮᠳᠡᠭᠴᠦᠳ ᠤᠨ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠮᠥᠷᠯᠡᠬᠦ ᠴᠠᠭ ᠢ ᠪᠠᠭᠠᠰᠬᠠᠵᠤ᠂ ᠡᠮᠨᠡᠯᠭᠡ ᠶᠢᠨ ᠬᠤᠷᠢᠶᠠᠨ ᠤ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠡᠮᠴᠢ ᠠᠴᠠ ᠵᠡᠮᠳᠡᠭ ᠢ ᠦᠨᠡᠯᠡᠨ ᠲᠣᠭᠲᠠᠭᠠᠵᠤ᠂ ᠰᠢᠶᠠᠨ ᠤ ᠵᠡᠮᠳᠡᠭᠴᠦᠳ ᠤᠨ ᠬᠤᠯᠪᠤᠭ᠎ᠠ ᠶᠢᠨ ᠠᠵᠢᠯᠲᠠᠨ ᠬᠤᠯᠪᠣᠭᠳᠠᠯ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢᠨ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠢ ᠦᠨᠡᠯᠡᠨ ᠲᠣᠭᠲᠠᠭᠠᠬᠤ ᠬᠦᠰᠦᠨᠦᠭᠲᠦ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠭᠤᠶᠤᠴᠢᠯᠠᠬᠤ ᠬᠦᠰᠦᠨᠦᠭᠲᠦ︾ ᠶᠢ ᠲᠠᠭᠯᠠᠵᠤ᠂ ᠭᠠᠷ ᠭᠦᠢᠴᠡᠳᠬᠡᠯ ᠪᠦᠷᠢᠨ ᠪᠣᠯᠤᠭᠰᠠᠨ ᠤ ᠳᠠᠷᠠᠭ᠎ᠠ ᠵᠡᠮᠳᠡᠭᠴᠦᠳ ᠲᠤ ᠭᠡᠷᠡᠴᠢ ᠠᠪᠬᠤ ᠴᠠᠭ ᠢ ᠮᠡᠳᠡᠭᠳᠡᠨ᠎ᠡ᠃       ᠡᠨᠡᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠢ ᠦᠢᠯᠡᠴᠢᠯᠡᠭᠡ ᠶᠢ ᠨᠡᠩ ᠳᠣᠲᠣᠨᠣ ᠪᠣᠯᠭᠠᠵᠤ᠂ ᠵᠡᠮᠳᠡᠭᠴᠦᠳ ᠢ ᠳᠤᠲᠠᠭᠤ ᠭᠦᠶᠦᠯᠭᠡᠵᠦ᠂ ᠵᠡᠮᠳᠡᠭᠴᠦᠳ ᠤᠨ︽ᠵᠣᠯ ᠵᠢᠷᠭᠠᠯ ᠤᠨ ᠲᠥᠷᠥᠭᠳᠡᠯ︾ ᠢ ᠶᠡᠬᠡᠪᠡᠷ ᠨᠡᠮᠡᠭᠳᠡᠭᠦᠯᠵᠦ᠂ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃01ᠦᠨᠡᠮᠯᠡᠯ ᠠᠪᠬᠤ ᠨᠥᠬᠦᠴᠡᠯ᠄ ᠡᠮᠨᠡᠯᠭᠡ ᠶᠢᠨ ᠬᠤᠷᠢᠶ᠎ᠠ ᠶᠢᠨ ᠡᠮᠴᠢ ᠠᠴᠠ ᠭᠠᠷᠭᠠᠭᠰᠠᠨ ᠣᠨᠣᠰᠢᠯᠠᠯᠲᠠ ᠪᠠ ᠵᠡᠮᠳᠡᠭᠴᠦᠳ ᠢ ᠦᠨᠡᠯᠡᠬᠦ ᠰᠠᠨᠠᠭᠤᠯᠭ᠎ᠠ ᠶᠢ ᠦᠨᠡᠯᠡᠨ ᠲᠣᠭᠲᠠᠭᠠᠵᠤ᠂ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯᠲᠠᠨ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠠᠶ᠋ᠢ ᠵᠡᠮᠳᠡᠭᠴᠦᠳ ᠤᠨ ᠦᠨᠡᠮᠯᠡᠯ ᠠᠪᠴᠤ ᠪᠣᠯᠣᠨ᠎ᠠ᠃02ᠬᠡᠷᠡᠭᠰᠡᠬᠦ ᠮᠠᠲ᠋ᠧᠷᠢᠶᠠᠯ᠄ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ︵ᠵᠥᠪ ᠪᠤᠷᠤᠭᠤ ᠲᠠᠯ᠎ᠠ︶ ᠨᠢᠭᠡ ᠬᠤᠪᠢ᠂ ᠡᠷᠦᠬᠡ ᠠᠮᠠ ᠶᠢᠨ ᠲᠦᠷᠦᠭᠦᠸ ᠨᠢᠭᠤᠷ ᠵᠢᠴᠢ ᠭᠤᠶᠤᠴᠢᠯᠠᠭᠴᠢ ᠶᠢᠨ ᠲᠣᠰ ᠬᠥᠮᠥᠨ ᠤ ᠨᠢᠭᠤᠷ ᠤᠨ ᠬᠠᠭᠤᠯᠪᠤᠷᠢ ᠨᠢᠭᠡ ᠬᠤᠪᠢ᠂ ᠬᠤᠶᠠᠷ ᠢᠮᠠᠬᠤ ᠶᠢᠨ ᠴᠠᠭᠠᠨ ᠳᠡᠪᠢᠰᠬᠡᠷᠲᠦ ᠬᠡᠷᠡᠯ ᠵᠢᠷᠤᠭ 2 ᠬᠤᠪᠢ ︵ᠥᠪᠡᠷ ᠢᠶᠠᠨ ᠪᠡᠯᠡᠳᠬᠡᠨ᠎ᠡ︶᠃03ᠵᠡᠮᠳᠡᠭ ᠢ ᠦᠨᠡᠯᠡᠬᠦ ᠴᠠᠭ᠂ ᠭᠠᠵᠠᠷ᠄ ᠰᠣᠨᠣᠷ᠂ ᠣᠶᠣᠨ ᠮᠡᠳᠡᠷᠡᠯ ᠤᠨ ᠲᠥᠷᠥᠯ ᠤᠨ ᠵᠡᠮᠳᠡᠭ ᠢ ᠭᠠᠷᠭᠠᠪᠠᠯ᠂ ᠪᠤᠰᠤᠳ ᠢ ᠨᠢ ᠴᠥᠮ ᠰᠢᠶᠠᠨ ᠤ ᠡᠮᠨᠡᠯᠭᠡ ᠶᠢᠨ ᠬᠤᠷᠢᠶ᠎ᠠ ᠳᠤ ᠬᠦᠷᠴᠦ ᠰᠢᠶᠠᠨ ᠤ ᠡᠮᠨᠡᠯᠭᠡ ᠶᠢᠨ ᠬᠤᠷᠢᠶ᠎ᠠ ᠠᠴᠠ ᠡᠮᠴᠢ ᠪᠣᠯᠣᠨ ᠰᠢᠶᠠᠨ ᠤ ᠵᠡᠮᠳᠡᠭᠴᠦᠳ ᠤᠨ ᠬᠤᠯᠪᠤᠭ᠎ᠠ ᠶᠢᠨ ᠠᠵᠢᠯᠲᠠᠨ ᠢ ᠵᠢᠭᠠᠨ ᠲᠣᠭᠲᠠᠭᠠᠵᠤ᠂ ᠲᠥᠪᠯᠡᠷᠡᠭᠦᠯᠦᠨ ᠬᠢᠨᠠᠨ ᠲᠣᠭᠲᠠᠭᠠᠨ᠎ᠠ᠃ᠴᠠᠭ᠄ ᠵᠣᠨ ᠤ ᠤᠯᠠᠷᠢᠯ ᠤᠨ ᠭᠠᠷᠠᠭ ᠪᠦᠷᠢ ᠶᠢᠨ ᠬᠤᠶᠠᠷ ᠤᠨ ᠦᠳᠡ ᠶᠢᠨ ᠬᠤᠶᠢᠨᠠᠬᠢ 15᠄ 00 ︱ 18᠄ 00 ᠂ ᠡᠪᠦᠯ ᠤᠨ ᠤᠯᠠᠷᠢᠯ ᠤᠨ ᠭᠠᠷᠠᠭ ᠪᠦᠷᠢ ᠶᠢᠨ ᠬᠤᠶᠠᠷ ᠤᠨ ᠦᠳᠡ ᠶᠢᠨ ᠬᠤᠶᠢᠨᠠᠬᠢ 14᠄ 30 ︱ 17᠄ 30᠂ ᠪᠤᠰᠤᠳ ᠴᠠᠭ ᠲᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃ᠭᠠᠵᠠᠷ᠄ 1᠂ ᠮᠥᠴᠢ ᠵᠡᠮᠳᠡᠭ᠄ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠳᠥᠷᠪᠡᠳᠦᠭᠡᠷ ᠳᠠᠪᠬᠤᠷᠯᠢᠭ ᠤᠨ ᠵᠡᠭᠦᠨ ᠬᠤᠷᠠᠯ ᠤᠨ ᠭᠡᠷ᠃ 2᠂ ᠬᠠᠷᠠᠭ᠎ᠠ᠂ ᠣᠶᠤᠨ ᠤᠬᠠᠭᠠᠨ᠂ ᠦᠭᠡ ᠬᠡᠯᠡᠨ ᠤ ᠲᠥᠷᠥᠯ ᠤᠨ ᠵᠡᠮᠳᠡᠭ᠄ ᠬᠠᠷᠠᠭᠠᠯᠵᠠᠭᠰᠠᠨ ᠰᠠᠯᠠᠭ᠎ᠠ ᠲᠠᠰᠤᠭ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1