ᠮᠡᠳᠡᠭᠳᠡᠯ
ᠨᠡᠶᠢᠲᠡᠯᠡᠭᠰᠡᠨ ᠴᠠᠭ᠄
2023/7/7
                        ᠮᠡᠳᠡᠭᠳᠡᠯ      ᠲᠣᠭᠲᠠᠬᠤ ᠰᠢᠶᠠᠨ ᠤ ᠣᠷᠴᠢᠨ ᠠᠬᠤᠢ ᠶᠢᠨ ᠠᠰᠠᠭᠤᠳᠠᠯ ᠢ ᠰᠠᠶᠢᠵᠢᠷᠠᠭᠤᠯᠬᠤ ᠶᠢᠨ ᠲᠥᠯᠥᠭᠡ᠂ ᠤᠯᠤᠰ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠠᠩᠭᠠᠵᠤ᠂ ᠮᠠᠨ ᠤ ᠰᠢᠶᠠᠨ ᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠴᠢᠳᠠᠪᠤᠷᠢ ᠶᠢ ᠪᠦᠲᠦᠮᠵᠢᠲᠡᠶ ᠪᠠᠷ  ᠲᠡᠭᠡᠭᠰᠢᠯᠡᠭᠦᠯᠬᠦ ᠶᠢᠨ ᠲᠦᠯᠦᠭᠡ᠂ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠤ ᠦᠢᠯᠡᠳᠪᠦᠷᠢ ᠠᠴᠠ ᠲᠣᠭᠲᠠᠬᠤ ᠰᠢᠶᠠᠨ ᠤ ᠬᠤᠲᠠ ᠶᠢᠨ ᠳᠠᠷᠤᠭ᠎ᠠ ᠬᠦᠷᠬᠦ ᠢᠯᠴᠢ ᠳᠠᠮᠵᠢᠭᠤᠯᠬᠤ ᠬᠤᠭᠤᠯᠠᠢ ᠶᠢᠨ ᠲᠣᠣᠷ ᠤᠨ ᠢᠨᠵᠧᠨᠧᠷᠢᠩ︾ ᠢ ᠡᠬᠢᠯᠡᠭᠦᠯᠪᠡ᠃ ᠪᠠᠷᠢᠯᠭ᠎ᠠ ᠶᠢᠨ ᠬᠤᠭᠤᠴᠠᠭᠠᠨ ᠤ ᠱᠠᠭᠠᠷᠳᠠᠯᠭ᠎ᠠ ᠶᠣᠰᠣᠭᠠᠷ᠂ 2023 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ 2023 ᠣᠨ ᠤ 7 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠲᠤᠭᠳᠠᠬᠤ ᠴᠢᠩ ᠱᠦᠢ ᠾᠧ ᠠᠵᠤ ᠦᠢᠯᠡᠳᠪᠦᠷᠢ ᠶᠢᠨ ᠬᠦᠷᠢᠶᠡᠯᠡᠩ ᠤᠨ ᠹᠦ᠋ ᠰᠢᠩ ᠵᠠᠮ᠂ ᠮᠢᠩ ᠵᠦ ᠵᠠᠮ᠂ ᠬᠠᠮᠢᠶᠠᠷᠤᠯᠲᠠ ᠶᠢᠨ ᠵᠥᠪᠯᠡᠯ ᠤᠨ ᠶᠡᠭᠡ ᠵᠡᠭᠡᠯᠢ᠂ ᠵᠢᠶᠠ ᠶᠤᠸᠠᠨ ᠵᠠᠮ ᠳᠤ ᠵᠠᠮ ᠤᠨ ᠬᠤᠭᠤᠯᠠᠢ ᠶᠢᠨ ᠲᠣᠣᠷ ᠪᠤᠯᠠᠬᠤ ᠠᠵᠢᠯ ᠬᠢᠬᠦ ᠪᠠᠷ ᠲᠥᠯᠥᠪᠯᠡᠵᠦ ᠪᠣᠶ᠃      ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠭᠠᠳᠠᠭᠰᠢ ᠭᠠᠷᠬᠤ ᠪᠡᠯᠡᠳᠬᠡᠯ ᠢᠶᠠᠨ ᠤᠷᠢᠳᠴᠢᠯᠠᠨ ᠰᠠᠶᠢᠲᠤᠷ ᠬᠢᠬᠦ ᠶᠢ ᠬᠦᠰᠡᠵᠦ ᠪᠠᠶᠢᠨ᠎ᠠ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠥᠷᠭᠡᠨ ᠣᠯᠠᠨ ᠰᠠᠭᠤᠭᠠᠯᠢ ᠠᠷᠠᠳ ᠲᠤ ᠶᠠᠷᠰᠢᠭ ᠲᠦᠪᠡᠭ ᠤᠴᠠᠷᠠᠭᠤᠯᠤᠭᠰᠠᠨ ᠢ ᠠᠭᠤᠴᠢᠯᠠᠬᠤ ᠪᠣᠯᠪᠠᠤ᠂ ᠬᠠᠮᠵᠢᠯᠴᠠᠭᠰᠠᠨ ᠳᠤ ᠴᠢᠨᠢ ᠲᠠᠯᠠᠷᠬᠠᠵᠤ ᠪᠠᠶᠢᠨ᠎ᠠ︕      ᠲᠣᠭᠲᠠᠬᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                 2023 ᠣᠨ ᠤ 7  ᠳ᠋ᠤᠭᠠᠷ ᠰᠠᠷ᠎ᠠ ᠶᠢᠨ 6 ᠤ ᠡᠳᠦᠷᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1