ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠠᠷᠪᠠᠨ | ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠣᠭᠤᠷᠢᠨ | ᠪᠠᠶᠢᠴᠠᠭᠠᠵᠤ ᠬᠠᠷᠢᠭᠤ ᠲᠤᠰᠬᠠᠬᠤ ᠠᠵᠢᠯ ᠢ ᠴᠥᠮ ᠪᠡᠶᠡᠯᠡᠭᠦᠯᠪᠡ᠃ ᠲᠣᠰ ᠡᠭᠡᠯᠵᠢ ᠶᠢᠨ ᠴᠠᠭᠳᠠᠨ ᠪᠠᠶᠢᠴᠠᠭᠠᠵᠤ | ᠬᠠᠷᠢᠭᠤ ᠲᠤᠰᠬᠠᠬᠤ ᠶᠢ ᠲᠥᠪᠯᠡᠷᠡᠭᠦᠯᠦᠨ ᠬᠠᠷᠢᠭᠤ ᠲᠤᠰᠬᠠᠬᠤ ᠪᠠ ︽ᠨᠢᠭᠡ ᠳᠤ ᠨᠢᠭᠡ ᠶᠢᠨ︾ ᠬᠠᠷᠢᠭᠤ | ᠲᠤᠰᠬᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ | 6 ᠳ᠋ᠤᠭᠠᠷ ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ | ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ ᠢ | ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠲᠣᠭᠤᠷᠢᠨ ᠪᠠᠶᠢᠴᠠᠭᠠᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠰᠢᠶᠠᠨ ᠤ ᠨᠠᠮ ᠤᠨ | ᠬᠤᠷᠢᠶᠠᠨ ᠤ ᠱᠦᠵᠢ ᠶᠢᠨ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ | ᠪᠠᠶᠢᠴᠠᠭᠠᠭᠠᠳ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠮᠡᠳᠡᠭᠳᠡᠵᠦ᠂ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠳᠤ ᠲᠥᠪᠯᠡᠷᠡᠩᠭᠦᠢ ᠪᠠᠶᠢᠷᠢᠯᠠᠭᠤᠯᠤᠯᠲᠠ ᠬᠢᠵᠡᠢ᠃ | ᠬᠠᠷᠢᠭᠤ ᠲᠤᠰᠬᠠᠯ ᠳᠤ ᠵᠢᠭᠠᠵᠤ ᠭᠠᠷᠭᠠᠭᠰᠠᠨ ᠨᠢ᠂ ᠡᠯ᠎ᠡ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ | ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ | ᠵᠦᠢᠯ ᠤᠨ ᠠᠵᠢᠯ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠶᠡᠷᠦᠩᠬᠡᠢ ᠳᠡᠭᠡᠨ ᠨᠠᠷᠢᠨ ᠬᠢᠨᠠᠮᠠᠭᠠᠢ | ᠬᠠᠷᠢᠭᠤᠴᠠᠭᠰᠠᠨ᠂ ᠢᠳᠡᠪᠬᠢᠲᠡᠢ ᠪᠠᠷ ᠥᠭᠡᠳᠡᠯᠡᠨ ᠲᠠᠪᠰᠢᠬᠰᠠᠨ ᠰᠠᠶᠢᠨ ᠰᠠᠶᠢᠬᠠᠨ ᠪᠠᠶᠢᠳᠠᠯ ᠢᠯᠡᠷᠡᠵᠡᠢ᠃ | ᠬᠠᠷᠢᠭᠤ ᠲᠤᠰᠬᠠᠯ ᠳᠤ ᠪᠠᠰᠠ ᠴᠠᠭᠳᠠᠨ ᠪᠠᠶᠢᠴᠠᠭᠠᠭᠠᠳ ᠢᠯᠡᠷᠡᠭᠦᠯᠦᠭᠰᠡᠨ ᠲᠣᠪᠣᠶᠢᠮ᠎ᠠ ᠠᠰᠠᠭᠤᠳᠠᠯ ᠢ ᠵᠢᠭᠠᠵᠤ | ᠭᠠᠷᠭᠠᠪᠠ᠃ ᠵᠠᠷᠢᠮ ᠨᠢ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠬᠦᠷᠦᠯᠴᠡᠬᠦ ᠦᠭᠡᠢ᠂ | ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ ᠰᠤᠳᠤᠯᠭᠠᠨ ᠳᠤ ᠬᠦᠷᠦᠯᠴᠡᠬᠦ ᠦᠭᠡᠢ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠬᠦᠷᠦᠯᠴᠡᠬᠦ ᠦᠭᠡᠢ᠂ ᠡᠭᠦᠷᠭᠡ ᠴᠢᠳᠠᠪᠬᠢ ᠶᠢᠨ | ᠬᠠᠷᠢᠭᠤᠴᠠᠯᠭ᠎ᠠ ᠪᠠᠨ ᠭᠦᠢᠴᠡᠳᠬᠡᠬᠦ ᠨᠢ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠲᠠᠢ ᠪᠠᠰᠠ ᠵᠥᠷᠢᠶ᠎ᠡ ᠲᠠᠢ ᠪᠠᠶᠢᠨ᠎ᠠ︔ | ᠵᠠᠷᠢᠮ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠳᠠᠷᠤᠯᠲᠠ ᠶᠢ ᠳᠠᠮᠵᠢᠭᠤᠯᠤᠭᠰᠠᠨ ᠢᠶᠠᠷ ᠬᠦᠷᠦᠯᠴᠡᠬᠦ ᠦᠭᠡᠢ᠂ | ᠵᠠᠷᠢᠮ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠠᠷᠢᠭᠤᠨ ᠴᠢᠬᠡᠴᠢ ᠪᠠᠷ ᠵᠠᠰᠠᠭ | ᠪᠠᠷᠢᠬᠤ ᠠᠶᠤᠯ ᠲᠦᠭᠰᠢᠭᠦᠷᠢ ᠣᠷᠣᠰᠢᠵᠤ ᠪᠠᠶᠢᠨ᠎ᠠ︔ ᠵᠠᠷᠢᠮ ᠨᠢ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ | ᠬᠡᠷᠡᠭᠵᠢᠭᠦᠯᠬᠦ ᠦᠭᠡᠢ ᠪᠠᠶᠢᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠶᠠᠪᠤᠳᠠᠯ ᠳᠤ ᠬᠠᠮᠲᠤ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠨᠠᠶᠢᠳᠠᠪᠤᠷᠢᠵᠢᠭᠤᠯᠬᠤ ᠶᠠᠪᠤᠳᠠᠯ ᠢ ᠴᠢᠩᠭᠠᠳᠬᠠᠬᠤ ᠴᠢᠬᠤᠯᠠᠲᠠᠢ | ᠪᠠᠶᠢᠨ᠎ᠠ︔ ᠵᠠᠷᠢᠮ ᠨᠢ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠲᠦᠮᠡᠨ ᠳᠤ ᠦᠢᠯᠡᠴᠢᠯᠡᠬᠦ ᠣᠪᠣᠷ | ᠰᠤᠷᠲᠠᠯ ᠨᠢ ᠦᠨᠡᠨ ᠪᠣᠳᠠᠲᠠᠢ ᠪᠢᠰᠢ︔ ᠵᠠᠷᠢᠮ ᠤᠨ ᠬᠢᠨᠢ ᠪᠡᠯᠡ ᠮᠥᠩᠭᠦ ᠶᠢ ᠬᠠᠮᠢᠶᠠᠷᠴᠤ᠂ ᠡᠳ᠋ ᠬᠥᠷᠥᠩᠭᠡ ᠶᠢ | ᠰᠢᠢᠳᠪᠦᠷᠢᠯᠡᠬᠦ ᠲᠠᠯ᠎ᠠ ᠪᠠᠷ ᠲᠡᠶᠢᠮᠦ ᠵᠢᠷᠤᠮᠵᠢᠭᠤᠨ ᠪᠢᠰᠢ ᠪᠠᠶᠢᠨ᠎ᠠ︔ ᠵᠠᠷᠢᠮ ᠨᠠᠮ ᠤᠨ ᠪᠠᠶᠢᠭᠤᠯᠤᠯᠲᠠ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠨᠠᠮ ᠤᠨ | ᠪᠠᠶᠢᠭᠤᠯᠤᠯᠲᠠ ᠶᠢᠨ ᠠᠵᠢᠯ ᠪᠣᠯᠣᠨ ᠲᠤᠬᠠᠶᠢᠯᠠᠭᠰᠠᠨ ᠠᠵᠢᠯ ᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ | ᠨᠠᠶᠢᠳᠠᠪᠤᠷᠢᠵᠢᠭᠤᠯᠵᠤ ᠴᠢᠳᠠᠭᠰᠠᠨ ᠦᠭᠡᠢ᠃ | ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ | ᠴᠣᠭᠴᠠ ᠶᠢᠨ ᠬᠠᠷᠢᠭᠤᠴᠠᠯᠭ᠎ᠠ ᠵᠢᠴᠢ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠦᠷᠦᠭᠦᠯᠡᠨ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠰᠢᠯᠲᠠᠭᠠᠨ ᠢ | ᠵᠠᠳᠠᠯᠵᠤ᠂ ᠤᠭ ᠦᠨᠳᠦᠰᠦ ᠶᠢ ᠨᠢ ᠭᠦᠨᠵᠡᠭᠡᠢ ᠠᠭᠤᠳᠠᠯᠵᠤ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ | ᠠᠳᠬᠤᠬᠤ ᠬᠡᠷᠡᠭᠲᠡᠢ ᠭᠡᠵᠦ ᠢᠯᠡᠳᠬᠡᠪᠡ᠃ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ | ᠥᠭᠡᠷᠡᠴᠢᠯᠡᠬᠦ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠨᠠᠷᠢᠨ ᠬᠢᠨᠠᠮᠠᠭᠠᠢ ᠲᠣᠭᠲᠠᠭᠠᠵᠤ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠪᠠ | ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠯᠡᠬᠦ ᠶᠢ ᠤᠶᠠᠯᠳᠤᠭᠤᠯᠬᠤ ᠶᠢ | ᠰᠠᠶᠢᠲᠤᠷ ᠠᠳᠬᠤᠵᠤ᠂ ᠠᠰᠠᠭᠤᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠣᠭᠲᠠᠴᠠ ᠶᠢ ᠪᠠᠶᠢᠭᠤᠯᠤᠨ | ᠰᠠᠶᠢᠵᠢᠷᠠᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠡᠳᠦᠷ ᠲᠤᠳᠤᠮ ᠤᠨ ᠠᠵᠢᠯ᠂ ᠤᠳᠤᠷᠢᠳᠬᠤ ᠪᠠᠭ ᠢ ᠠᠳᠬᠤᠵᠤ ᠡᠩᠨᠡᠭᠡ ᠶᠢ ᠳᠠᠭᠠᠭᠤᠯᠬᠤ ᠲᠠᠢ | ᠤᠬᠠᠮᠰᠠᠷ ᠠᠴᠠ ᠪᠠᠨ ᠤᠶᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠬᠡᠷᠡᠭᠲᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |