ᠪᠡᠭᠡᠵᠢᠩ ᠤᠨ ᠱᠢ ᠵᠢᠢ ᠲᠠᠨ ᠡᠮᠨᠡᠯᠭᠡ ᠶᠢᠨ ᠬᠤᠷᠢᠶᠠᠨ ᠤ ᠬᠤᠪᠢᠷᠠᠮᠠᠯ ᠤᠷᠪᠠᠯ ᠤᠨ ᠲᠤᠰᠬᠠᠢ ᠮᠡᠷᠭᠡᠵᠢᠯᠲᠡᠨ ᠲᠣᠭᠲᠠᠬᠤ ᠰᠢᠶᠠᠨ ᠳᠤ ᠢᠷᠡᠵᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/7
      7 ᠳ᠋ᠤᠭᠠᠷ ᠰᠠᠷ᠎ᠠ ᠶᠢᠨ 6 ᠤ ᠡᠳᠦᠷ᠂ ᠪᠡᠭᠡᠵᠢᠩ ᠤᠨ ᠱᠢ  ᠵᠢᠢ ᠲᠠᠨ ᠡᠮᠨᠡᠯᠭᠡ ᠶᠢᠨ ᠬᠤᠷᠢᠶ᠎ᠠ ᠶᠢᠨ ᠬᠤᠪᠢᠷᠠᠮᠠᠯ ᠤᠷᠪᠠᠯ ᠤᠨ ᠲᠥᠪ ᠤᠨ ᠡᠷᠬᠢᠯᠡᠭᠴᠢ ᠸᠠᠩ ᠰᠢᠤᠸᠠᠢ ᠶᠠᠨ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠲᠤᠰᠬᠠᠢ ᠮᠡᠷᠭᠡᠵᠢᠯᠲᠡᠨ ᠢ ᠳᠠᠭᠠᠭᠤᠯᠤᠨ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠳᠤ ᠬᠦᠷᠴᠦ᠂ ᠮᠠᠨ ᠤ ᠰᠢᠶᠠᠨ ᠤ ᠣᠯᠠᠨ ᠲᠦᠮᠡᠨ ᠳᠤ ᠬᠤᠪᠢᠷᠠᠮᠠᠯ ᠤᠷᠪᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠪᠠ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃      ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠬᠥᠮᠥᠰ ᠳᠦᠭᠦᠷᠴᠦ᠂ ᠲᠤᠰᠬᠠᠢ ᠮᠡᠷᠭᠡᠵᠢᠯᠲᠡᠨ ᠨᠠᠷ ᠭᠠᠵᠢᠮᠠᠯ ᠬᠠᠷᠰᠢᠮᠠᠲᠠᠭᠠᠢ ᠲᠤᠰᠬᠠᠯ ᠤᠨ ᠲᠠᠯ᠎ᠠ ᠪᠠᠷ ᠬᠢ ᠬᠠᠮᠤᠭ ᠤᠨ ᠡᠮᠦᠨ᠎ᠡ ᠵᠠᠬ᠎ᠠ ᠶᠢᠨ᠂ ᠬᠠᠮᠤᠭ ᠤᠨ ᠡᠷᠬᠡ ᠰᠦᠷ ᠲᠠᠢ ᠮᠡᠳᠡᠯᠭᠡ ᠳᠤ ᠴᠢᠭᠯᠡᠭᠦᠯᠵᠦ᠂ ᠲᠦᠭᠦᠮ ᠣᠶᠢᠯᠠᠭᠠᠮᠵᠢᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠨᠠᠷᠢᠨ ᠬᠢᠨᠠᠮᠠᠭᠠᠢ ᠰᠣᠨᠣᠰᠴᠤ᠂ ᠶᠡᠭᠡ ᠤᠯᠠᠨ ᠠᠰᠢᠭ ᠬᠦᠷᠲᠡᠵᠡᠢ᠃      ︽ᠬᠠᠷᠰᠢᠮᠠᠲᠠᠭᠠᠢ ᠡᠪᠡᠳᠴᠢᠨ ᠢ ᠰᠡᠷᠭᠡᠶᠢᠯᠡᠨ ᠵᠠᠰᠠᠵᠤ ᠪᠣᠯᠣᠨ᠎ᠠ᠂ ᠣᠳᠣᠬᠠᠨ ᠳᠤ ᠳᠦᠷᠪᠡᠨ ᠵᠦᠢᠯ ᠤᠨ ᠵᠠᠰᠠᠬᠤ ᠠᠷᠭ᠎ᠠ ᠪᠠᠶᠢᠨ᠎ᠠ᠃ ᠨᠢᠭᠡ ᠳᠤ᠂ ᠣᠷᠴᠢᠨ ᠲᠣᠭᠤᠷᠢᠨ ᠢ ᠥᠭᠡᠷᠡᠴᠢᠯᠡᠬᠦ᠂ ᠲᠤᠬᠠᠶᠢᠯᠠᠪᠠᠯ ᠹᠢᠽᠢᠺ ᠤᠨ ᠲᠤᠰᠠᠭᠠᠷᠯᠠᠯ ᠢ ᠥᠭᠡᠷᠡᠴᠢᠯᠡᠨ᠎ᠡ᠂ ᠵᠢᠱᠢᠶᠡᠯᠡᠪᠡᠯ ᠬᠠᠷᠰᠢᠮᠠᠲᠠᠭᠠᠢ ᠶᠢᠨ ᠡᠬᠢ ᠦᠭᠡᠢ ᠬᠤᠳᠠ ᠶᠢᠨ ᠠᠮᠢᠳᠤᠷᠠᠯ ᠳᠤ ᠣᠴᠢᠬᠤ᠂ ᠭᠡᠷ ᠲᠡᠭᠡᠨ ᠰᠠᠷ᠎ᠠ ᠪᠦᠷᠢ ᠬᠠᠴᠢᠭ ᠠᠷᠢᠯᠭᠠᠬᠤ᠂ ᠠᠮᠠᠪᠴᠢ ᠪᠠ ᠴᠡᠴᠡᠭ ᠤᠨ ᠲᠣᠭᠤᠰᠣ ᠶᠢ ᠰᠡᠷᠭᠡᠶᠢᠯᠡᠬᠦ ᠨᠢᠳᠦᠨ ᠰᠢᠯ ᠵᠡᠭᠦᠬᠦ᠂ ᠴᠢᠨᠠᠭᠰᠢᠯᠠᠪᠠᠯ ᠲᠣᠯᠣᠭᠠᠢ ᠶᠢᠨ ᠳᠤᠭᠲᠤᠢ ᠵᠡᠭᠦᠬᠦ︔ ᠬᠤᠶᠠᠷ ᠲᠤ᠂ ᠸᠠᠺᠼᠢᠨ ᠤ ᠲᠠᠷᠢᠯᠭ᠎ᠠ ᠬᠢᠨ᠎ᠡ᠂ ᠣᠳᠣᠬᠠᠨ ᠳᠤ ᠨᠢᠭᠡᠨᠲᠡ ᠲᠣᠭᠤᠰᠣᠲᠤ ᠬᠠᠴᠢᠭ ᠤᠨ ᠸᠠᠺᠼᠢᠨ᠂ ᠴᠡᠴᠡᠭ ᠤᠨ ᠲᠣᠭᠤᠰᠣᠨ ᠤ ᠸᠠᠺᠼᠢᠨ ᠵᠡᠷᠭᠡ ᠬᠤᠷᠢ ᠭᠠᠷᠤᠢ ᠵᠦᠢᠯ ᠤᠨ ᠸᠠᠺᠼᠢᠨ ᠲᠠᠢ ᠪᠣᠯᠵᠠᠢ︔ ᠭᠤᠷᠪᠠ ᠳᠤ᠂ ᠤᠷᠲᠤ ᠬᠤᠭᠤᠴᠠᠭᠠᠨ ᠤ ᠦᠢᠯᠡᠳᠦᠯ ᠲᠠᠢ ᠬᠠᠷᠰᠢᠬᠤ ᠶᠢ ᠡᠰᠡᠷᠭᠦᠴᠡᠬᠦ ᠡᠮ ᠢ ᠤᠤᠭᠤᠨ᠎ᠠ᠃ ᠳᠥᠷᠪᠡ ᠳᠤ᠂ ᠣᠬᠤᠷ ᠦᠢᠯᠡᠳᠦᠯ ᠲᠠᠢ ᠬᠠᠷᠰᠢᠬᠤ ᠶᠢ ᠡᠰᠡᠷᠭᠦᠴᠡᠬᠦ ᠡᠮ ᠢ ᠤᠤᠭᠤᠨ᠎ᠠ᠃ ᠳᠥᠷᠪᠡᠨ ᠵᠦᠢᠯ ᠤᠨ ᠵᠠᠰᠠᠯᠭ᠎ᠠ ᠶᠢᠨ ᠠᠷᠭ᠎ᠠ ᠶᠢ ᠵᠥᠪᠬᠡᠨ ᠲᠡᠭᠦᠨ ᠤ ᠳᠣᠲᠣᠷᠠᠬᠢ ᠨᠢᠭᠡ ᠶᠢ ᠨᠢ ᠰᠣᠩᠭᠤᠵᠤ ᠪᠣᠯᠬᠤ ᠦᠭᠡᠢ᠂ ᠬᠠᠮᠲᠤᠷᠠᠭᠤᠯᠤᠨ ᠬᠡᠷᠡᠭᠯᠡᠪᠡᠯ ᠦᠷ᠎ᠡ ᠳ᠋ᠦᠩ ᠨᠢ ᠨᠡᠩ ᠰᠠᠶᠢᠨ ᠪᠠᠶᠢᠳᠠᠭ᠃ ᠡᠭᠦᠨ ᠤ ᠵᠡᠷᠭᠡ ᠳᠤ᠂ ᠬᠠᠷᠰᠢᠬᠤ ᠪᠣᠯ ᠤᠳᠠᠭᠠᠨ ᠴᠢᠨᠠᠷᠲᠠᠢ ᠡᠪᠡᠳᠴᠢᠨ ᠮᠥᠨ ᠪᠣᠯᠬᠤᠷ ᠡᠷᠬᠡᠪᠰᠢ ᠣᠷᠳᠣ ᠬᠤᠭᠤᠴᠠᠭ᠎ᠠ ᠪᠠᠷ ᠡᠮᠨᠡᠨ ᠵᠠᠰᠠᠵᠤ᠂ ᠦᠷᠭᠦᠯᠵᠢᠯᠡᠨ ᠡᠮᠨᠡᠨ ᠵᠠᠰᠠᠬᠤ ᠬᠡᠷᠡᠭᠲᠡᠢ︾ ᠭᠡᠵᠦ ᠨᠡᠶᠢᠰᠯᠡᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠱᠢ ᠵᠢᠢ ᠲᠠᠨ ᠡᠮᠨᠡᠯᠭᠡ ᠶᠢᠨ ᠬᠤᠷᠢᠶᠠᠨ ᠤ ᠬᠤᠪᠢᠷᠠᠮᠠᠯ ᠤᠷᠪᠠᠯ ᠤᠨ ᠰᠠᠯᠠᠭᠠᠨ ᠤ ᠡᠷᠬᠢᠯᠡᠭᠴᠢ ᠸᠠᠩ ᠬᠤᠩ ᠲᠢᠶᠠᠨ ᠲᠠᠨᠢᠯᠴᠠᠭᠤᠯᠪᠠ᠃      ᠣᠶᠢᠷ᠎ᠠ ᠶᠢᠨ ᠵᠢᠯ ᠳᠤ᠂ ᠪᠡᠭᠡᠵᠢᠩ ᠤᠨ ᠱᠢ ᠵᠢᠢ ᠲᠠᠨ ᠡᠮᠨᠡᠯᠭᠡ ᠶᠢᠨ ᠬᠤᠷᠢᠶ᠎ᠠ ᠶᠢᠨ ᠬᠤᠪᠢᠷᠠᠮᠠᠯ ᠤᠷᠪᠠᠯ ᠤᠨ ᠲᠥᠪ ᠮᠡᠷᠭᠡᠵᠢᠯ ᠢᠶᠠᠷ ᠬᠠᠪᠰᠤᠷᠤᠨ ᠳᠠᠭᠠᠭᠤᠯᠬᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ᠂ ᠵᠢᠷᠤᠮᠵᠢᠭᠤᠯᠤᠨ ᠪᠣᠯᠪᠠᠰᠤᠷᠠᠭᠤᠯᠬᠤ᠂ ᠡᠷᠡᠭᠦᠯ ᠮᠡᠨᠳᠦ ᠶᠢᠨ ᠤᠬᠠᠭᠤᠯᠤᠨ ᠲᠠᠶᠢᠯᠪᠤᠷᠢᠯᠠᠬᠤ ᠪᠠ ᠬᠥᠮᠥᠨ ᠰᠣᠩᠭᠤᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠬᠤᠪᠢᠷᠠᠮᠠᠯ ᠤᠷᠪᠠᠯ ᠤᠨ ᠰᠠᠯᠠᠭ᠎ᠠ ᠭᠠᠷᠭᠠᠵᠤ᠂ ᠮᠠᠨ ᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠨᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠬᠠᠷᠰᠢᠮᠠᠲᠠᠭᠠᠢ ᠡᠪᠡᠳᠴᠢᠲᠡᠨ ᠢ ᠬᠠᠪᠰᠤᠷᠤᠨ ᠠᠮᠢᠳᠤᠷᠠᠯ ᠤᠨ ᠴᠢᠨᠠᠷ ᠴᠢᠨᠰᠠᠭ᠎ᠠ ᠶᠢ  ᠨᠢ ᠳᠡᠭᠡᠭᠰᠢᠯᠡᠭᠦᠯᠵᠦ᠂ ᠡᠪᠡᠳᠴᠢᠨ ᠦᠵᠡᠭᠦᠯᠬᠦ ᠳᠠᠷᠤᠭᠠᠰᠤ ᠶᠢ ᠨᠢ ᠬᠥᠩᠭᠡᠯᠡᠨ᠂ ᠮᠠᠨ ᠤ ᠰᠢᠶᠠᠨ ᠤ ᠣᠯᠠᠨ ᠲᠦᠮᠡᠨ ᠳᠤ ᠠᠵᠠ ᠵᠢᠷᠭᠠᠯ ᠠᠪᠴᠢᠷᠠᠵᠤ ᠥᠭᠭᠦᠭᠰᠡᠨ ᠪᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1